ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ | ᠬᠠᠮᠢᠶᠠᠷᠤᠯᠲᠠ ᠶᠢᠨ ᠳᠦᠷᠢᠮ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠵᠦᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠬᠤ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ ᠳᠤᠷ᠎ᠠ ᠪᠠᠷ ᠢᠶᠠᠨ ᠤᠰᠤ | ᠳᠠᠳᠠᠭᠰᠠᠨ ᠪᠤᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠵᠢᠷᠠ ᠶᠢᠰᠦᠳᠦᠭᠡᠷ ᠵᠤᠷᠪᠤᠰ ᠪᠠ ︽ᠤᠰᠤ ᠲᠠᠲᠠᠬᠤ | ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠤᠨ ᠲᠠᠪᠢᠨ ᠭᠤᠷᠪᠠᠳᠤᠭᠠᠷ ᠵᠤᠷᠪᠤᠰ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠤᠶᠤ ᠬᠠᠮᠢᠶ᠎ᠠ ᠪᠦᠬᠦᠢ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ | ᠬᠤᠭᠤᠴᠠᠭ᠎ᠠ ᠬᠢᠵᠠᠭᠠᠷᠯᠠᠨ ᠨᠥᠬᠦᠪᠦᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠬᠤ ᠶᠢᠨ ᠬᠠᠮᠲᠤ᠂ ᠤᠰᠤ ᠲᠠᠲᠠᠬᠤ ᠬᠠᠮᠤᠭ ᠶᠡᠭᠡ ᠬᠡᠮᠵᠢᠶ᠎ᠡ ᠪᠠᠷ ᠲᠡᠭᠦᠨ ᠤ ᠤᠰᠤ ᠳᠠᠳᠠᠬᠤ ᠬᠡᠮᠵᠢᠶ᠎ᠡ ᠶᠢ ᠬᠢᠨᠠᠨ ᠲᠣᠭᠲᠠᠭᠠᠵᠤ᠂ ᠤᠰᠤᠨ ᠤ | ᠡᠬᠢ ᠪᠠᠶᠠᠯᠢᠭ ᠤᠨ ᠭᠠᠶᠢᠯᠢ ᠶᠢ ᠨᠥᠬᠦᠵᠦ ᠲᠤᠰᠢᠶᠠᠯᠭᠠᠨ᠎ᠠ᠃ | ᠬᠤᠶᠠᠷ᠂ ᠲᠣᠭᠲᠠᠭᠠᠯ ᠠᠴᠠ ᠵᠥᠷᠢᠴᠡᠨ ᠬᠤᠳᠳᠤᠭ ᠮᠠᠯᠲᠠᠬᠤ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ ᠳᠤᠷ᠎ᠠ ᠪᠠᠷ ᠢᠶᠠᠨ ᠮᠠᠯᠳᠠᠪᠠᠯ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠤᠨ ᠭᠤᠴᠢᠨ | ᠨᠠᠢᠮᠠᠳᠤᠭᠠᠷ ᠵᠤᠷᠪᠤᠰ ᠪᠠ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠤᠨ | ᠳᠥᠴᠢ ᠶᠢᠰᠦᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠡᠭᠦᠨ ᠢ ᠵᠠᠷᠯᠢᠭᠳᠠᠵᠤ ᠪᠠᠶᠢᠭᠠᠳ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠥᠬᠦᠵᠦ ᠬᠢᠯᠭᠡᠨ᠎ᠡ︔ | ᠬᠤᠭᠤᠴᠠᠭ᠎ᠠ ᠨᠢ ᠬᠡᠳᠦᠷᠡᠭᠡᠳ ᠨᠥᠬᠦᠵᠦ ᠭᠦᠢᠴᠡᠳᠬᠡᠭᠰᠡᠨ ᠦᠭᠡᠢ ᠪᠤᠶᠤ ᠨᠥᠬᠦᠵᠦ ᠭᠦᠢᠴᠡᠳᠬᠡᠭᠡᠳ ᠵᠥᠪᠰᠢᠶᠡᠷᠡᠭᠳᠡᠭᠰᠡᠨ ᠦᠭᠡᠢ ᠪᠠᠶᠢᠪᠠᠯ᠂ ᠵᠠᠷᠯᠢᠭᠳᠠᠵᠤ | ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠪᠤᠶᠤ ᠪᠢᠲᠡᠭᠦᠮᠵᠢᠯᠡᠭᠦᠯᠦᠨ᠎ᠡ︔ ᠬᠤᠭᠤᠴᠠᠭ᠎ᠠ ᠨᠢ ᠬᠡᠳᠦᠷᠡᠭᠡᠳ ᠨᠤᠷᠠᠭᠠᠬᠤ ᠦᠭᠡᠢ ᠪᠤᠶᠤ ᠪᠢᠲᠡᠭᠦᠮᠵᠢᠯᠡᠬᠦ | ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠳᠤᠪᠴᠢᠶᠠᠨ ᠠᠴᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠯᠭ᠎ᠠ ᠪᠠᠷ | ᠨᠤᠷᠠᠭᠠᠬᠤ ᠪᠤᠶᠤ ᠪᠢᠲᠡᠭᠦᠮᠵᠢᠯᠡᠭᠦᠯᠵᠦ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠢᠶᠠᠷ ᠡᠭᠦᠷᠭᠡᠯᠡᠭᠦᠯᠵᠦ᠂ 5 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ | ᠭᠤᠷᠪᠠ᠂ ᠱᠠᠭᠠᠷᠳᠠᠯᠭ᠎ᠠ ᠶᠣᠰᠣᠭᠠᠷ ᠬᠡᠮᠵᠢᠯᠲᠡ ᠶᠢᠨ ᠳᠦᠬᠦᠭᠡᠷᠤᠮᠵᠢ ᠤᠭᠰᠠᠷᠠᠭᠤᠯᠤᠭᠰᠠᠨ ᠦᠭᠡᠢ ᠪᠠᠷ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠦᠶᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ ᠬᠡᠮᠵᠢᠯᠳᠡ ᠶᠢᠨ ᠳᠦᠬᠦᠭᠡᠷᠦᠮᠵᠢ ᠤᠭᠰᠠᠷᠠᠭᠤᠯᠤᠭᠰᠠᠨ ᠦᠭᠡᠢ ᠪᠠᠷ ᠳᠤᠷ᠎ᠠ ᠪᠠᠷ ᠤᠰᠤ ᠳᠠᠳᠠᠭᠰᠠᠨ ᠪᠤᠯ ︽ | ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠲᠠᠪᠢᠨ ᠵᠢᠷᠭᠤᠳᠤᠭᠠᠷ ᠵᠤᠷᠪᠤᠰ ᠢ ᠦᠨᠳᠦᠰᠦᠯᠡᠨ᠂ ᠬᠤᠰᠢᠭᠤᠨ ᠤ ᠤᠰᠤᠨ ᠠᠰᠢᠭᠯᠠᠯᠲᠠ ᠶᠢᠨ | ᠳᠤᠪᠴᠢᠶᠠᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠭᠰᠠᠷᠠᠭᠤᠯᠬᠤ ᠶᠢᠨ ᠬᠠᠮᠲᠤ᠂ ᠡᠳᠦᠷ ᠤᠨ ᠬᠠᠮᠤᠭ ᠶᠡᠭᠡ ᠤᠰᠤ ᠲᠠᠲᠠᠬᠤ ᠬᠡᠮᠵᠢᠶ᠎ᠡ ᠪᠠᠷ | ᠲᠡᠭᠦᠨ ᠤ ᠳᠠᠳᠠᠬᠤ ᠬᠡᠮᠵᠢᠶ᠎ᠡ ᠶᠢ ᠳᠤᠭᠳᠠᠭᠠᠨ ᠬᠠᠮᠢᠶ᠎ᠠ ᠪᠦᠬᠦᠢ ᠵᠠᠷᠤᠳᠠᠯ ᠢ ᠬᠤᠷᠢᠶᠠᠵᠦ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠦ ᠬᠦᠴᠦᠨ ᠦᠭᠡᠢ ᠪᠤᠯᠭᠠᠨ᠎ᠠ᠃ | ᠬᠡᠮᠵᠢᠯᠲᠡ ᠶᠢᠨ ᠲᠥᠬᠦᠭᠡᠷᠦᠮᠵᠢ ᠨᠢ ᠬᠢᠷᠢ ᠲᠡᠩᠴᠡᠭᠦ ᠦᠭᠡᠢ ᠪᠤᠶᠤ ᠡᠷᠬᠢᠯᠳᠡ ᠨᠢ ᠬᠡᠪ ᠤᠨ ᠪᠤᠰᠤ ᠪᠠᠶᠢᠪᠠᠯ᠂ ᠬᠤᠰᠢᠭᠤᠨ ᠤ ᠤᠰᠤᠨ ᠤ ᠠᠰᠢᠭᠯᠠᠯᠲᠠ ᠶᠢᠨ | ᠲᠣᠪᠴᠢᠶ᠎ᠠ ᠠᠴᠠ ᠬᠤᠭᠤᠴᠠᠭ᠎ᠠ ᠲᠣᠭᠲᠠᠭᠠᠨ ᠰᠣᠯᠢᠬᠤ ᠪᠤᠶᠤ ᠵᠠᠰᠠᠨ ᠰᠡᠷᠭᠦᠭᠡᠬᠦ ᠶᠢ ᠵᠠᠷᠯᠢᠭᠳᠠᠨ᠎ᠠ︔ ᠬᠤᠭᠤᠴᠠᠭ᠎ᠠ ᠨᠢ ᠬᠡᠳᠦᠷᠡᠭᠡᠳ ᠰᠣᠯᠢᠭᠰᠠᠨ ᠦᠭᠡᠢ ᠪᠤᠶᠤ | ᠵᠠᠰᠠᠵᠤ ᠰᠡᠷᠭᠦᠭᠡᠭᠰᠡᠨ ᠦᠭᠡᠢ ᠪᠠᠶᠢᠪᠠᠯ᠂ ᠡᠳᠦᠷ ᠤᠨ ᠬᠠᠮᠤᠭ ᠶᠡᠭᠡ ᠤᠰᠤ ᠲᠠᠲᠠᠬᠤ ᠴᠢᠳᠠᠪᠤᠷᠢ ᠪᠠᠷ ᠤᠰᠤ ᠳᠠᠳᠠᠬᠤ ᠬᠡᠮᠵᠢᠶ᠎ᠡ ᠶᠢ ᠲᠤᠭᠠᠴᠢᠨ ᠬᠤᠯᠪᠣᠭᠳᠠᠯ ᠪᠦᠬᠦᠢ | ᠵᠠᠷᠤᠳᠠᠯ ᠬᠤᠷᠢᠶᠠᠵᠦ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ | ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | ᠳᠥᠷᠪᠡ᠂ ᠬᠡᠷᠡᠭᠯᠡᠭᠡᠨ ᠠᠴᠠ ᠭᠠᠷᠭᠠᠭᠰᠠᠨ᠂ ᠬᠡᠷᠡᠭᠯᠡᠬᠦ ᠪᠠᠨ ᠪᠤᠯᠢᠭᠰᠠᠨ ᠪᠤᠶᠤ ᠤᠰᠤ ᠲᠠᠲᠠᠬᠤ ᠪᠠᠨ ᠬᠠᠤᠯᠢ ᠶᠣᠰᠣᠭᠠᠷ ᠵᠣᠭᠰᠤᠭᠠᠬᠤ ᠶᠣᠰᠣᠲᠠᠢ ᠤᠰᠤ | ᠲᠠᠲᠠᠬᠤ ᠬᠤᠳᠳᠤᠭ ᠢ ᠲᠣᠭᠲᠠᠭᠠᠯ ᠶᠣᠰᠣᠭᠠᠷ ᠪᠢᠳᠡᠭᠦᠮᠵᠢᠯᠡᠬᠦ ᠦᠭᠡᠢ ᠪᠤᠶᠤ ᠡᠬᠡᠭᠦᠯᠦᠨ ᠪᠦᠭᠯᠡᠬᠦ ᠦᠭᠡᠢ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ | ᠡᠶᠢᠮᠦᠷᠬᠦᠦ ᠦᠢᠯᠡ ᠠᠵᠢᠯᠯᠠᠭ᠎ᠠ ᠲᠠᠢ ᠪᠤᠯ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠳᠥᠴᠢ ᠶᠢᠰᠦᠳᠦᠭᠡᠷ ᠵᠤᠷᠪᠤᠰ᠂ ᠲᠠᠪᠢᠨ | ᠨᠠᠢᠮᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠳᠳᠤᠭ ᠢ ᠪᠢᠲᠡᠭᠦᠮᠵᠢᠯᠡᠬᠦ ᠪᠤᠶᠤ ᠡᠬᠡᠭᠦᠯᠦᠨ ᠪᠦᠭᠯᠡᠭᠦᠯᠵᠦ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠨ᠎ᠠ︔ ᠬᠤᠳᠳᠤᠭ ᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠬᠦᠴᠦᠨ ᠴᠢᠳᠠᠯ ᠦᠭᠡᠢ ᠪᠤᠯ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠳᠳᠤᠭ ᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠦᠢᠯᠡ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠬᠡᠷᠡᠭᠰᠡᠬᠦ ᠵᠠᠷᠤᠳᠠᠯ ᠢ ᠬᠠᠤᠯᠢ ᠵᠦᠷᠢᠴᠡᠭᠰᠡᠳ ᠡᠭᠦᠷᠭᠡᠯᠡᠨ᠎ᠡ᠃ | ᠲᠠᠪᠤ᠂ ᠡᠯ᠎ᠡ ᠨᠡᠭᠡᠭᠡᠯᠲᠡ ᠶᠢᠨ ᠲᠣᠭᠤᠷᠢᠭ᠂ ᠰᠤᠮᠤ ᠪᠠᠯᠭᠠᠰᠤ ᠵᠡᠭᠡᠯᠢ ᠭᠤᠳᠤᠮᠵᠢ ᠨᠤᠭᠤᠳ ᠬᠠᠷᠢᠶ᠎ᠠ ᠭᠠᠵᠠᠷ ᠤᠨ ᠤᠰᠤ ᠲᠠᠲᠠᠵᠤ ᠬᠡᠷᠡᠭᠯᠡᠬᠦ ᠠᠵᠤ ᠠᠬᠤᠶᠢᠯᠠᠯ ︵ | ᠡᠷᠦᠬᠡ︶ ᠳᠤ ᠬᠢᠨᠠᠯᠲᠠ ᠲᠠᠯᠪᠢᠨ ᠬᠠᠮᠢᠶᠠᠷᠤᠯᠲᠠ ᠬᠢᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠤᠰᠤ ᠪᠠᠷ ᠤᠰᠤ ᠲᠠᠲᠠᠬᠤ᠂ ᠲᠣᠭᠲᠠᠭᠠᠯ ᠠᠴᠠ | ᠵᠥᠷᠢᠴᠡᠨ ᠬᠤᠳᠳᠤᠭ ᠮᠠᠯᠲᠠᠬᠤ᠂ ᠬᠡᠮᠵᠢᠶ᠎ᠡ ᠶᠣᠰᠣᠭᠠᠷ ᠤᠰᠤ ᠲᠠᠲᠠᠬᠤ ᠦᠭᠡᠢ᠂ ᠬᠡᠷᠡᠭᠯᠡᠭᠡᠨ ᠠᠴᠠ ᠭᠠᠷᠭᠠᠭᠰᠠᠨ ᠬᠤᠳᠳᠤᠭ ᠢ ᠴᠠᠭ ᠲᠤᠬᠠᠢ ᠳᠤᠨᠢ ᠡᠭᠡᠭᠦᠯᠦᠨ | ᠪᠥᠭᠯᠡᠬᠦ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠵᠤ᠂ ᠤᠰᠤᠨ ᠤ ᠡᠬᠢ ᠪᠠᠶᠠᠯᠢᠭ ᠤᠨ | ᠦᠷᠭᠦᠯᠵᠢᠯᠡᠨ ᠰᠠᠶᠢᠳᠤᠷ ᠬᠥᠭᠵᠢᠬᠦ ᠶᠢ ᠪᠠᠳᠤᠯᠠᠨ᠎ᠠ᠃ | ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠭᠠᠵᠠᠷ ᠳᠣᠣᠷᠠᠬᠢ ᠤᠰᠤ ᠶᠢ ᠬᠤᠬᠢᠷᠠᠭᠤᠯᠤᠭᠰᠠᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ᠂ ᠢᠯᠡᠴᠢᠯᠡᠬᠦ | ᠡᠷᠬᠡ ᠲᠠᠢ᠂ ᠣᠯᠠᠨ ᠲᠦᠮᠡᠨ ᠤ ᠬᠠᠤᠯᠢ ᠲᠣᠭᠲᠠᠭᠠᠯ ᠠᠴᠠ ᠵᠥᠷᠢᠴᠡᠨ ᠬᠤᠳᠳᠤᠭ ᠮᠠᠯᠲᠠᠵᠤ ᠤᠰᠤ ᠲᠠᠲᠠᠭᠰᠠᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ᠂ | ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ | ᠢᠯᠡᠴᠢᠯᠡᠨ ᠮᠡᠳᠡᠭᠦᠯᠬᠦ ᠤᠲᠠᠰᠤ᠄ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 0477-5220540 | ᠵᠦᠩ ᠾᠧ ᠰᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 17704772233 | ᠡᠩᠭᠡᠪᠡᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477-5284007 | ᠵᠤᠤ ᠵᠢᠶᠦ᠋ᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477-5280014 | ᠽᠠᠨᠳᠠᠨᠵᠤᠤ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477-5286336 | ᠱᠠᠭᠵᠠᠮᠤᠨᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477-5761862 | ᠸᠠᠩ ᠤᠨ ᠵᠤᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477-5287139 | ᠹᠧᠩ ᠱᠦᠢ ᠯᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477-5160680 | ᠪᠠᠢ ᠨᠢ ᠵᠢᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 14794993092 | ᠵᠡᠭᠡᠰᠦᠳᠡᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 0477 - 5791013 | | | | ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 3 ᠰᠠᠷ᠎ᠠ ᠶᠢᠨ 15 ᠤ ᠡᠳᠦᠷ | | | |