| ᠲᠡᠵᠢᠭᠡᠨ ᠦᠷᠡᠵᠢᠭᠦᠯᠬᠦ ᠶᠠᠪᠤᠴᠠ ᠳᠤ ᠲᠡᠵᠢᠭᠡᠨ ᠠᠷᠠᠴᠢᠯᠠᠬᠤ ᠠᠵᠢᠯ ᠢ ᠰᠠᠶᠢᠲᠤᠷ ᠬᠢᠪᠡᠯ ᠰᠠᠶ᠋ᠢ ᠭᠠᠭ᠋ᠠᠢ ᠶᠢ ᠨᠡᠯᠢᠶᠡᠳ ᠲᠦᠷᠭᠡᠨ ᠲᠠᠷᠭᠤᠯᠠᠭᠤᠯᠵᠤ ᠴᠢᠳᠠᠨ᠎ᠠ᠃ | ᠳᠣᠣᠷ᠎ᠠ ᠭᠠᠭ᠋ᠠᠢ ᠲᠠᠷᠭᠤᠯᠠᠭᠤᠯᠬᠤ ᠳᠥᠷᠪᠡᠨ ᠠᠷᠭ᠎ᠠ ᠶᠢ ᠲᠠᠨᠢᠯᠴᠠᠭᠤᠯᠤᠶ᠎ᠠ᠄ | ᠪᠦᠬᠦ ᠰᠦᠷᠦᠭ ᠲᠤ ᠬᠤᠷᠣᠬᠠᠢ ᠬᠥᠭᠡᠭᠡᠨ᠎ᠡ᠃ ᠨᠠᠮᠤᠷ ᠤᠨ ᠤᠯᠠᠷᠢᠯ ᠳᠤ ᠭᠠᠭ᠋ᠠᠢ ᠶᠢᠨ ᠰᠦᠷᠦᠭ ᠪᠠ ᠭᠠᠭ᠋ᠠᠢ ᠶᠢᠨ ᠰᠠᠷᠠᠪᠴᠢ ᠶᠢᠨ ᠠᠷᠢᠭᠤᠨ ᠴᠡᠪᠡᠷ ᠢ ᠰᠠᠶᠢᠲᠤᠷ | ᠬᠢᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠭᠠᠰᠤ ᠰᠢᠭᠡᠰᠦ ᠶᠢ ᠨᠢ ᠪᠠᠶᠢᠴᠠᠭᠠᠬᠤ ᠪᠠ ᠰᠢᠮᠡᠭᠦᠷ ᠬᠤᠷᠣᠬᠠᠢ ᠶᠢᠨ ᠬᠠᠯᠳᠠᠪᠤᠷᠢᠯᠠᠯ ᠤᠨ ᠪᠠᠶᠢᠳᠠᠯ ᠢ ᠵᠠᠳᠠᠯᠤᠨ | ᠪᠠᠶᠢᠴᠠᠭᠠᠬᠤ ᠬᠡᠷᠡᠭᠲᠡᠢ᠃ ᠣᠳᠣᠬᠠᠨ ᠳᠤ ᠠᠸᠧᠢ ᠪᠠᠺᠲ᠋ᠧᠷᠢ ᠶᠢᠨ ᠡᠳ᠋ ︵阿维菌素︶ ᠪᠣᠯ ᠰᠢᠮᠡᠭᠦᠷ ᠬᠤᠷᠣᠬᠠᠢ ᠶᠢ ᠠᠯᠠᠬᠤ ᠭᠤᠣᠯ ᠡᠮ ᠪᠣᠯᠣᠨ᠎ᠠ᠂ | ᠮᠡᠭᠡᠵᠢ ᠶᠢ ᠲᠤᠷᠦ᠋ᠢᠯᠠᠬᠤ ᠠᠴᠠ ᠨᠢ ᠡᠮᠦᠨ᠎ᠡ 14 ~ 21 ᠡᠳᠦᠷ ᠲᠤ ᠨᠢᠭᠡ ᠤᠳᠠᠭ᠎ᠠ ᠬᠤᠷᠣᠬᠠᠢ ᠬᠥᠭᠡᠭᠡᠵᠦ᠂ ᠬᠡᠭᠡᠯᠲᠦᠭᠦᠯᠬᠦ ᠠᠴᠠ ᠡᠮᠦᠨ᠎ᠡ 14 ᠡᠳᠦᠷ ᠲᠤ | ᠨᠢᠭᠡ ᠤᠳᠠᠭ᠎ᠠ ᠬᠤᠷᠤᠬᠠᠢ ᠬᠦᠭᠡᠭᠡᠨ᠎ᠡ᠂ ᠠᠵᠢᠷᠭᠠᠨ ᠭᠠᠭ᠋ᠠᠢ ᠶᠢ ᠬᠠᠪᠤᠷ ᠨᠠᠮᠤᠷ ᠲᠤᠰ ᠪᠦᠷᠢ ᠨᠢᠭᠡ ᠤᠳᠠᠭ᠎ᠠ ᠬᠦᠬᠡᠭᠡᠨᠡ᠃ ᠨᠠᠷᠢᠯᠢᠭ ᠪᠣᠷᠳᠤᠭ᠎ᠠ᠂ ᠪᠦᠳᠦᠭᠦᠯᠢᠭ | ᠪᠣᠷᠳᠤᠭ᠎ᠠ᠂ ᠬᠥᠬᠡ ᠪᠣᠷᠳᠣᠭᠠᠨ ᠤ ᠵᠦᠢᠯ ᠢ ᠵᠣᠬᠢᠰᠲᠠᠢ ᠪᠠᠷ ᠲᠣᠬᠢᠷᠠᠭᠤᠯᠤᠨ᠎ᠠ᠃ | ᠨᠠᠷᠢᠯᠢᠭ ᠪᠣᠷᠳᠤᠭ᠎ᠠ᠂ ᠪᠦᠳᠦᠭᠦᠯᠢᠭ ᠪᠣᠷᠳᠤᠭ᠎ᠠ ᠶᠢ ᠬᠡᠮᠬᠡᠴᠢᠵᠦ ᠭᠠᠭ᠋ᠠᠢ ᠶᠢᠨ ᠰᠢᠩᠭᠡᠭᠡᠬᠦ ᠳᠤ ᠠᠰᠢᠭᠲᠠᠢ ᠪᠣᠯᠭᠠᠬᠤ ᠬᠡᠷᠡᠭᠲᠡᠢ᠃ ᠲᠦᠭᠦᠬᠡᠢ ᠮᠠᠲ᠋ᠧᠷᠢᠶᠠᠯ ᠢ | ᠨᠦᠢᠲᠠᠨ ᠢᠶᠠᠷ ᠢᠳᠡᠭᠦᠯᠦᠭᠰᠡᠨ ᠴᠦ ᠲᠡᠷᠡ᠂ ᠬᠤᠯᠢᠮᠠᠭ ᠲᠡᠵᠢᠭᠡᠯ ᠪᠣᠷᠳᠤᠭ᠎ᠠ᠂ ᠡᠰᠡᠭᠦᠯ᠎ᠡ ᠨᠠᠶᠢᠷᠠᠭᠤᠯᠤᠭᠰᠠᠨ ᠲᠡᠵᠢᠭᠡᠯ ᠪᠤᠷᠳᠤᠭ᠎ᠠ ᠴᠤ ᠲᠡᠷᠡ ᠪᠦᠷ ᠤᠰᠤ ᠶᠢ ᠨᠢ | ᠬᠡᠲᠦᠷᠬᠡᠢ ᠠᠷᠪᠢᠨ ᠪᠠᠶᠢᠯᠭᠠᠵᠤ ᠪᠣᠯᠬᠤ ᠦᠭᠡᠢ᠃ ᠲᠣᠷᠣᠢ ᠳᠤ 0.1% ᠶᠢᠨ ᠳᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠢ ᠣᠯᠭᠤᠵᠣ᠂ ᠲᠣᠷᠣᠢ ᠶᠢᠨ | ᠴᠠᠭᠠᠨ ᠴᠢᠴᠠᠭ᠎ᠠ ᠠᠯᠳᠠᠬᠤ ᠠᠴᠠ ᠰᠡᠷᠭᠡᠶᠢᠯᠡᠵᠦ ᠪᠣᠯᠣᠨ᠎ᠠ᠃ ᠨᠣᠭᠤᠭᠠᠨ ᠪᠣᠷᠳᠣᠭᠠᠨ ᠳᠤ ᠡᠷᠬᠡᠪᠰᠢ 40% ᠶᠢᠨ ᠨᠠᠷᠢᠯᠢᠭ ᠪᠣᠷᠳᠣᠭᠠᠨ ᠤ ᠨᠠᠶᠢᠷᠠᠯᠭ᠎ᠠ ᠬᠢᠬᠦ ᠬᠡᠷᠡᠭᠲᠡᠢ | ᠂ ᠪᠠᠰᠠ ᠲᠡᠵᠢᠭᠡᠯ ᠪᠣᠷᠳᠣᠭᠠᠨ ᠳᠤ 10% ᠶᠢᠨ ᠰᠢᠯᠦᠬᠡᠢ ᠠᠮᠤ ᠶᠢᠨ ᠠᠭ᠎ᠠ ᠬᠢᠵᠦ ᠪᠣᠯᠣᠨ᠎ᠠ᠃ | ᠠᠮᠲᠠᠲᠤ ᠲᠥᠮᠥᠰᠥ ᠶᠢ ᠯᠤᠤᠪᠠᠩ ᠲᠠᠢ ᠬᠠᠮᠲᠤ ᠬᠡᠷᠡᠭᠯᠡᠨ᠎ᠡ᠃ ᠠᠮᠲᠠᠲᠤ ᠲᠥᠮᠥᠰᠥ ᠪᠣᠯ ᠥᠨᠳᠥᠷ ᠡᠨᠧᠷᠭᠢᠲᠦ ᠲᠡᠵᠢᠭᠡᠯ ᠪᠣᠷᠳᠤᠭ᠎ᠠ ᠳᠤ ᠪᠠᠭᠲᠠᠨ᠎ᠠ᠂ ᠭᠡᠪᠡᠴᠦ | ᠰᠢᠮ᠎ᠡ ᠲᠡᠵᠢᠭᠡᠯ ᠨᠢ ᠳᠠᠩ ᠴᠤᠯᠭᠤᠢ᠂ ᠠᠮᠲᠠᠲᠤ ᠲᠥᠮᠥᠰᠥ ᠶᠢ ᠡᠷᠳᠡᠨᠢ ᠰᠢᠰᠢ᠂ ᠪᠤᠷᠴᠠᠭ ᠤᠨ ᠪᠣᠣᠪᠤ᠂ ᠪᠤᠭᠤᠳᠠᠢ ᠶᠢᠨ ᠬᠡᠪᠡᠭ᠂ ᠠᠭᠠᠭ᠂ ᠵᠢᠭᠠᠰᠤᠨ ᠲᠠᠯᠬ᠎ᠠ᠂ | ᠶᠠᠰᠤᠨ ᠲᠠᠯᠬ᠎ᠠ ᠵᠡᠷᠭᠡ ᠲᠠᠢ ᠬᠠᠪᠰᠤᠷᠭᠠᠨ ᠬᠡᠷᠡᠭᠯᠡᠪᠡᠯ ᠰᠠᠶ᠋ᠢ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠲᠡᠩᠴᠡᠭᠦᠷᠢ ᠶᠢ ᠪᠠᠲᠤᠯᠠᠵᠤ ᠴᠢᠳᠠᠨ᠎ᠠ᠃ ᠡᠭᠦᠨ ᠠᠴᠠ | ᠭᠠᠳᠠᠨ᠎ᠠ᠂ ᠠᠮᠲᠠᠲᠤ ᠲᠥᠮᠥᠰᠥ ᠶᠢᠨ ᠪᠦᠬᠦ᠋ᠢᠯᠡ ᠲᠡᠵᠢᠭᠡᠯ ᠪᠣᠷᠳᠣᠭᠠᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 50% ᠠᠴᠠ ᠬᠡᠲᠦᠷᠡᠵᠦ ᠪᠣᠯᠬᠤ ᠦᠭᠡᠢ᠂ | ᠲᠣᠷᠣᠢ ᠶᠢᠨ ᠪᠤᠷᠳᠤᠭᠠᠨ ᠳᠤ ᠶᠡᠷᠦᠩᠬᠡᠢ ᠳᠤ ᠪᠠᠨ 30% ᠠᠴᠠ ᠬᠡᠲᠦᠷᠡᠵᠦ ᠪᠣᠯᠬᠤ ᠦᠭᠡᠢ᠃ ᠬᠠᠮᠤᠭ ᠤᠨ ᠰᠠᠶᠢᠨ ᠨᠢ ᠠᠮᠲᠠᠲᠤ ᠲᠥᠮᠥᠰᠥ ᠬᠢᠭᠡᠳ | ᠰᠢᠩᠭᠡᠭᠡᠯᠲᠡ ᠶᠢ ᠠᠬᠢᠭᠤᠯᠬᠤ ᠯᠤᠤᠪᠠᠩ ᠢ 2᠄ 1 ᠪᠠᠷ ᠬᠡᠷᠴᠢᠵᠦ᠂ ᠴᠢᠨᠠᠵᠤ ᠨᠤᠯᠳᠠᠷᠠᠭᠤᠯᠤᠭᠰᠠᠨ ᠤ ᠳᠠᠷᠠᠭ᠎ᠠ ᠬᠦᠷᠦᠭᠡᠭᠡᠳ ᠵᠣᠬᠢᠬᠤ ᠬᠡᠮᠵᠢᠶᠡᠨ ᠤ ᠬᠠᠭᠤᠷᠠᠢ | ᠢᠰᠬᠡᠭᠦᠷ ᠲᠠᠢ ᠬᠤᠯᠢᠵᠤ ᠲᠡᠵᠢᠭᠡᠨ᠎ᠡ᠃ | ᠪᠣᠷᠳᠤᠭ᠎ᠠ ᠨᠥᠭᠡᠴᠡᠯᠡᠬᠦ᠃ ᠯᠣᠬᠠᠱᠧᠩ ᠤᠨ ᠴᠢᠬᠢ᠂ ᠪᠤᠷᠴᠠᠭ ᠤᠨ ᠡᠰᠢ᠂ ᠲᠦᠮᠦᠰᠦ ᠶᠢᠨ ᠲᠦᠷᠦᠯ ᠤᠨ ᠲᠦᠮᠦᠰᠦᠯᠢᠭ ᠡᠰᠢ᠂ ᠪᠤᠷᠴᠠᠭ ᠤᠨ | ᠬᠤᠩᠭᠤᠷᠴᠤᠭ ᠤᠨ ᠡᠰᠢ ᠵᠡᠷᠭᠡ ᠶᠢ ᠬᠠᠳᠠᠭᠠᠵᠤ ᠬᠡᠮᠬᠡᠯᠡᠭᠰᠡᠨ ᠤ ᠳᠠᠷᠠᠭ᠎ᠠ ᠨᠥᠭᠡᠴᠡᠯᠡᠵᠦ ᠭᠠᠭ᠋ᠠᠢ ᠲᠡᠵᠢᠭᠡᠨ᠎ᠡ᠃ ᠬᠥᠬᠡ ᠡᠪᠡᠰᠦ᠂ ᠬᠥᠬᠡ ᠨᠣᠭᠤᠭ᠎ᠠ ᠶᠢ ᠢᠰᠬᠡᠬᠦ | ᠪᠤᠶᠤ ᠳᠡᠪᠲᠦᠭᠡᠵᠦ ᠪᠠᠶᠢᠭᠠᠳ ᠳᠠᠷᠤᠭᠰᠠᠨ ᠨᠣᠭᠤᠭ᠎ᠠ ᠪᠣᠯᠭᠠᠨ ᠲᠡᠵᠢᠭᠡᠵᠦ ᠪᠣᠯᠣᠨ᠎ᠠ᠃ ᠪᠣᠳᠠᠲᠠᠢ ᠠᠷᠭ᠎ᠠ ᠨᠢ᠄ ᠡᠪᠡᠰᠦ᠂ ᠨᠣᠭᠤᠭ᠎ᠠ᠂ ᠭᠤᠸ᠎ᠠ᠂ ᠮᠣᠳᠣᠨ ᠨᠠᠪᠴᠢ | ᠵᠡᠷᠭᠡ ᠶᠢ ᠤᠬᠢᠶᠠᠨ ᠴᠡᠪᠡᠷᠯᠡᠵᠦ ᠣᠬᠤᠷ ᠬᠡᠷᠴᠢᠭᠡᠳ ᠭᠠᠩ ᠳᠤ ᠰᠠᠪᠠᠯᠠᠵᠤ᠂ ᠳᠠᠪᠬᠤᠷᠭ᠎ᠠ ᠳᠠᠷᠠᠭᠠᠯᠠᠨ ᠳᠠᠷᠤᠰᠢᠭᠤᠯᠤᠭᠰᠠᠨ ᠤ ᠳᠠᠷᠠᠭ᠎ᠠ᠂ ᠨᠠᠢᠮᠠᠨ ᠬᠤᠪᠢ ᠶᠢ | ᠳᠦᠭᠦᠷᠲᠡᠯ᠎ᠡ ᠰᠠᠪᠠᠯᠠᠬᠤ ᠶᠢᠨ ᠬᠠᠮᠲᠤ ᠡᠪᠡᠰᠦᠨ ᠬᠥᠰᠢᠭᠡ ᠪᠠᠷ ᠪᠦᠲᠡᠭᠡᠵᠦ ᠲᠠᠯᠪᠢᠨ᠎ᠠ᠂ ᠴᠢᠯᠠᠭᠤ ᠪᠠᠷ ᠳᠠᠷᠤᠨ᠎ᠠ᠂ ᠤᠰᠤ ᠨᠡᠮᠡᠵᠦ ᠪᠣᠯᠬᠤ ᠦᠭᠡᠢ᠃ ᠬᠡᠳᠦᠨ | ᠡᠳᠦᠷ ᠤᠨ ᠳᠠᠷᠠᠭ᠎ᠠ ᠪᠣᠷᠳᠤᠭ᠎ᠠ ᠨᠢ ᠳᠣᠷᠣᠭᠰᠢ ᠰᠠᠭᠤᠭᠰᠠᠨ ᠤ ᠳᠠᠷᠠᠭ᠎ᠠ ᠳᠠᠬᠢᠨ ᠤᠰᠤ ᠳᠦᠭᠦᠷᠭᠡᠵᠦ᠂ ᠠᠭᠠᠷ ᠠᠴᠠ ᠲᠤᠰᠠᠭᠠᠷᠯᠠᠨ᠎ᠠ᠂ ᠨᠢᠭᠡ ᠡᠳᠦᠷ ᠢᠰᠬᠡᠭᠰᠡᠨ ᠤ | ᠳᠠᠷᠠᠭ᠎ᠠ ᠳᠠᠷᠤᠢ ᠭᠠᠷᠭᠠᠨ ᠠᠪᠴᠤ ᠭᠠᠭ᠋ᠠᠢ ᠲᠡᠵᠢᠭᠡᠵᠦ ᠪᠣᠯᠣᠨ᠎ᠠ᠃ | | | | |