ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠨ ᠯᠠᠪᠯᠠᠬᠤ ᠲᠠᠪᠴᠠᠩ ᠪᠠ ᠬᠠᠯᠠᠮᠰᠢᠯ ᠤᠲᠠᠰᠤ ᠶᠢ ᠨᠡᠶᠢᠲᠡᠯᠡᠬᠦ ᠳᠤᠬᠠᠢ ᠤᠷᠳᠤᠰ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2022/11/23
      ᠪᠥᠬᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠤ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠳᠠᠢ ᠪᠠᠷ ᠰᠠᠶᠢᠲᠤᠷ ᠬᠢᠬᠦ ᠶᠢ ᠠᠬᠢᠭᠤᠯᠵᠤ᠂ ᠪᠠᠭᠰᠢ ᠰᠣᠷᠣᠭᠴᠢ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠯᠭᠠᠷᠠᠭᠰᠠᠨ ᠪᠠᠴᠢᠮ ᠪᠡᠷᠬᠡ ᠲᠦᠪᠡᠭ ᠲᠠᠢ ᠠᠰᠠᠭᠤᠳᠠᠯ ᠢ ᠭᠥᠯᠢᠶᠡᠨ ᠠᠪᠬᠤ᠂ ᠰᠢᠯᠵᠢᠭᠦᠯᠦᠨ ᠭᠦᠢᠴᠡᠳᠬᠡᠬᠦ ᠂ ᠬᠠᠷᠢᠭᠤ ᠥᠭᠬᠦ ᠶᠢᠨ ᠳᠤᠰᠠᠳᠠ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 7 × 24 ᠴᠠᠭ ᠤᠨ ᠠᠰᠠᠭᠤᠨ ᠯᠠᠪᠯᠠᠬᠤ ᠲᠠᠪᠴᠠᠩ ᠪᠠ ᠬᠠᠯᠠᠮᠰᠢᠯ ᠤᠲᠠᠰᠤ ᠶᠢ ᠭᠠᠷᠭᠠᠪᠠ᠃      24 ᠴᠠᠭ ᠤᠨ ᠬᠠᠯᠠᠮᠰᠢᠯ ᠤᠲᠠᠰᠤ         ︵ᠨᠢᠭᠡ︶ ᠣᠷᠳᠣᠰ ᠤᠨ ᠬᠤᠲᠠ ᠶᠢᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠄ 0477 — 12345        ︵ᠬᠤᠶᠠᠷ︶ ᠣᠷᠳᠣᠰ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠠᠮᠰᠢᠯ ᠤᠲᠠᠰᠤ᠄       ᠡᠳᠦᠷ ︵8᠄ 00 ᠠᠴᠠ 20᠄ 00 ᠪᠤᠯᠳᠠᠯ᠎ᠠ︶        0477 — 3146985᠂ 0477 — 3146995        ᠣᠷᠣᠶ ︵20᠄ 00 ᠠᠴᠠ ᠬᠤᠶᠠᠳᠤᠭᠠᠷ ᠡᠳᠦᠷ ᠤᠨ 8᠄ 00 ᠪᠤᠯᠳᠠᠯ᠎ᠠ︶      0477 — 8598850          ᠠᠰᠠᠭᠤᠳᠠᠯ ᠢ ᠣᠯᠤᠭᠰᠠᠨ ᠤ ᠳᠠᠷᠠᠭ᠎ᠠ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠠᠰᠠᠭᠤᠳᠠᠯ ᠢ ᠭᠥᠯᠢᠶᠡᠨ ᠠᠪᠤᠮᠠᠭᠴᠠ ᠳᠠᠷᠤᠶ ᠳᠤᠨᠢ ᠭᠦᠢᠴᠡᠳᠬᠡᠬᠦ︾ ᠵᠠᠷᠴᠢᠮ ᠶᠣᠰᠣᠭᠠᠷ᠂ ᠳᠠᠷᠤᠢ ᠲᠦᠷᠭᠡᠨ ᠳᠡᠩᠰᠡᠯᠡᠨ ᠲᠡᠮᠳᠡᠭᠯᠡᠵᠦ᠂ ᠳᠠᠷᠤᠢ ᠲᠦᠷᠭᠡᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ᠂ ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠳᠤ ᠰᠠᠭᠤᠭ᠎ᠠ ᠡᠯ᠎ᠡ ᠳᠡᠭᠡᠳᠦ ᠰᠤᠷᠭᠠᠭᠤᠯᠢ ᠳᠤ ᠲᠤᠰᠢᠶᠠᠨ ᠥᠭᠴᠦ ᠰᠶᠢᠳᠪᠦᠷᠢᠯᠡᠭᠦᠯᠵᠦ᠂ ᠰᠶᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠲᠠᠷᠡ ᠳᠠᠷᠤᠢ ᠳᠤᠨᠢ ᠬᠠᠷᠢᠭᠤ ᠥᠭᠬᠦ ᠶᠢᠨ ᠬᠠᠮᠲᠤ ᠠᠰᠠᠭᠤᠳᠠᠯ ᠳᠤᠰᠬᠠᠭᠰᠠᠨ ᠬᠦᠮᠦᠨ ᠤ ᠨᠢᠭᠤᠴᠠ ᠶᠢ ᠬᠠᠮᠠᠭᠠᠯᠠᠨ᠎ᠠ᠃                                                                                                                    ᠤᠷᠳᠤᠰ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ                                                  2022 ᠣᠨ ᠤ 11 ᠰᠠᠷ᠎ᠠ ᠶᠢᠨ 20 ᠤ ᠡᠳᠦᠷ      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ