ᠪᠥᠬᠦ ᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠵᠢᠷᠤᠮᠵᠢᠯ ᠲᠠᠢ ᠪᠠᠷ ᠬᠠᠮᠢᠶᠠᠷᠬᠤ ᠪᠠ  ᠰᠢᠯᠢᠳᠡᠭᠵᠢᠬᠦᠯᠦᠨ‌ᠦᠢᠯᠡᠴᠢᠯᠡᠬᠦ  ᠪᠠᠨ ᠴᠢᠨᠠᠭᠰᠢᠳᠠ  ᠴᠢᠩᠭᠠᠳᠬᠠᠬᠤ  ᠲᠤᠬᠠᠢ  ᠣᠷᠳᠣᠰ  ᠬᠤᠳᠠ  ᠶᠢᠨ  ᠠᠷᠠᠳ  ᠤᠨ  ᠵᠠᠰᠠᠭ   ᠤᠨ ᠣᠷᠳᠣᠨ  ᠤ ᠮᠡᠳᠡᠭᠳᠡᠯ
ᠨᠡᠶᠢᠲᠡᠯᠡᠭᠰᠡᠨ ᠴᠠᠭ᠄
2022/11/24
                                             ᠤᠷᠳᠤᠰ ᠵᠠᠰᠠᠭ ᠲᠠᠷᠬᠠᠭᠠᠬᠤ  ﹇2022﹈ 8 ᠳ᠋ᠤᠭᠠᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠪᠥᠬᠦ ᠬᠤᠲᠠ ᠶᠢᠨ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠨᠵᠢ ᠴᠢᠨᠠᠷ ᠪᠠ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ ᠴᠢᠩᠭᠠᠳᠬᠠᠵᠤ᠂ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠷᠠᠳ ᠣᠯᠠᠨ ᠳᠤ ᠨᠠᠩ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠶ ᠠᠶᠠᠨ ᠳᠤ ᠭᠠᠷᠬᠤ ᠠᠷᠭ᠎ᠠ ᠮᠠᠶ᠋ᠢᠭ ᠢ ᠬᠠᠩᠭᠠᠨ᠎ᠠ᠂ ᠡᠳᠦᠭᠡ ᠪᠥᠬᠦ ᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ  ᠵᠢᠷᠤᠮᠵᠢᠯ ᠲᠠᠢ ᠪᠠᠷ ᠬᠠᠮᠢᠶᠠᠷᠬᠤ ᠪᠠ ᠰᠢᠯᠢᠳᠡᠭᠵᠢᠬᠦᠯᠦᠨ ᠦᠢᠯᠡᠴᠢᠯᠡᠬᠦ ᠶᠢ ᠴᠢᠨᠠᠭᠰᠢᠳᠠ ᠴᠢᠩᠭᠠᠳᠬᠠᠬᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠵᠢᠷᠤᠮᠵᠢᠯ ᠲᠠᠢ ᠪᠠᠷ ᠬᠠᠮᠢᠶᠠᠷᠬᠤ ᠪᠠ ᠰᠢᠯᠢᠳᠡᠭᠵᠢᠬᠦᠯᠦᠨ ᠦᠢᠯᠡᠴᠢᠯᠡᠬᠦ ᠪᠠᠨ ᠴᠢᠩᠭᠠᠳᠬᠠᠬᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ    ᠣᠶᠢᠷ᠎ᠠ ᠶᠢᠨ ᠵᠢᠯ ᠤᠳ ᠲᠤ᠂ ᠬᠤᠪᠢ ᠶᠢᠨ ᠮᠠᠰᠢᠨ ᠲᠡᠷᠭᠡᠨ ᠤ ᠡᠵᠡᠮᠳᠡᠬᠦ ᠬᠡᠮᠵᠢᠶ᠎ᠡ ᠦᠷᠭᠦᠯᠵᠢᠯᠡᠨ  ᠶᠡᠬᠡᠪᠡᠷ ᠨᠡᠮᠡᠭᠳᠡᠵᠦ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠤᠭᠳᠠᠯᠴᠠᠭ᠎ᠠ ᠡᠳᠦᠷ ᠢᠷᠡᠬᠦᠶ᠎ᠡ ᠪᠦᠷᠢᠨᠰᠢᠵᠦ᠂ ᠢᠯᠠᠩᠭᠤᠶ᠎ᠠ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢ ᠲᠣᠥᠷᠵᠢᠭᠤᠯᠤᠨ ᠠᠵᠢᠯᠯᠠᠭᠤᠯᠬᠤ᠂ ᠢᠨᠲ᠋ᠧᠷ ᠰᠦᠯᠵᠢᠶ᠎ᠡ + ᠲᠡᠭᠡᠭᠡᠪᠦᠷᠢ ᠶᠢᠨ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠤᠯᠤᠰ ᠤᠨ ᠳᠣᠲᠣᠭᠠᠳᠤ ᠶᠢᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠳᠤ ᠭᠦᠨᠵᠡᠭᠡᠢ ᠬᠤᠪᠢᠷᠠᠯᠲᠠ ᠭᠠᠷᠴᠤ᠂ ᠠᠶᠠᠨᠴᠢᠳ ᠤᠨ ᠲᠡᠭᠡᠭᠡᠪᠦᠷᠢ ᠶᠢᠨ ᠪᠦᠲᠦᠴᠡ ᠳᠤ ᠦᠷᠭᠦᠯᠵᠢᠯᠡᠨ ᠲᠣᠬᠢᠷᠠᠭᠤᠯᠤᠯᠲᠠ ᠭᠠᠷᠴᠤ᠂ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠢ ᠪᠤᠯᠪᠠ᠃ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠶᠢ ᠰᠠᠶᠢᠵᠢᠷᠠᠭᠤᠯᠬᠤ ᠶᠢᠨ ᠲᠥᠯᠥᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠵᠣᠬᠢᠰᠲᠠᠢ ᠨᠥᠬᠦᠪᠦᠷᠢ ᠥᠭᠴᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠪ ᠤᠨ ᠡᠷᠭᠢᠯᠲᠡ ᠶᠢ  ᠬᠦᠴᠦᠨᠲᠠᠢ ᠪᠠᠲᠤᠯᠠᠭᠰᠠᠨ ᠪᠤᠯᠪᠠᠴᠣ ᠪᠠᠰᠠ ᠬᠠᠮᠢᠶᠠᠷᠤᠯᠲᠠ ᠦᠢᠯᠡᠴᠢᠯᠡᠭᠡ ᠨᠢ ᠵᠢᠷᠤᠮᠵᠢᠯ ᠦᠭᠡᠢ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ  ᠯᠤᠭ᠎ᠠ ᠶᠢᠨ ᠵᠤᠯᠭᠠᠯᠴᠠᠭ᠎ᠠ ᠨᠢ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ᠬᠤᠲᠠ  ᠶᠢᠨ ᠨᠠᠮ ᠤᠨ ᠬᠤᠷᠢᠶ᠎ᠠ᠂ ᠬᠤᠲᠠ  ᠶᠢᠨ ᠠᠷᠠᠳ ᠤᠨ ᠵᠠᠰᠠᠭ ᠤᠨ ᠣᠷᠳᠣᠨ ᠡᠨᠡᠬᠦ ᠠᠵᠢᠯ  ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠲᠠ   ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ  ᠶᠢᠨ ᠳᠠᠷᠤᠭ᠎ᠠ ᠳ᠋ᠦ᠋ ᠾᠦᠢ ᠯᠢᠶᠠᠩ ᠴᠢᠬᠤᠯᠠ ᠴᠣᠬᠤᠯᠠᠪᠤᠷᠢ ᠬᠢᠵᠤ᠂ ᠤᠯᠤᠰ ᠲᠥᠷᠥ  ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠴᠡᠭᠴᠡᠯᠡᠯᠲᠡ  ᠶᠢ ᠶᠡᠭᠡ ᠪᠠᠷ ᠥᠷᠨᠢᠭᠦᠯᠬᠦ  ᠶᠢ ᠱᠠᠭᠠᠷᠳᠠᠪᠠ᠃ ᠡᠭᠦᠨ ᠳᠤ  ᠴᠢᠭᠯᠡᠬᠦᠯᠦᠨ᠂ ᠡᠯ᠎ᠡ ᠬᠤᠰᠢᠭᠤ ᠲᠤᠭᠤᠷᠢᠭ ᠤᠨ ᠬᠢᠨ ᠤᠯᠤᠰ ᠲᠥᠷᠥ ᠶᠢ ᠡᠷᠬᠢᠮᠯᠡᠬᠦ᠂ ᠪᠣᠳᠠᠲᠤ ᠶᠠᠪᠤᠳᠠᠯ ᠪᠦᠲᠦᠭᠡᠬᠦ ᠥᠨᠳᠥᠷᠴᠡ ᠠᠴᠠ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡᠨ ᠤ ᠬᠡᠷᠡᠭᠵᠢᠭᠦᠯᠬᠦ ᠲᠥᠰᠥᠯ ᠢ ᠦᠨᠡᠨᠬᠦ ᠲᠣᠭᠲᠠᠭᠠᠨ ᠨᠡᠶᠢᠲᠡᠯᠡᠵᠦ᠂ ᠦᠢᠯᠡᠴᠢᠯᠡᠭᠡᠨ ᠤ ᠪᠠᠷᠢᠮᠵᠢᠶ᠎ᠠ ᠶᠢ ᠰᠢᠯᠢᠳᠡᠭᠵᠢᠬᠦᠯᠵᠤ᠂ ᠦᠨᠳᠦᠰᠦᠨ ᠵᠦᠢᠯ ᠢ ᠪᠠᠲᠤᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠡᠵᠡᠩᠨᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃   ᠬᠤᠶᠠᠷ᠂ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠲᠠᠢ   ᠠᠷᠠᠳ ᠣᠯᠠᠨ ᠤ ᠥᠨᠳᠥᠷ ᠶᠠᠰᠤ ᠴᠢᠨᠠᠷ ᠲᠠᠢ᠂ ᠥᠪᠡᠷᠮᠢᠴᠡ ᠣᠨᠴᠠᠯᠢᠭ ᠲᠠᠢ᠂ ᠣᠯᠠᠨ ᠡᠰᠢᠵᠢᠭᠰᠡᠨ  ᠠᠶᠠᠨ ᠳᠤ ᠭᠠᠷᠬᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠶᠢ  ᠵᠢᠷᠤᠮᠵᠢᠭᠤᠯᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠠᠶᠠᠨ ᠳᠤ ᠭᠠᠷᠬᠤ ᠳᠤ ᠲᠦᠬᠦᠮ ᠪᠤᠯᠭᠠᠬᠤ ᠪᠠᠷ ᠭᠤᠤᠯᠳᠠᠯᠭ᠎ᠠ ᠪᠤᠯᠭᠠᠵᠤ᠂ ᠠᠮᠤᠷ ᠲᠦᠪᠰᠢᠨ᠂ ᠲᠠᠭᠠᠯᠠᠮᠵᠢᠲᠠᠢ᠂ ᠳᠥᠭᠦᠮ ᠳᠥᠲᠡ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠣᠶ ᠪᠤᠯᠭᠠᠬᠤ ᠬᠡᠷᠡᠭᠲᠠᠢ᠃   ︵ᠨᠢᠭᠡ︶ ᠣᠯᠠᠨ ᠲᠦᠮᠡᠨ ᠤ ᠲᠡᠷᠭᠡ ᠬᠦᠯᠢᠶᠡᠬᠦ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠲᠡᠷᠭᠡ ᠬᠦᠯᠢᠶᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ︽ᠠᠶᠠᠨᠴᠢᠳ ᠤᠨ ᠭᠡᠷ ᠤᠷᠤᠨ︾ ᠢ ᠲᠥᠪᠯᠡᠷᠡᠭᠦᠯᠦᠨ ᠪᠠᠶᠢᠭᠤᠯᠵᠤ ᠂ ᠡᠯ᠎ᠡ ᠬᠤᠰᠢᠭᠤ ᠲᠤᠭᠤᠷᠢᠭ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ ᠣᠷᠣᠨ ᠨᠤᠲᠤᠭ ᠤᠨ ᠪᠠᠷᠢᠮᠵᠢᠶ᠎ᠠ ᠶᠢ ᠰᠢᠨ᠎ᠡ ᠪᠠᠷ ᠡᠭᠦᠳᠬᠦ ᠶᠢ ᠵᠣᠷᠢᠭᠵᠢᠭᠤᠯᠤᠨ᠎ᠠ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠲᠡᠷᠬᠡ ᠬᠦᠯᠢᠶᠡᠬᠦ ᠣᠷᠴᠢᠨ ᠲᠣᠭᠤᠷᠢᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠮᠢᠶᠠᠷᠤᠯᠲᠠ᠂ ᠡᠳᠦᠷ ᠲᠤᠲᠤᠮ ᠤᠨ ᠠᠷᠢᠭᠤᠨ ᠴᠡᠪᠡᠷ ᠢ ᠬᠠᠮᠠᠭᠠᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠲᠣᠭᠤᠷᠢᠨ ᠪᠠᠶᠢᠴᠠᠭᠠᠵᠤ ᠬᠢᠨᠠᠨ ᠰᠢᠯᠭᠠᠬᠤ ᠵᠡᠷᠭᠡ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠬᠦᠯᠵᠤ᠂ ᠠᠮᠤᠷ ᠲᠦᠪᠰᠢᠨ ᠤ ᠪᠠᠶᠢᠴᠠᠭᠠᠯᠲᠠ᠂ ᠠᠷᠢᠭᠤᠨ ᠴᠡᠪᠡᠷ ᠤᠨ ᠲᠠᠰᠤᠯᠭ᠎ᠠ᠂  ᠤᠤᠭᠤᠬᠤ ᠤᠰᠤ᠂ ᠭᠠᠷ ᠤᠲᠠᠰᠤᠨ ᠳᠠᠭᠠᠨ ᠴᠠᠬᠢᠯᠭᠠᠨ ᠴᠡᠨᠡᠭᠯᠡᠬᠦ ᠪᠠ ᠬᠠᠳᠠᠭᠠᠯᠠᠬᠤ ᠠᠪᠳᠠᠷ᠎ᠠ ᠢ ᠦᠪᠡᠷ ᠢᠶᠠᠨ ᠦᠢᠯᠡᠴᠢᠯᠡᠨ ᠰᠣᠩᠭᠤᠬᠤ᠂ ᠰᠦᠢᠳᠬᠡᠯ ᠬᠤᠷᠢᠶᠠᠬᠤ ᠦᠭᠡᠢ WiFi ︵ᠰᠦᠯᠵᠢᠶᠡᠨ ᠤ ᠬᠠᠯᠠᠭᠤᠨ ᠴᠡᠭ︶᠂ ᠡᠬᠡ ᠨᠢᠯᠬᠠᠰ ᠤᠨ ᠥᠷᠥᠭᠡ᠂ ᠲᠠᠮᠠᠬᠢ ᠲᠠᠲᠠᠬᠤ ᠥᠷᠥᠭᠡ᠂ ᠰᠠᠭᠠᠳ ᠦᠭᠡᠢ ᠲᠥᠬᠦᠭᠡᠷᠦᠮᠵᠢ᠂ ᠥᠷᠲᠡᠭᠡᠨ ᠳᠤ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ ᠤ ᠬᠡᠷᠡᠭᠯᠡᠭᠡ᠂ ᠬᠤᠭᠤᠴᠠᠭᠠᠲᠤ ᠰᠡᠳᠬᠦᠯ ᠤᠨ ᠨᠣᠮ ᠪᠢᠴᠢᠭ᠂ ᠳᠦᠷᠰᠦ ᠲᠧᠯᠸᠢᠰ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠵᠢᠷᠤᠮᠵᠢᠭᠤᠯᠤᠨ ᠲᠣᠬᠢᠷᠠᠭᠤᠯᠤᠨ᠎ᠠ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ  ᠤᠷᠴᠢᠨ ᠪᠠᠶᠢᠳᠠᠯ ᠴᠡᠪᠡᠷ ᠲᠡᠭᠰᠢ᠂ ᠡᠮᠬᠢ ᠳᠢᠭᠯᠢᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂  ᠭᠤᠶᠤ ᠶᠡᠬᠡᠮᠰᠦᠭ᠂ ᠠᠶᠠᠨ ᠳᠤ ᠭᠠᠷᠬᠤ ᠳᠤ ᠳᠥᠭᠦᠮ ᠳᠥᠲᠡ᠂ ᠲᠠᠭᠠᠯᠠᠮᠵᠢᠲᠠᠢ  ᠰᠠᠨᠠᠭᠳᠠᠬᠤ ᠲᠡᠷᠬᠡ ᠬᠦᠯᠢᠶᠡᠬᠦ ᠣᠷᠴᠢᠨ ᠲᠣᠭᠤᠷᠢᠨ ᠢ ᠦᠨᠡᠨᠬᠦ ᠪᠣᠶ ᠪᠣᠯᠭᠠᠬᠤ ᠬᠡᠷᠡᠭᠲᠡᠢ᠃   ︵ᠬᠤᠶᠠᠷ︶ ᠡᠵᠡᠩᠨᠡᠯᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠲᠤᠭᠤᠷᠢᠭ ᠤᠨ ᠬᠢᠨ ᠮᠠᠰᠢᠨ ᠲᠡᠷᠭᠡᠨ ᠤ ᠠᠶᠠᠨᠴᠢᠳ ᠤᠨ ᠥᠷᠲᠡᠭᠡᠨ ᠤ ᠪᠣᠳᠠᠲᠠᠢ ᠠᠵᠢᠯᠯᠠᠭᠠᠨ ᠤ ᠪᠠᠶᠢᠳᠠᠯ ᠲᠠᠢ ᠪᠠᠨ ᠤᠶᠠᠯᠳᠤᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠬᠡᠪᠴᠢᠶ᠎ᠡ᠂ ᠠᠶᠠᠨ ᠳᠤ ᠭᠠᠷᠬᠤ ᠬᠥᠮᠥᠰ ᠤᠨ ᠬᠡᠷᠡᠭᠴᠡᠭᠡ ᠪᠣᠯᠣᠨ ᠲᠠᠷᠬᠠᠯᠲᠠ ᠶᠢᠨ ᠣᠨᠴᠠᠯᠢᠭ ᠢ ᠭᠦᠨᠵᠡᠭᠡᠢ ᠵᠠᠳᠠᠯᠵᠤ᠂  ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡᠨ ᠤ ᠵᠠᠷᠴᠢᠮ ᠶᠣᠰᠣᠭᠠᠷ᠂ ᠡᠵᠡᠩᠨᠡᠯᠲᠡ ᠶᠢᠨ ᠵᠠᠮ ᠱᠤᠭᠤᠮ᠂ ᠡᠭᠡᠯᠵᠢ ᠤᠳᠠᠭ᠎ᠠ᠂ ᠲᠡᠷᠭᠡ ᠶᠠᠪᠤᠭᠤᠯᠬᠤ ᠴᠠᠭ᠂ ᠵᠠᠮ ᠳᠠᠭᠠᠤ ᠶᠢᠨ ᠵᠣᠭᠰᠣᠬᠤ ᠥᠷᠲᠡᠭᠡ ᠴᠡᠭ᠂ ᠪᠢᠯᠧᠲ ᠤᠨ ᠦᠨ᠎ᠡ ᠪᠠ ᠠᠶᠠᠯᠠᠯ ᠤᠨ ᠴᠠᠭ ᠵᠡᠷᠭᠡ ᠶᠢ ᠳᠠᠬᠢᠨ ᠰᠢᠯᠢᠳᠡᠭᠵᠢᠬᠦᠯᠵᠤ᠂ ᠡᠯᠧᠺᠲᠷᠣᠨ ᠳᠡᠯᠭᠡᠴᠡ ᠶᠢ ᠡᠷᠭᠢᠯᠳᠦᠭᠦᠯᠦᠨ ᠨᠡᠪᠲᠡᠷᠡᠭᠦᠯᠬᠦ ᠵᠡᠷᠭᠡ ᠬᠡᠯᠪᠡᠷᠢ ᠪᠠᠷ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠢᠯᠡ ᠭᠠᠵᠠᠷ ᠲᠤ ᠨᠡᠶᠢᠲᠡᠯᠡᠬᠦ ᠶᠢᠨ ᠬᠠᠮᠲᠤ ᠬᠤᠰᠢᠭᠤ ᠲᠣᠭᠤᠷᠢᠭ ᠤᠨ ᠫᠤᠷᠲ᠋ᠧᠯ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠲᠠᠪᠴᠠᠩ ᠢ ᠠᠰᠢᠭᠯᠠᠨ ᠣᠯᠠᠨ ᠲᠦᠮᠡᠨ ᠤ ᠮᠡᠳᠡᠴᠡ ᠶᠢᠨ ᠨᠣᠷᠮ᠎ᠠ ᠶᠢ ᠲᠡᠭᠡᠭᠰᠢᠯᠡᠬᠦᠯᠬᠦ ᠬᠡᠷᠡᠭᠲᠠᠢ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠡᠯ᠎ᠡ ᠬᠤᠰᠢᠭᠤ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠬᠦᠰᠦᠨᠦᠭᠲᠦ ᠶᠢ ᠨᠢᠭᠡᠳᠦᠯᠲᠡᠢ ᠴᠤᠭᠯᠠᠭᠤᠯᠤᠨ ᠬᠤᠷᠢᠶᠠᠩᠭᠤᠶᠢᠯᠠᠵᠤ᠂ ᠣᠷᠳᠣᠰ ᠬᠤᠲᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ ᠢᠯᠡ ᠪᠠᠷ ᠨᠡᠶᠢᠲᠡᠯᠡᠬᠦ ᠬᠡᠷᠡᠭᠲᠠᠢ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠦᠭᠦᠳ ᠲᠡᠷᠭᠡ ᠶᠠᠪᠤᠭᠤᠯᠬᠤ ᠴᠠᠭ ᠤᠨ ᠬᠦᠰᠦᠨᠦᠭᠲᠦ ᠶᠢ ᠴᠢᠩᠭ᠎ᠠ ᠵᠢᠷᠤᠮᠯᠠᠨ ᠲᠡᠷᠭᠡ ᠶᠠᠪᠤᠭᠤᠯᠬᠤ ᠬᠡᠷᠡᠭᠲᠡᠢ᠂ ᠣᠨᠴᠣᠭᠤᠢ ᠪᠠᠶᠢᠳᠠᠯ ᠦᠭᠡᠢ ᠪᠣᠯ ᠲᠡᠷᠭᠡ ᠪᠠᠨ ᠵᠣᠭᠰᠤᠭᠠᠬᠤ ᠪᠤᠶᠤ ᠬᠤᠶᠢᠰᠢᠯᠠᠭᠤᠯᠵᠤ ᠪᠣᠯᠬᠤ ᠦᠭᠡᠢ᠃ ᠪᠣᠳᠠᠲᠤ ᠪᠠᠶᠢᠳᠠᠯ ᠢᠶᠠᠨ ᠦᠨᠳᠦᠰᠦᠯᠡᠨ ᠠᠶᠠᠨᠴᠢᠳ ᠤᠨ ᠲᠡᠭᠡᠭᠡᠪᠦᠷᠢ ᠶᠢᠨ ᠬᠦᠰᠦᠨᠦᠭᠲᠦ ᠳᠤ ᠦᠨᠡᠨᠬᠦ ᠲᠣᠬᠢᠷᠠᠭᠤᠯᠤᠯᠲᠠ ᠬᠢᠬᠦ ᠪᠤᠶᠤ ᠲᠡᠷᠭᠡᠨ ᠤ ᠬᠡᠯᠪᠡᠷᠢ ᠶᠢ ᠬᠤᠪᠢᠷᠠᠭᠤᠯᠬᠤ ᠴᠢᠬᠤᠯᠠ ᠲᠠᠢ ᠪᠣᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠷ ᠰᠤᠳᠤᠯᠤᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ ᠲᠣᠬᠢᠷᠠᠭᠤᠯᠤᠯᠲᠠ ᠬᠢᠬᠦ ᠶᠢᠨ ᠬᠠᠮᠲᠤ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃   ︵ᠭᠤᠷᠪᠠ︶ ᠠᠶᠠᠨ ᠳᠤ ᠭᠠᠷᠬᠤ ᠣᠶᠤᠨᠴᠢ ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯ᠎ᠡ ᠬᠤᠰᠢᠭᠤ ᠲᠤᠭᠤᠷᠢᠭ ᠣᠶᠤᠨᠴᠢ ᠠᠶᠠᠯᠠᠯ ᠤᠨ ᠮᠡᠳᠡᠭᠡ  ᠵᠠᠩᠬᠢᠴᠢᠯᠠᠯᠲᠠ ᠶᠢᠨ ᠦᠢᠯᠡᠴᠢᠯᠡᠭᠡᠨ ᠤ ᠲᠠᠪᠴᠠᠩ ᠢ ᠶᠡᠭᠡ ᠪᠠᠷ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠨᠡᠶᠢᠲᠡ ᠶᠢᠨ ᠮᠠᠰᠢᠨ ᠲᠡᠷᠭᠡ᠂ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ  ᠭᠤᠷᠪᠠᠨ APP ︵ᠬᠡᠷᠡᠭᠯᠡᠭᠡᠨ ᠤ ᠫᠷᠣᠭ᠍ᠷᠠᠮ︶ ᠶᠢ ᠠᠭᠤᠰᠤᠯᠴᠠᠭᠤᠯᠵᠤ᠂ ᠦᠢᠯᠡᠴᠢᠯᠡᠭᠡᠨ ᠤ ᠵᠦᠢᠯᠡᠰ ᠢ ᠦᠷᠭᠡᠳᠭᠡᠵᠤ᠂ ᠰᠦᠯᠵᠢᠶᠡᠨ ᠳᠡᠭᠡᠷ᠎ᠡ ᠤᠷᠢᠳᠴᠢᠯᠠᠨ ᠪᠢᠯᠧᠲ ᠬᠤᠳᠠᠯᠳᠤᠨ ᠠᠪᠬᠤ᠂ 95128 ᠤᠳᠠᠰᠣ ᠪᠠᠷ ᠲᠡᠷᠭᠡ ᠪᠣᠯᠵᠣᠬᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ  ᠤᠨ ᠠᠶᠠᠯᠠᠯ ᠤᠨ ᠴᠠᠭ ᠢ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠲᠦᠷᠢᠶᠡᠰᠦᠨ ᠮᠠᠰᠢᠨ ᠪᠣᠯᠵᠣᠬᠤ ᠵᠡᠷᠭᠡ ᠴᠢᠳᠠᠮᠵᠢ ᠶᠢ ᠬᠡᠷᠡᠭᠵᠢᠭᠦᠯᠵᠦ᠂ ᠣᠯᠠᠨ ᠲᠦᠮᠡᠨ ᠤ ᠭᠠᠷ ᠤᠲᠠᠰᠤᠨ ᠤ ᠦᠵᠦᠭᠦᠷ  APP ᠶᠢ ᠠᠰᠢᠭᠯᠠᠨ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠤ ᠡᠭᠡᠯᠵᠢ ᠤᠳᠠᠭ᠎ᠠ ᠶᠢᠨ ᠲᠣᠬᠢᠷᠠᠭᠤᠯᠤᠯᠲᠠ᠂ ᠠᠶᠠᠯᠠᠯ ᠤᠨ ᠵᠠᠮ ᠱᠤᠭᠤᠮ᠂ ᠵᠣᠭᠰᠣᠭᠠᠯ ᠤᠨ ᠣᠷᠣᠨ ᠪᠦᠰᠡ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠬᠤ ᠶᠢ ᠦᠨᠡᠨ ᠬᠦ ᠪᠠᠲᠤᠯᠠᠵᠤ᠂ ᠨᠠᠷᠢᠯᠢᠭᠵᠢᠭᠤᠯᠤᠭᠰᠠᠨ ᠦᠢᠯᠡᠴᠢᠯᠡᠭᠡ ᠪᠠᠷ ᠳᠠᠮᠵᠢᠭᠤᠯᠤᠨ ᠣᠯᠠᠨ ᠲᠦᠮᠡᠨ ᠤ ᠠᠶᠠᠨ ᠳᠤ ᠭᠠᠷᠬᠤ ᠴᠠᠭ ᠢᠶᠠᠨ ᠵᠦᠢ ᠵᠣᠬᠢᠰᠲᠠᠢ ᠲᠣᠬᠢᠷᠠᠭᠤᠯᠬᠤ ᠳᠤ ᠲᠥᠬᠦᠮ ᠦᠵᠡᠭᠦᠯᠵᠦ᠂ ᠣᠶᠢᠷ᠎ᠠ ᠬᠠᠪᠢ ᠪᠠᠷ ᠲᠡᠷᠭᠡᠨ ᠳᠤ ᠰᠠᠭᠤᠬᠤ ᠶᠢ ᠪᠡᠶᠡᠯᠡᠭᠦᠯᠦᠨ᠎ᠡ᠃ ᠲᠡᠷᠡᠴᠢᠯᠡᠨ ᠤᠯᠠᠨ ᠲᠦᠮᠡᠨ ᠤ ᠲᠦᠭᠡᠮᠡᠯᠵᠢᠯᠲᠡ ᠶᠢᠨ ᠨᠤᠷᠮ᠎ᠠ ᠪᠠᠷ ᠥᠨᠳᠥᠷ ᠰᠦᠯᠵᠢᠶᠡᠨ ᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠶᠢ ᠰᠦᠪᠡᠭᠴᠢᠯᠡᠵᠦ᠂ ᠣᠶᠤᠨᠴᠢ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠬᠦ ᠬᠡᠷᠡᠭᠲᠠᠢ᠃   ︵ᠳᠥᠷᠪᠡ︶ ᠣᠯᠠᠨ ᠡᠰᠢᠲᠦ ᠥᠪᠡᠷᠮᠢᠴᠡ ᠴᠢᠨᠠᠷᠲᠠᠢ ᠦᠢᠯᠡᠴᠢᠯᠡᠭᠡ ᠶᠢ ᠳᠡᠯᠭᠡᠷᠡᠭᠦᠯᠦᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠢ ᠪᠠᠷ ᠵᠣᠬᠢᠴᠠᠵᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠬᠦᠴᠦᠯᠡᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ᠂ ᠰᠣᠶᠣᠯ ᠵᠢᠭᠤᠯᠴᠢᠯᠠᠯ ᠵᠡᠷᠭᠡ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠠᠢ᠃ ᠨᠢᠭᠡ ᠳᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠵᠢᠯᠯᠠᠭᠠᠨ  ᠤ ᠪᠠᠶᠢᠳᠠᠯ  ᠢ ᠦᠨᠳᠦᠰᠦᠯᠡᠨ᠂ ᠠᠶᠠᠨᠴᠢᠳ  ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠵᠦᠢ ᠵᠣᠬᠢᠰᠲᠠᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠭᠤᠴᠢᠷᠠᠭᠰᠠᠨ ᠠᠶᠠᠨᠴᠢᠳ  ᠤᠨ ᠲᠡᠭᠡᠭᠡᠪᠦᠷᠢ  ᠶᠢᠨ ᠲᠡᠷᠭᠡ  ᠶᠢ ᠠᠯᠬᠤᠮ ᠠᠯᠬᠤᠮ ᠢᠶᠠᠷ ᠰᠢᠭᠰᠢᠭᠳᠡᠭᠦᠯᠵᠦ᠂ ᠠᠶᠠᠨᠴᠢᠳ ᠤᠨ ᠲᠡᠭᠡᠭᠡᠪᠦᠷᠢ  ᠶᠢᠨ ᠲᠡᠷᠭᠡ ᠶᠢ ᠪᠠᠭ᠎ᠠ ᠬᠡᠯᠪᠡᠷᠢᠵᠢᠭᠦᠯᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠠᠶᠠᠨᠴᠢᠳ  ᠤᠨ ᠲᠡᠭᠡᠭᠡᠪᠦᠷᠢ ᠶᠢᠨ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬᠢᠶᠠᠯᠠᠭ᠎ᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠡᠵᠡᠩᠨᠡᠯᠲᠡ ᠶᠢᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠥᠬᠦᠴᠡᠯ ᠳᠤ ᠨᠡᠶᠢᠴᠡᠭᠰᠡᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠳᠤ ᠨᠡᠶᠢᠲᠡ ᠶᠢᠨ ᠮᠠᠰᠢᠨᠴᠢᠯᠠᠭᠰᠠᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠤᠶᠠᠷ ᠲᠤ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ ᠶᠢ ᠵᠤᠷᠢᠭᠵᠢᠭᠤᠯᠵᠤ ᠪᠠᠶᠢᠭᠠᠳ ᠦᠢᠯᠡᠴᠢᠯᠡᠭᠡᠨ ᠤ ᠴᠢᠳᠠᠮᠵᠢ ᠪᠠᠨ ᠦᠷᠭᠡᠳᠭᠡᠵᠤ᠂ ᠬᠠᠭᠤᠴᠢᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠤᠳᠠᠨ ᠤ ᠲᠦᠷᠭᠡᠨ ᠬᠦᠷᠭᠡᠬᠦ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠵᠡᠷᠭᠡ ᠦᠢᠯᠡᠴᠢᠯᠡᠭᠡᠨ ᠤ ᠲᠦᠬᠦᠬᠡᠷᠦᠮᠵᠢ ᠶᠢ ᠨᠡᠮᠡᠨ ᠪᠠᠶᠢᠭᠤᠯᠵᠤ᠂ ︽ᠲᠡᠷᠭᠡᠨ ᠪᠢᠯᠧᠲ + ᠡᠭᠦᠳᠡᠨ ᠪᠢᠯᠧᠲ + ᠪᠠᠭᠤᠳᠠᠯ︾ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠦᠢᠯᠡᠳᠬᠦᠨ ᠢ ᠪᠣᠶ ᠪᠣᠯᠭᠠᠵᠤ᠂ ᠦᠵᠡᠮᠵᠢ ᠶᠢᠨ ᠣᠷᠣᠨ ᠤ ᠦᠵᠡᠮᠵᠢ ᠶᠢᠨ  ᠴᠡᠭ ᠲᠤ ᠰᠢᠭᠤᠳ ᠬᠦᠷᠬᠦ  ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ ᠲᠣᠣᠷ  ᠢ ᠲᠡᠬᠦᠯᠳᠡᠷᠵᠢᠬᠦᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠲᠤᠯᠭᠠᠭᠤᠷᠢᠯᠠᠨ᠎ᠠ᠃ ᠭᠤᠷᠪᠠ ᠳᠤ ᠬᠢᠮᠳᠠ ᠪᠥᠭᠡᠳ ᠲᠣᠬᠢᠷᠠᠮᠵᠢᠲᠠᠢ᠂ ᠠᠶᠠᠨᠴᠢᠨ ᠪᠠ ᠪᠠᠷᠠᠭ᠎ᠠ ᠠᠴᠢᠶ᠎ᠠ ᠶᠢ ᠨᠢᠭᠡᠳᠦᠯᠲᠡᠢ ᠲᠥᠯᠥᠪᠯᠡᠭᠰᠡᠨ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠤ ᠬᠡᠯᠪᠡᠷᠢ ᠶᠢ ᠳᠡᠯᠭᠡᠷᠡᠭᠦᠯᠦᠨ ᠬᠡᠷᠡᠭᠯᠡᠵᠦ᠂ ᠬᠤᠳᠠ ᠬᠥᠳᠡᠭᠡ ᠶᠢᠨ ᠬᠤᠭᠤᠷᠣᠨᠳᠣᠬᠢ ᠲᠦᠷᠭᠡᠨ ᠬᠦᠷᠭᠡᠯᠲᠡ ᠶᠢᠨ ᠪᠠᠷᠠᠭ᠎ᠠ ᠶᠢ ᠲᠡᠭᠡᠭᠡᠪᠦᠷᠢᠯᠡᠨ ᠬᠦᠷᠭᠡᠬᠦ ᠬᠡᠷᠡᠭᠴᠡᠭᠡ ᠶᠢ ᠬᠠᠩᠭᠠᠨ᠎ᠠ᠃   ︵ᠲᠠᠪᠤ︶ ᠪᠣᠯᠪᠠᠰᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠠᠨᠴᠢᠳ ᠤᠨ ᠲᠡᠭᠡᠭᠡᠪᠦᠷᠢ ᠶᠢᠨ ᠠᠵᠢᠯᠲᠠᠳ ᠠᠵᠢᠯ ᠤᠨ ᠪᠠᠶᠢᠷᠢᠨ ᠳᠤ ᠭᠠᠷᠬᠤ ᠳᠠᠭᠠᠨ ᠨᠢᠭᠡᠳᠦᠯᠲᠡᠢ ᠬᠤᠪᠴᠠᠰᠤ ᠡᠮᠦᠰᠴᠦ᠂ ᠬᠤᠪᠴᠠᠰᠤ  ᠮᠠᠯᠠᠭᠠᠢ ᠪᠠᠨ ᠴᠡᠪᠡᠷ ᠲᠡᠭᠰᠢ ᠪᠠᠶᠢᠯᠭᠠᠵᠤ᠂ ᠲᠤᠬᠠᠶᠢᠯᠠᠭᠰᠠᠨ ᠠᠵᠢᠯ ᠤᠨ ᠦᠨᠡᠮᠯᠡᠯ ︵ᠫᠠᠶᠢᠰᠠ︶ ᠵᠡᠭᠦᠵᠦ᠂ ᠬᠥᠳᠡᠯᠦᠯ ᠪᠠᠷᠢᠯ ᠢᠶᠠᠨ ᠲᠥᠪ ᠶᠡᠬᠡᠮᠰᠦᠭ ᠪᠠᠶᠢᠯᠭᠠᠬᠤ ᠬᠡᠷᠡᠭᠲᠡᠢ᠃ ︽ᠠᠶᠠᠨᠴᠢᠳ ᠢ ᠳᠡᠭᠡᠳᠦᠯᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠶ ᠪᠣᠯᠭᠠᠵᠤ᠂ ᠠᠶᠠᠨᠴᠢᠳ ᠲᠤ ᠬᠠᠯᠠᠭᠤᠮᠰᠤᠭ ᠢᠶᠠᠷ ᠬᠠᠨᠳᠤᠵᠤ᠂ ︽ᠭᠤᠷᠪᠠ ᠶᠢ ᠡᠷᠬᠢᠮᠯᠡᠬᠦ᠂  ᠲᠦᠷᠪᠡᠨ ᠪᠠᠶᠢᠵᠤ᠂ ᠲᠠᠪᠤᠨ ᠰᠠᠨᠠᠭᠠᠴᠢᠯᠠᠭ᠎ᠠ ᠲᠠᠢ ᠪᠠᠶᠢᠬᠤ︾ ᠶᠢ ᠦᠨᠡᠨᠬᠦ ᠪᠡᠶᠡᠯᠡᠭᠦᠯᠵᠦ᠂ ᠲᠠᠷᠤᠢ ᠠᠶᠠᠨᠴᠢᠳ ᠢ ᠭᠥᠯᠢᠶᠡᠨ ᠠᠪᠬᠤ ᠳᠠᠭᠠᠨ ᠪᠣᠯᠪᠠᠰᠤᠨ ᠶᠣᠰᠣᠷᠬᠠᠭ ᠪᠠᠶᠢᠵᠤ᠂ ᠳᠦᠷᠢᠮ ᠠᠴᠠ ᠵᠥᠷᠢᠴᠡᠭᠰᠡᠨ ᠶᠠᠪᠤᠳᠠᠯ ᠢ ᠵᠠᠯᠠᠷᠠᠭᠤᠯᠬᠤ ᠳᠠᠭᠠᠨ ᠡᠶᠡᠯᠰᠡᠭ ᠣᠪᠣᠷ ᠢᠶᠠᠷ ᠬᠠᠨᠳᠤᠵᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠦᠨᠡᠨ ᠪᠣᠳᠠᠲᠠᠢ ᠪᠠᠷ ᠬᠠᠨᠳᠤᠵᠤ᠂ ᠠᠶᠠᠨᠴᠢᠳ ᠢ ᠭᠥᠯᠢᠶᠡᠨ ᠠᠪᠬᠤ ᠳᠠᠭᠠᠨ ᠬᠠᠯᠠᠭᠤᠮᠰᠤᠭ  ᠪᠠᠶᠢᠵᠤ᠂ ᠠᠰᠠᠭᠤᠳᠠᠯ ᠢ ᠬᠠᠷᠢᠭᠤᠯᠬᠤ ᠳᠠᠭᠠᠨ ᠬᠦᠯᠢᠴᠡᠩᠭᠦᠢ  ᠪᠠᠶᠢᠵᠤ᠂ ᠰᠠᠨᠠᠯ ᠢ ᠨᠢ ᠭᠥᠯᠢᠶᠡᠨ ᠠᠪᠬᠤ ᠳᠠᠭᠠᠨ ᠳᠠᠷᠤᠤ ᠬᠢᠴᠢᠶᠡᠩᠭᠦᠢ ᠪᠠᠶᠢᠵᠤ᠂ ᠠᠵᠢᠯ ᠳᠠᠭᠠᠨ ᠨᠠᠷᠢᠨ ᠬᠢᠨᠠᠮᠠᠭᠠᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠠᠶᠠᠨᠴᠢᠳ ᠢ ᠤᠭᠲᠤᠨ ᠬᠦᠷᠭᠡᠵᠦ᠂ ᠰᠠᠨᠠᠭᠠᠴᠢᠯᠠᠭ᠎ᠠ ᠠᠴᠠ ᠪᠠᠨ ᠨᠠᠰᠤᠲᠠᠨ ᠢ ᠲᠡᠳᠬᠦᠨ ᠨᠢᠯᠬᠠᠰ ᠢ ᠳᠠᠭᠠᠭᠤᠯᠵᠤ᠂ ᠰᠠᠨᠠᠭᠠᠴᠢᠯᠠᠭ᠎ᠠ ᠠᠴᠠ ᠪᠠᠨ ᠠᠶᠠᠨᠴᠢᠳ ᠤᠨ ᠬᠦᠴᠢᠷᠳᠡᠯ ᠢ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠠᠶᠠᠨᠴᠢᠳ ᠤᠨ ᠮᠡᠳᠡᠬᠦ ᠴᠢᠬᠤᠯᠠᠲᠠᠢ ᠵᠦᠢᠯ ᠢ ᠲᠠᠨᠢᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠠᠶᠠᠨᠴᠢᠳ ᠤᠨ ᠰᠠᠨᠠᠯ ᠢ ᠰᠣᠨᠣᠰᠬᠤ ᠬᠡᠷᠡᠭᠲᠡᠢ᠃ ᠠᠶᠠᠨᠴᠢᠳ ᠤᠨ ᠳᠤᠷᠠᠳᠤᠭᠰᠠᠨ ᠪᠢᠯᠧᠲ ᠢᠶᠠᠨ ᠪᠤᠴᠠᠭᠠᠬᠤ᠂ ᠲᠡᠷᠭᠡᠨ ᠳᠤ ᠰᠠᠭᠤᠬᠤ ᠶᠢ ᠥᠭᠡᠷᠡᠴᠢᠯᠡᠬᠦ ᠵᠡᠷᠭᠡ ᠦᠢᠯᠡᠴᠢᠯᠡᠭᠡᠨ ᠤ ᠵᠦᠢᠯᠡᠰ ᠲᠤ ᠴᠢᠭᠯᠡᠭᠦᠯᠦᠨ᠂ ᠰᠠᠨᠠᠭᠠᠴᠢᠯᠠᠭ᠎ᠠ   ᠠᠴᠠ ᠪᠠᠨ ᠦᠢᠯᠡᠴᠢᠯᠡᠵᠦ᠂ ᠵᠦᠢ ᠵᠣᠬᠢᠰᠲᠠᠢ ᠰᠠᠨᠠᠭᠤᠯᠭ᠎ᠠ ᠳᠤᠷᠠᠳᠬᠤ ᠬᠡᠷᠡᠭᠲᠡᠢ᠃    ︵ᠵᠢᠷᠭᠤᠭ᠎ᠠ︶ ᠠᠶᠤᠯ ᠦᠭᠡᠢ ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠶᠠᠨᠴᠢᠳ ᠤᠨ ᠲᠡᠷᠭᠡ ᠶᠢᠨ ᠴᠡᠪᠡᠷ ᠲᠡᠭᠰᠢ᠂ ᠮᠡᠷᠭᠡᠵᠢᠯ ᠤᠨ ᠪᠠᠶᠢᠳᠠᠯ ᠰᠠᠶᠢᠨ ᠪᠠᠶᠢᠬᠤ ᠶᠢ ᠴᠠᠭ ᠢᠮᠠᠭᠲᠠ ᠪᠠᠲᠤᠯᠠᠵᠤ᠂ ᠲᠣᠷᠣᠮᠰᠤᠯᠠᠬᠤ᠂ ᠴᠢᠭᠯᠡᠯ ᠰᠣᠯᠢᠬᠤ᠂ ᠳ᠋ᠧᠩ ᠤᠨ ᠬᠡᠷᠡᠯ᠂ ᠪᠦᠷᠢᠶ᠎ᠡ᠂ ᠪᠣᠷᠣᠭᠠᠨ ᠤ ᠬᠤᠰᠤᠭᠤᠷ᠂ ᠭᠠᠯ ᠤᠨᠲᠠᠷᠠᠭᠠᠭᠤᠷ᠂ ᠠᠶᠤᠯ ᠦᠭᠡᠢ ᠶᠢᠨ ᠠᠯᠤᠬ᠎ᠠ ᠵᠡᠷᠭᠡ ᠠᠶᠤᠯ ᠦᠭᠡᠢ ᠶᠢᠨ  ᠲᠦᠬᠦᠬᠡᠷᠦᠮᠵᠢ ᠶᠢᠨ ᠪᠦᠷᠢᠨ ᠪᠥᠭᠡᠳ  ᠠᠰᠢᠭᠯᠠᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠡᠷᠭᠡ ᠪᠠᠨ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠲᠡᠷᠭᠡᠨ ᠤ ᠪᠠᠶᠢᠳᠠᠯ ᠢ ᠰᠠᠶᠢᠨ ᠪᠠᠶᠢᠯᠭᠠᠬᠤ ᠶᠢ ᠪᠠᠲᠤᠯᠠᠬᠤ ᠬᠡᠷᠡᠭᠲᠠᠢ᠃ ᠵᠢᠯᠣᠭᠤᠴᠢ ᠶᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠮᠡᠷᠭᠡᠵᠢᠯ ᠴᠢᠳᠠᠪᠤᠷᠢ᠂ ᠠᠵᠢᠯ ᠮᠡᠷᠭᠡᠵᠢᠯ ᠤᠨ ᠶᠣᠰᠣ ᠮᠣᠷᠠᠯ ᠤᠨ ᠪᠣᠯᠪᠠᠰᠤᠷᠠᠭᠤᠯᠤᠯ ᠪᠠ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠢᠯᠣᠭᠤᠴᠢ ᠶᠢᠨ ᠠᠵᠢᠯ ᠮᠡᠷᠭᠡᠵᠢᠯ ᠤᠨ ᠡᠯ᠎ᠡ ᠲᠥᠷᠥᠯ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠡᠷᠭᠡ ᠪᠣᠯᠣᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠬᠦ ᠬᠡᠷᠡᠭᠲᠡᠢ᠃ ︽ᠲᠡᠷᠭᠡᠨ ᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠵᠤ᠂ ᠲᠡᠷᠭᠡ  ᠶᠢᠨ ᠬᠥᠳᠡᠯᠦᠩᠭᠦᠢ ᠬᠢᠨᠠᠨ ᠡᠵᠡᠮᠰᠢᠯᠲᠡ ᠶᠢ  ᠴᠢᠩᠭᠠᠳᠬᠠᠵᠤ᠂ ᠬᠤᠷᠳᠤᠴᠠ  ᠠᠴᠠ ᠬᠡᠲᠦᠷᠡᠭᠦᠯᠬᠦ᠂ ᠬᠥᠮᠥᠨ ᠤ ᠲᠤᠭ᠎ᠠ  ᠠᠴᠠ ᠬᠡᠲᠦᠷᠡᠭᠦᠯᠬᠦ᠂ ᠶᠠᠳᠠᠷᠠᠭᠤ ᠪᠠᠷ ᠵᠢᠯᠤᠭᠤᠳᠬᠤ᠂ ᠡᠪᠡᠳᠴᠢᠨ ᠲᠠᠢ ᠪᠠᠷ ᠠᠵᠢᠯ ᠤᠨ ᠪᠠᠶᠢᠷᠢᠨ ᠳᠤ ᠭᠠᠷᠬᠤ ᠪᠠ ᠳᠤᠷ᠎ᠠ ᠪᠠᠷ ᠢᠶᠠᠨ ᠵᠢᠯᠣᠭᠤᠴᠢ ᠶᠢ ᠰᠣᠯᠢᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃    ᠭᠤᠷᠪᠠ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠵᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠬᠦᠭᠵᠢᠬᠦ ᠶᠢ ᠪᠠᠲᠤᠯᠠᠬᠤ ᠬᠡᠷᠡᠭᠲᠠᠢ    ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠷᠢᠭᠤᠴᠠᠵᠤ᠂ ᠪᠦᠬᠦ ᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠬᠠᠮᠲᠤᠷᠠᠭᠰᠠᠨ ᠬᠢᠨᠠᠨ ᠰᠢᠯᠭᠠᠬᠤ ᠳᠤᠭᠤᠶᠢᠯᠠᠩ ᠢ ᠪᠠᠶᠢᠭᠤᠯᠵᠤ᠂ ᠰᠢᠯᠭᠠᠨ ᠦᠨᠡᠯᠡᠵᠤ ᠱᠠᠩᠨᠠᠨ ᠲᠣᠷᠭᠠᠬᠤ ᠠᠵᠢᠯ ᠤᠨ ᠲᠣᠭᠲᠠᠴᠠ  ᠶᠢ ᠪᠠᠶᠢᠭᠤᠯᠵᠤ᠂ ᠦᠨᠡᠯᠡᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠦᠨᠡᠯᠡᠬᠦ ᠲᠠᠰ ᠢ ᠬᠤᠪᠢᠶᠠᠷᠢᠯᠠᠨ ᠲᠣᠭᠲᠠᠭᠠᠵᠤ᠂ ᠡᠯ᠎ᠡ ᠬᠤᠰᠢᠭᠤ ᠲᠣᠭᠤᠷᠢᠭ ᠤᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ  ᠲᠡᠷᠭᠡ ᠬᠦᠯᠢᠶᠡᠬᠦ ᠣᠷᠴᠢᠨ ᠲᠣᠭᠤᠷᠢᠨ ᠤ ᠵᠠᠰᠠᠯᠲᠠ᠂ ᠶᠡᠷᠦᠩᠬᠡᠶᠢᠯᠡᠭᠰᠡᠨ ᠦᠢᠯᠡᠴᠢᠯᠡᠭᠡ᠂ ᠡᠭᠡᠯᠵᠢ ᠶᠢᠨ ᠱᠤᠭᠤᠮ ᠤᠨ ᠠᠵᠢᠯᠯᠠᠭᠠᠨ᠂ ᠣᠯᠠᠨ ᠲᠦᠮᠡᠨ ᠤ ᠵᠠᠭᠠᠯᠳᠤᠯᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢ ᠤᠯᠠᠷᠢᠯ ᠢᠶᠠᠷ ᠰᠢᠯᠭᠠᠨ ᠬᠢᠨᠠᠵᠤ ᠨᠡᠶᠢᠲᠡᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠰᠠᠯᠭᠠᠨ ᠥᠭᠭᠦᠭᠰᠡᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠵᠡᠩᠨᠡᠯᠲᠡ ᠶᠢᠨ ᠬᠠᠮᠢᠶ᠎ᠠ ᠪᠦᠬᠦᠢ ᠲᠤᠰᠬᠠᠢ ᠵᠦᠢᠯ ᠤᠨ ᠨᠥᠬᠦᠪᠦᠷᠢ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠱᠠᠲᠤ ᠬᠤᠪᠢᠶᠠᠨ ᠱᠠᠩᠨᠠᠵᠤ ᠨᠥᠬᠦᠪᠦᠷᠢᠯᠡᠬᠦ ᠬᠡᠷᠡᠭᠲᠡᠢ᠃ᠣᠨ ᠤ ᠰᠢᠯᠭᠠᠨ ᠲᠤᠭᠳᠠᠭᠠᠯᠲᠠ ᠳᠤ ᠰᠢᠯᠢᠳᠡᠭ ᠲᠠᠰ ᠢᠶᠠᠷ ᠲᠤᠭᠳᠠᠭᠠᠭᠳᠠᠭᠰᠠᠨ ᠪᠤᠯ᠂ ᠲᠣᠰ ᠵᠢᠯ ᠤᠨ ᠨᠥᠬᠦᠪᠦᠷᠢ ᠶᠢᠨ ᠪᠡᠯᠡ ᠮᠥᠩᠭᠦ ᠶᠢ 100% ᠪᠠᠷ ᠣᠯᠭᠤᠬᠤ ᠶᠢᠨ ᠬᠠᠮᠲᠤ ᠰᠢᠨ᠎ᠡ ᠪᠠᠷ ᠨᠡᠭᠡᠭᠡᠭᠰᠡᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠯᠲᠡ ᠶᠢᠨ ᠵᠥᠪᠰᠢᠶᠡᠷᠡᠯ ᠢ ᠤᠷᠢᠳᠠᠪᠠᠷ ᠭᠥᠷᠳᠡᠨ᠎ᠡ᠃ ᠣᠨ ᠤ ᠰᠢᠯᠭᠠᠨ ᠲᠤᠭᠳᠠᠭᠠᠯᠲᠠ ᠳᠤ ᠰᠠᠶᠢᠨ ᠲᠠᠰ ᠢᠶᠠᠷ ᠰᠢᠯᠭᠠᠨ ᠲᠤᠭᠳᠠᠭᠠᠭᠳᠠᠭᠰᠠᠨ ᠪᠤᠯ᠂ 90% ᠪᠠᠷ ᠲᠣᠰ ᠵᠢᠯ ᠤᠨ ᠨᠥᠬᠦᠪᠦᠷᠢ ᠶᠢᠨ ᠪᠡᠯᠡ ᠮᠥᠩᠭᠦ ᠶᠢ ᠣᠯᠭᠤᠨ᠎ᠠ᠃ ᠣᠨ ᠤ ᠰᠢᠯᠭᠠᠨ ᠲᠤᠭᠳᠠᠭᠠᠯᠲᠠ ᠳᠤ ᠡᠩ ᠤᠨ ᠲᠠᠰ ᠢᠶᠠᠷ ᠲᠤᠭᠳᠠᠭᠠᠭᠳᠠᠭᠰᠠᠨ ᠪᠤᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠰᠢᠵᠤ ᠪᠠᠶᠢᠭ᠎ᠠ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ᠂ 80% ᠪᠠᠷ ᠲᠤᠬᠠᠢ ᠶᠢᠨ ᠵᠢᠯ ᠤᠨ ᠨᠥᠬᠦᠪᠦᠷᠢ ᠶᠢᠨ ᠪᠡᠯᠡ ᠮᠥᠩᠭᠦ ᠶᠢ ᠣᠯᠭᠤᠨ᠎ᠠ᠃ ᠣᠨ ᠤ ᠰᠢᠯᠭᠠᠨ  ᠲᠤᠭᠳᠠᠭᠠᠯᠲᠠ ᠳᠤ ᠦᠨᠳᠦᠰᠦᠨ ᠳᠡᠭᠡᠨ ᠬᠠᠨᠤᠮᠵᠢᠲᠠᠶ ᠳᠡᠰ ᠢᠶᠠᠷ ᠲᠤᠭᠳᠠᠭᠠᠭᠳᠠᠭᠰᠠᠨ ᠪᠤᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠰᠢᠵᠤ ᠪᠠᠶᠢᠭ᠎ᠠ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ᠂ 60% ᠪᠠᠷ ᠲᠤᠰ ᠵᠢᠯ ᠤᠨ ᠨᠥᠬᠦᠪᠦᠷᠢ ᠪᠡᠯᠡ ᠮᠥᠩᠭᠦ ᠣᠯᠭᠤᠨ᠎ᠠ᠃ ᠣᠨ ᠤ ᠰᠢᠯᠭᠠᠨ ᠲᠤᠭᠳᠠᠭᠠᠯᠲᠠ ᠳᠤ ᠬᠠᠨᠤᠮᠵᠢ ᠦᠭᠡᠢ  ᠳᠡᠰ ᠢᠶᠠᠷ ᠲᠤᠭᠳᠠᠭᠠᠭᠳᠠᠭᠰᠠᠨ ᠪᠤᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠰᠢᠵᠤ ᠪᠠᠶᠢᠭ᠎ᠠ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠭᠰᠠᠨ ᠤ ᠳᠠᠷᠠᠭ᠎ᠠ᠂ 50% ᠪᠠᠷ ᠲᠤᠬᠠᠢ ᠶᠢᠨ ᠵᠢᠯ ᠤᠨ ᠨᠥᠬᠦᠪᠦᠷᠢ ᠶᠢᠨ ᠪᠡᠯᠡ ᠮᠥᠩᠭᠦ ᠶᠢ ᠣᠯᠭᠤᠨ᠎ᠠ᠃ ᠨᠥᠬᠦᠪᠦᠷᠢ ᠶᠢᠨ ᠪᠡᠯᠡ ᠮᠥᠩᠭᠦ ᠶᠢ ᠵᠢᠯ ᠪᠦᠷᠢ 2 ᠤᠳᠠᠭ᠎ᠠ ᠬᠤᠪᠢᠶᠠᠨ ᠣᠯᠭᠤᠵᠤ᠂ ᠬᠠᠭᠠᠰ ᠵᠢᠯ ᠤᠨ ᠬᠢᠨᠠᠨ ᠰᠢᠯᠭᠠᠯᠲᠠ ᠳᠠᠭᠤᠰᠤᠭᠰᠠᠨ ᠤ ᠳᠠᠷᠠᠭ᠎ᠠ ᠬᠠᠭᠠᠰ ᠵᠢᠯ ᠤᠨ ᠨᠥᠬᠦᠪᠦᠷᠢ ᠶᠢ ᠣᠯᠭᠤᠵᠤ᠂ ᠳᠠᠷᠠᠭ᠎ᠠ ᠵᠢᠯ ᠤᠨ ᠨᠢᠭᠡᠳᠦᠭᠡᠷ ᠰᠠᠷ᠎ᠠ ᠳᠤ ᠦᠯᠡᠳᠡᠪᠦᠷᠢ ᠨᠥᠬᠦᠪᠦᠷᠢ ᠶᠢ ᠣᠯᠭᠤᠨ᠎ᠠ᠃ ᠣᠨ ᠤ ᠶᠡᠷᠦᠩᠬᠡᠢ ᠰᠢᠯᠭᠠᠨ ᠲᠤᠭᠳᠠᠭᠠᠯᠲᠠ ᠳᠤ ᠰᠢᠯᠢᠳᠡᠭ ᠳᠡᠰ ᠢᠶᠠᠷ ᠲᠤᠭᠳᠠᠭᠠᠭᠳᠠᠭᠰᠠᠨ ᠬᠤᠰᠢᠭᠤ ᠲᠣᠭᠤᠷᠢᠭ ᠤᠨ ᠬᠠᠷᠢᠶ᠎ᠠ ᠪᠦᠬᠦᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠮᠡᠬᠦ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠤᠷᠢᠳᠠᠪᠠᠷ ᠪᠣᠳᠣᠯᠬᠢᠯᠠᠬᠤ ᠬᠡᠷᠡᠭᠲᠡᠢ᠃ ᠣᠨ ᠤ ᠶᠡᠷᠦᠩᠬᠡᠢ ᠰᠢᠯᠭᠠᠨ ᠲᠤᠭᠳᠠᠭᠠᠯᠲᠠ ᠳᠤ ᠬᠠᠨᠤᠮᠵᠢ ᠦᠭᠡᠢ ᠳᠡᠰ ᠢᠶᠠᠷ ᠲᠤᠭᠳᠠᠭᠠᠭᠳᠠᠭᠰᠠᠨ ᠬᠤᠰᠢᠭᠤ ᠲᠣᠭᠤᠷᠢᠭ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠬᠤᠰᠢᠭᠤ ᠲᠤᠭᠤᠷᠢᠭ ᠤᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠬᠦ ᠶᠢᠨ ᠬᠠᠮᠲᠤ ᠪᠥᠬᠦ ᠬᠤᠲᠠ ᠶᠢᠨ ᠬᠡᠪᠴᠢᠶᠡᠨ ᠳᠤ ᠵᠠᠷᠯᠠᠨ ᠰᠢᠭᠦᠮᠵᠢᠯᠡᠵᠦ᠂ ᠲᠣᠰ ᠬᠤᠰᠢᠭᠤ ᠲᠣᠭᠤᠷᠢᠭ ᠤᠨ ᠬᠠᠷᠢᠶ᠎ᠠ ᠪᠦᠬᠦᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠲᠤᠬᠠᠢ ᠶᠢᠨ ᠵᠢᠯ ᠤᠨ ᠡᠯ᠎ᠡ ᠵᠦᠢᠯ ᠤᠨ ᠰᠢᠯᠢᠳᠡᠭ᠂ ᠲᠡᠷᠢᠭᠦᠨ ᠤ᠂ ᠵᠢᠱᠢᠶᠡᠴᠢ ᠨᠢᠭᠡᠴᠡ ᠶᠢ ᠰᠢᠯᠭᠠᠷᠠᠭᠤᠯᠬᠤ ᠵᠡᠷᠭᠡ ᠬᠢᠷᠢ ᠬᠡᠮ ᠢ  ᠨᠢ ᠬᠦᠴᠦᠨ ᠦᠭᠡᠢ ᠪᠣᠯᠭᠠᠨ᠎ᠠ᠃ ᠬᠤᠶᠠᠷ ᠵᠢᠯ ᠳᠠᠷᠠᠭᠠᠯᠠᠨ ᠶᠡᠷᠦᠩᠬᠡᠢ ᠰᠢᠯᠭᠠᠨ ᠲᠤᠭᠳᠠᠭᠠᠯᠲᠠ ᠳᠤ ᠬᠠᠨᠤᠮᠵᠢ ᠦᠭᠡᠢ ᠳᠡᠰ ᠢᠶᠠᠷ ᠲᠤᠭᠳᠠᠭᠠᠭᠳᠠᠭᠰᠠᠨ ᠬᠤᠰᠢᠭᠤ ᠲᠣᠭᠤᠷᠢᠭ  ᠢ ᠰᠢᠷ᠎ᠠ ᠫᠠᠶᠢᠰᠠ  ᠡᠯᠬᠦᠨ ᠰᠡᠷᠡᠮᠵᠢᠯᠡᠬᠦᠯᠵᠤ᠂ ᠲᠡᠭᠦᠨ ᠤ ᠬᠠᠷᠢᠶ᠎ᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ  ᠳᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠮᠡᠬᠦ ᠶᠢ ᠪᠣᠳᠣᠯᠬᠢᠯᠠᠬᠤ ᠦᠭᠡᠢ᠃                                           ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                           2022 ᠣᠨ ᠤ 2 ᠳ᠋ᠣᠭᠠᠷ ᠰᠠᠷ᠎ᠠ ᠶᠢᠨ 14 ᠤ ᠡᠳᠦᠷ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ