ᠣᠷᠳᠣᠰ ᠬᠤᠲᠠ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ  ᠪᠣᠬᠢᠷᠳᠤᠯ  ᠦᠭᠡᠢ  ᠠᠭᠤᠷᠬᠠᠢ  ᠶᠢᠨ  ᠪᠦᠲᠦᠭᠡᠨ  ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ  ︽14 · 5︾ ᠤᠨ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠬᠡᠷᠡᠭᠵᠢᠭᠦᠯᠬᠦ  ᠲᠥᠰᠥᠯ ᠢ ᠳᠠᠷᠤᠮᠠᠯᠯᠠᠨ  ᠶᠠᠪᠤᠭᠤᠯᠬᠤ ᠲᠤᠬᠠᠢ  ᠣᠷᠳᠣᠰ  ᠬᠤᠲᠠ  ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/11/24
                                              ᠤᠷᠳᠤᠰ ᠵᠠᠰᠠᠭ ᠲᠠᠷᠬᠠᠭᠠᠭᠰᠠᠨ  ﹇2022﹈ 9 ᠳ᠋ᠣᠭᠡᠷ ᠲᠣᠭᠠᠲᠤᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ︽ᠣᠷᠳᠣᠰ ᠬᠤᠲᠠ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ︽14 · 5︾ ᠤᠨ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                                                                          ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                  2022 ᠣᠨ ᠤ 2 ᠳ᠋ᠣᠭᠠᠷ ᠰᠠᠷ᠎ᠠ ᠶᠢᠨ 17 ᠤ ᠡᠳᠦᠷ         ᠣᠷᠳᠣᠰ ᠬᠤᠲᠠ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ︽14᠂ 5︾ ᠤᠨ ᠲᠥᠯᠦᠪᠵᠢᠭᠦᠯᠭᠡ  ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠬᠡᠷᠡᠭᠵᠢᠭᠦᠯᠬᠦ ᠲᠥᠰᠥᠯ     ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ  ᠦᠶ᠎ᠡ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠪᠦᠰᠡ ᠶᠢᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ  ᠠᠬᠢᠭᠤᠯᠬᠤ ᠶᠢᠨ ᠲᠤᠰᠠᠳᠠ᠂ ︽︿ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ︿14 · 5﹀ ᠤᠨ ᠲᠥᠯᠦᠪᠵᠢᠭᠦᠯᠭᠡ ︵2021 ︱ 2025 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2021﹈ 124 ᠳ᠋ᠣᠭᠡᠷ ᠲᠣᠭᠠᠲᠤ ᠂ ᠲᠤᠤᠷ᠎ᠠ ︽ᠲᠥᠯᠦᠪᠵᠢᠭᠦᠯᠭᠡ︾ ᠬᠡᠨ᠎ᠡ︶ ᠵᠢᠴᠢ ︽︿ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ  ᠢ ᠵᠠᠰᠠᠬᠤ ︿14 · 5﹀ ᠤᠨ ᠲᠥᠯᠦᠪᠵᠢᠭᠦᠯᠭᠡ﹀ ᠶᠢᠨ 2021 ︱ 2022 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠵᠥᠪᠳᠡᠯᠴᠡᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠠᠬᠢᠳᠠᠯ︾ ︵ᠥᠪᠥᠷ ᠪᠠᠶᠢᠭᠠᠯᠢ ᠪᠠᠶᠠᠯᠢᠭ ᠵᠠᠬᠢᠳᠠᠯ ﹇2021﹈ 705 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠤ᠂ ᠴᠢ ᠫᠠᠨ ᠵᠢᠩ ᠮᠧᠩ ᠰᠢ ᠭᠠᠵᠠᠷ ᠣᠷᠣᠨ ᠤ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠪᠠ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤᠳᠬᠠᠵᠤ᠂ ᠠᠭᠤᠷᠬᠠᠢ ᠶᠢᠨ ᠦᠢᠯᠡᠰ ᠤᠨ ᠬᠦᠷᠢᠶ᠎ᠡ ᠴᠠᠷᠠᠭᠠᠨ ᠳᠠᠬᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠨ ᠭᠠᠷᠭᠠᠬᠤ ᠪᠠ ᠡᠮᠬᠢᠯᠡᠨ ᠨᠡᠶᠢᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠥᠷᠨᠢᠭᠦᠯᠬᠦ ᠪᠠᠷ ᠳᠠᠮᠵᠢᠭᠤᠯᠤᠨ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠲᠥᠯᠦᠪᠵᠢᠭᠦᠯᠭᠡ︾ ᠳᠤ ᠪᠠᠭᠤᠯᠭᠠᠭᠰᠠᠨ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠴᠢ ᠫᠠᠨ ᠵᠢᠩ ᠂ ᠮᠧᠩ ᠰᠢ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠤᠨ᠎ᠠ᠃   ︵ᠬᠤᠶᠠᠷ︶ ᠦᠨᠳᠦᠰᠦᠨ ᠵᠠᠷᠴᠢᠮ   1. ᠭᠤᠣᠯ ᠴᠣᠭᠴᠠ ᠶᠢ ᠢᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ᠂ ᠦᠢᠯᠡᠳᠪᠦᠷᠢᠯᠡᠵᠤ ᠪᠠᠶᠢᠭ᠎ᠠ ᠪᠠ ᠨᠦᠬᠡ ᠪᠠᠨ ᠪᠢᠳᠡᠬᠦᠮᠵᠢᠯᠡᠭᠰᠡᠨ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠤ ᠠᠰᠠᠭᠤᠳᠠᠯ ᠢ ᠠᠭᠤᠷᠬᠠᠢ ᠶᠢᠨ ᠠᠵᠤ ᠠᠬᠤᠶᠢᠯᠠᠯ ᠠᠴᠠ ᠬᠠᠷᠢᠭᠤᠴᠠᠨ ᠵᠠᠰᠠᠨ᠎ᠠ︔ ᠴᠢ ᠫᠠᠨ ᠵᠢᠩ᠂ ᠮᠧᠩ ᠰᠢ ᠭᠠᠵᠠᠷ ᠤᠷᠤᠨ ᠤ ᠲᠡᠦᠬᠡ ᠶᠢᠨ ᠦᠯᠡᠳᠡᠭᠳᠡᠯ ᠵᠢᠴᠢ ᠬᠠᠶᠠᠭᠳᠠᠮᠠᠯ ᠡᠵᠡᠨ ᠦᠭᠡᠢ ᠠᠭᠤᠷᠬᠠᠢ ᠶᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠠᠴᠠ ᠬᠠᠷᠢᠭᠤᠴᠠᠨ ᠵᠠᠰᠠᠨ᠎ᠠ᠃   2. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠣᠷᠣᠨ ᠬᠤᠪᠢᠶᠠᠨ ᠵᠠᠰᠠᠬᠤ ᠶᠢ ᠪᠠᠷᠢᠮᠲᠠᠯᠠᠨ᠎ᠠ᠃ ᠣᠷᠣᠨ ᠪᠦᠰᠡ ᠶᠢᠨ ᠪᠠᠶᠢᠭᠠᠯᠢ ᠶᠢᠨ ᠣᠷᠴᠢᠨ ᠲᠣᠭᠤᠷᠢᠨ ᠤ ᠨᠥᠬᠦᠴᠡᠯ ᠢ ᠦᠨᠳᠦᠰᠦᠯᠡᠨ᠂ ᠭᠠᠵᠠᠷ ᠤᠨ ᠭᠠᠢ ᠭᠠᠮᠰᠢᠭ ᠤᠨ ᠳᠠᠯᠳᠠ ᠬᠡᠮ ᠢ ᠠᠷᠢᠯᠭᠠᠬᠤ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠦᠵᠡᠮᠵᠢ ᠶᠢ ᠰᠡᠷᠭᠦᠭᠡᠬᠦ ᠪᠠᠷ ᠭᠤᠣᠯ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠨ᠂ ᠬᠥᠮᠥᠨ ᠤ ᠬᠦᠴᠦ ᠪᠠᠷ ᠰᠡᠷᠭᠦᠭᠡᠬᠦ ᠪᠠᠷ ᠬᠠᠪᠰᠤᠷᠤᠮᠵᠢ ᠪᠣᠯᠭᠠᠬᠤ ᠠᠷᠭ᠎ᠠ ᠮᠠᠶ᠋ᠢᠭ ᠢᠶᠠᠷ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠯᠤᠭ᠎ᠠ ᠬᠠᠷᠢᠯᠴᠠᠨ ᠵᠣᠬᠢᠴᠠᠭᠤᠯᠬᠤ ᠶᠢ ᠪᠡᠶᠡᠯᠡᠭᠦᠯᠦᠨ᠎ᠡ᠃ ᠦᠢᠯᠡᠳᠪᠦᠷᠢᠯᠡᠯ ᠠᠭᠤᠷᠬᠠᠢ ᠲᠥᠪᠯᠡᠷᠡᠭᠰᠡᠨ᠂ ᠨᠦᠬᠡ ᠮᠠᠯᠲᠠᠵᠤ ᠰᠢᠷᠣᠢ ᠭᠠᠳᠠᠭᠰᠢᠯᠠᠭᠤᠯᠬᠤ ᠲᠠᠯᠠᠪᠠᠶ ᠨᠢᠭᠲᠠᠷᠠᠭᠰᠠᠨ᠂ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠨᠢ ᠡᠮᠬᠢ ᠵᠠᠮᠪᠠᠷᠠᠭ᠎ᠠ ᠦᠭᠡᠢ ᠣᠷᠣᠨ ᠪᠦᠰᠡ ᠶᠢ ᠲᠦᠪᠯᠡᠷᠡᠬᠦᠯᠦᠨ ᠵᠠᠯᠭᠠᠯᠳᠤᠭᠤᠯᠤᠨ ᠵᠠᠰᠠᠬᠤ ᠠᠷᠭ᠎ᠠ ᠮᠠᠶ᠋ᠢᠭ ᠢᠶᠠᠷ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ︔ ᠪᠤᠰᠤᠳ ᠪᠤᠲᠠᠷᠠᠨ ᠲᠠᠷᠬᠠᠵᠤ ᠪᠠᠶᠢᠭ᠎ᠠ ᠠᠭᠤᠷᠬᠠᠢ ᠨᠤᠭᠤᠳ ᠲᠤ ︽ᠦᠢᠯᠡᠳᠪᠦᠷᠢᠯᠡᠬᠦ ᠶᠢᠨ ᠳᠠᠭᠠᠤ ᠵᠠᠰᠠᠵᠤ᠂ ᠵᠠᠰᠠᠪᠠᠰᠤ ᠵᠣᠬᠢᠬᠤ ᠶᠢ ᠨᠢ ᠴᠥᠮ ᠵᠠᠰᠠᠬᠤ︾ ᠶᠢ  ᠪᠠᠷᠢᠮᠲᠠᠯᠠᠨ᠎ᠠ᠃   3. ᠡᠮᠬᠢᠯᠡᠨ ᠨᠡᠶᠢᠯᠡᠭᠦᠯᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠯᠠᠪᠳᠠᠭᠤᠨ ᠢᠶᠠᠷ ᠠᠬᠢᠭᠤᠯᠤᠨ᠎ᠠ᠃ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠨ ᠭᠠᠷᠭᠠᠬᠤ ᠪᠠ  ᠡᠮᠬᠢᠯᠡᠨ ᠨᠡᠶᠢᠯᠡᠬᠦᠯᠬᠦ ᠪᠠᠷ ᠠᠵᠠ ᠲᠣᠬᠢᠶᠠᠯ ᠪᠣᠯᠭᠠᠵᠤ᠂ ᠦᠢᠯᠡᠳᠪᠦᠷᠢᠯᠡᠯ ᠤᠨ ᠬᠡᠪᠴᠢᠶ᠎ᠡ ᠶᠢ ᠦᠷᠭᠡᠳᠭᠡᠵᠤ᠂ ᠠᠵᠤ ᠠᠬᠤᠶᠢᠯᠠᠯ ᠤᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠣᠷᠣᠨ ᠪᠦᠰᠡ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ ᠡᠭᠦᠳᠦᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠦᠨ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠵᠤ᠂ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠶᠢ ᠴᠢᠬᠤᠯᠠᠴᠢᠯᠠᠵᠤ᠂ ᠠᠭᠤᠷᠬᠠᠢ ᠶᠢᠨ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃   ︵ᠭᠤᠷᠪᠠ︶ ᠭᠤᠣᠯ ᠬᠠᠷᠠᠯᠲᠠ     2022 ᠣᠨ ᠤ ᠰᠡᠭᠦᠯᠴᠢ ᠪᠣᠯᠬᠤ ᠳᠤ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠲᠦᠪᠯᠡᠷᠡᠬᠦᠯᠦᠨ ᠵᠠᠯᠭᠠᠯᠳᠤᠭᠤᠯᠤᠨ ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠲᠥᠰᠥᠯ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠶᠢ ᠪᠡᠶᠡᠯᠡᠭᠦᠯᠵᠦ᠂  ᠲᠦᠪᠯᠡᠷᠡᠬᠦᠯᠦᠨ ᠵᠠᠯᠭᠠᠯᠳᠤᠭᠤᠯᠤᠨ ᠵᠠᠰᠠᠬᠤ ᠪᠠᠷᠢᠯᠭ᠎ᠠ  ᠶᠢ ᠪᠥᠬᠦ ᠲᠠᠯ᠎ᠠ ᠪᠠᠷ ᠬᠡᠷᠡᠭᠵᠢᠬᠦᠯᠵᠤ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ  ᠡᠵᠡᠨ ᠦᠭᠡᠢ ᠠᠭᠤᠷᠬᠠᠢ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠪᠠ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠲᠠᠭᠠᠭᠤᠯᠢ ᠤᠳᠤᠨ᠂ ᠵᠢᠯᠤᠭᠤᠴᠢ ᠦᠬᠡᠢ ᠨᠢᠰᠭᠡᠯ ᠪᠠ ᠭᠠᠵᠠᠷ ᠲᠡᠭᠡᠷᠡᠬᠢ ᠲᠦᠬᠦᠬᠡᠷᠦᠮᠵᠢ ᠶᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠬᠦ ᠪᠠᠷᠢᠯᠭ᠎ᠠ ᠶᠢ ᠪᠡᠶᠡᠯᠡᠭᠦᠯᠵᠦ᠂ ᠣᠷᠣᠨ ᠪᠦᠰᠡ ᠶᠢᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠶᠡᠷᠦᠩᠬᠡᠢ ᠬᠤᠪᠢᠷᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠳᠡᠨ᠎ᠡ᠃ ᠠᠭᠤᠷᠬᠠᠢ ᠶᠢᠨ ᠠᠵᠤ ᠠᠬᠤᠶᠢᠯᠠᠯ ᠢ ᠱᠠᠭᠠᠷᠳᠠᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠯᠭᠠᠵᠤ᠂ ᠣᠷᠣᠨ ᠪᠦᠰᠡ ᠶᠢᠨ ᠳᠣᠲᠣᠷᠠᠬᠢ ᠪᠣᠶ ᠪᠦᠬᠦᠢ ᠠᠭᠤᠷᠬᠠᠢ ᠶᠢᠨ ᠠᠵᠤ ᠠᠬᠤᠶᠢᠯᠠᠯ ᠤᠳ ᠲᠣᠰ ᠲᠣᠰ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠡᠭᠦᠷᠭᠡ ᠶᠢᠨ ᠢᠶᠠᠨ 80% ᠠᠴᠠ ᠳᠡᠭᠡᠭᠰᠢᠬᠢ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠪᠣᠬᠢᠷᠳᠤᠯ ᠦᠭᠡᠢ ᠠᠭᠤᠷᠬᠠᠢ ᠶᠢ ᠶᠠᠳᠠᠬᠤ ᠳᠠᠭᠠᠨ 12 ᠰᠢᠨ᠎ᠡ ᠪᠠᠷ ᠪᠠᠶᠢᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠣᠨ ᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠣᠬᠢᠷᠳᠤᠯ ᠦᠭᠡᠢ ᠠᠭᠤᠷᠬᠠᠢ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠬᠦᠯᠵᠤ᠂ ᠠᠰᠠᠭᠤᠳᠠᠯ ᠲᠠᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠢ ᠪᠣᠬᠢᠷᠳᠤᠯ ᠦᠭᠡᠢ ᠠᠭᠤᠷᠬᠠᠢ ᠶᠢ ᠪᠣᠬᠢᠷᠳᠤᠯ ᠦᠭᠡᠢ ᠠᠭᠤᠷᠬᠠᠢ ᠶᠢᠨ ᠨᠡᠷᠡᠰ ᠤᠨ ᠬᠥᠮᠥᠷᠭᠡ ᠠᠴᠠ ᠰᠢᠯᠵᠢᠭᠦᠯᠦᠨ ᠭᠠᠷᠭᠠᠨ᠎ᠠ᠃   2023 ᠣᠨ ᠤ ᠰᠡᠭᠦᠯᠴᠢ ᠪᠣᠯᠬᠤ ᠳᠤ᠂ ᠣᠷᠣᠨ ᠪᠦᠰᠡ ᠶᠢᠨ ᠪᠣᠶ ᠪᠦᠬᠦᠢ ᠠᠭᠤᠷᠬᠠᠢ ᠳᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠤᠰ ᠤᠨ ᠲᠠᠰ ᠤᠨ ᠪᠣᠬᠢᠷᠳᠤᠯ ᠦᠭᠡᠢ ᠠᠭᠤᠷᠬᠠᠢ ᠶᠢ ᠶᠠᠳᠠᠬᠤ ᠳᠠᠭᠠᠨ 1 ᠰᠢᠨ᠎ᠡ ᠪᠠᠷ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ ᠦᠭᠡᠢ ᠠᠭᠤᠷᠬᠠᠢ ᠶᠢ ᠶᠠᠳᠠᠬᠤ ᠳᠠᠭᠠᠨ 6 ᠪᠠᠶᠢᠯᠭᠠᠨ᠎ᠠ᠃ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠲᠠᠯᠠᠪᠠᠶ ᠨᠢ ᠵᠠᠰᠠᠬᠤ ᠶᠣᠰᠣᠲᠠᠢ ᠲᠠᠯᠠᠪᠠᠶ ᠶᠢᠨ 40% ᠶᠢ ᠡᠵᠡᠯᠡᠨ᠎ᠡ᠃2024 ᠣᠨ ᠤ ᠰᠡᠭᠦᠯᠴᠢ ᠪᠣᠯᠬᠤ ᠳᠤ᠂ ᠣᠷᠣᠨ ᠪᠦᠰᠡ ᠶᠢᠨ ᠪᠣᠶ ᠪᠦᠬᠦᠢ ᠠᠭᠤᠷᠬᠠᠢ ᠳᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠲᠠᠰ ᠤᠨ ᠪᠣᠬᠢᠷᠳᠤᠯ ᠦᠭᠡᠢ ᠠᠭᠤᠷᠬᠠᠢ ᠶᠢ  ᠶᠠᠳᠠᠬᠤ ᠳᠠᠭᠠᠨ 1 ᠰᠢᠨ᠎ᠡ ᠪᠠᠷ ᠪᠠᠶᠢᠭᠤᠯᠵᠤ᠂ ᠪᠦᠬᠦᠨ ᠢ ᠦᠨᠡᠯᠡᠨ ᠵᠢᠱᠢᠵᠦ ᠰᠢᠯᠭᠠᠨ ᠬᠤᠷᠢᠶᠠᠬᠤ ᠪᠠᠷ ᠮᠡᠳᠡᠭᠦᠯᠦᠨ᠎ᠡ᠃ ᠰᠢᠯᠭᠠᠨ ᠬᠤᠷᠢᠶᠠᠯᠲᠠ ᠳᠤ ᠪᠠᠷᠢᠮᠵᠢᠶ᠎ᠠ ᠳᠤ  ᠬᠦᠷᠦᠭᠰᠡᠨ ᠦᠭᠡᠢ  ᠪᠤᠯ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ 2025 ᠣᠨ ᠤ ᠵᠢᠯ ᠤᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠪᠣᠶ ᠪᠦᠬᠦᠢ ᠠᠭᠤᠷᠬᠠᠢ ᠶᠢ ᠪᠦᠬᠦᠨ ᠢ ᠰᠢᠯᠭᠠᠨ  ᠬᠤᠷᠢᠶᠠᠯᠲᠠ ᠳᠤ ᠬᠢᠷᠢ ᠲᠡᠩᠴᠡᠭᠦᠯᠬᠦ ᠶᠢ ᠦᠨᠡᠨᠬᠦ ᠪᠠᠲᠤᠯᠠᠨ᠎ᠠ᠃ ᠲᠦᠪᠯᠡᠷᠡᠬᠦᠯᠦᠨ ᠵᠠᠯᠭᠠᠯᠳᠤᠭᠤᠯᠤᠨ ᠵᠠᠰᠠᠬᠤ ᠲᠠᠯᠠᠪᠠᠢ ᠨᠢ ᠵᠠᠰᠠᠪᠠᠰᠤ ᠵᠣᠬᠢᠬᠤ ᠲᠠᠯᠠᠪᠠᠢ ᠶᠢᠨ 70% ᠶᠢ ᠡᠵᠡᠯᠡᠨ᠎ᠡ᠃   2025 ᠣᠨ ᠤ ᠰᠡᠭᠦᠯᠴᠢ ᠪᠤᠯᠬᠤ ᠳᠤ᠂ ᠣᠷᠣᠨ ᠪᠦᠰᠡ ᠶᠢᠨ ᠪᠣᠶ ᠪᠦᠬᠦᠢ ᠠᠭᠤᠷᠬᠠᠢ ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠥᠯᠥ ᠨᠡᠶᠢᠴᠡᠬᠦ ᠠᠭᠤᠷᠬᠠᠢ ᠶᠢᠨ ᠠᠵᠤ ᠠᠬᠤᠶᠢᠯᠠᠯ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃ ᠲᠥᠪᠯᠡᠷᠡᠭᠦᠯᠦᠨ ᠵᠠᠯᠭᠠᠯᠳᠤᠭᠤᠯᠤᠨ ᠵᠠᠰᠠᠭᠰᠠᠨ ᠦᠷ᠎ᠡ ᠪᠦᠲᠦᠮᠵᠢ ᠢᠯᠡᠷᠬᠡᠢ ᠪᠠᠶᠢᠵᠤ᠂ ᠲᠥᠪᠯᠡᠷᠡᠭᠦᠯᠦᠨ ᠵᠠᠯᠭᠠᠯᠳᠤᠭᠤᠯᠤᠨ ᠵᠠᠰᠠᠭᠰᠠᠨ ᠲᠠᠯᠠᠪᠠᠶ ᠨᠢ ᠵᠠᠰᠠᠪᠠᠰᠤ ᠵᠣᠬᠢᠬᠤ ᠲᠠᠯᠠᠪᠠᠶ ᠶᠢᠨ 100% ᠶᠢ ᠡᠵᠡᠯᠡᠵᠦ᠂ ᠵᠠᠰᠠᠪᠠᠰᠤ ᠵᠣᠬᠢᠬᠤ ᠶᠢ ᠨᠢ ᠪᠦᠬᠦᠨ ᠢ ᠵᠠᠰᠠᠵᠤ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢ ᠢᠯᠡᠳᠲᠡ ᠦᠷ᠎ᠡ ᠪᠦᠲᠦᠮᠵᠢ ᠲᠠᠢ ᠪᠤᠯᠭᠠᠨ᠎ᠠ ᠃    ᠬᠤᠶᠠᠷ᠂ ᠭᠤᠣᠯᠳᠠᠯᠭ᠎ᠠ ᠲᠠᠢ ᠡᠭᠦᠷᠭᠡ    ︵ᠨᠢᠭᠡ︶ ︽ᠲᠥᠯᠦᠪᠵᠢᠭᠦᠯᠭᠡ︾ ᠶᠢ ᠡᠷᠡᠰ ᠲᠤᠤᠱᠯᠠᠭᠤᠯᠤᠨ ᠨᠠᠶᠢᠲᠠᠪᠤᠷᠢᠵᠢᠭᠤᠯᠤᠨ᠎ᠠ᠃ ᠠᠵᠢᠯ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠵᠦ᠂ ︽ᠤᠲᠤᠭ ᠬᠤᠰᠢᠭᠤᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ︽14 · 5︾  ᠤᠨ ᠲᠥᠯᠦᠪᠵᠢᠭᠦᠯᠭᠡ  ᠶᠢ ᠢᠵᠢ ᠪᠦᠷᠢᠳᠦᠭᠦᠯᠦᠨ ᠲᠣᠭᠲᠠᠭᠠᠵᠤ᠂ ᠴᠢ ᠫᠠᠨ ᠵᠢᠩ ᠂ ᠮᠧᠩ ᠰᠢ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠭᠤᠣᠯᠳᠠᠯᠭ᠎ᠠ᠂ ᠬᠦᠴᠢᠷᠳᠡᠯ ᠪᠠ ᠲᠦᠭᠵᠢᠷᠡᠯ ᠢ ᠨᠠᠷᠢᠨ ᠬᠢᠨᠠᠮᠠᠭᠠᠢ ᠵᠠᠳᠠᠯᠵᠤ᠂ ᠵᠠᠰᠠᠬᠤ ᠬᠠᠷᠠᠯᠲᠠ᠂ ᠱᠠᠭᠠᠷᠳᠠᠯᠭ᠎ᠠ᠂  ᠠᠷᠭ᠎ᠠ ᠮᠠᠶ᠋ᠢᠭ ᠪᠠ ᠪᠠᠷᠢᠮᠵᠢᠶ᠎ᠠ ᠶᠢ ᠲᠤᠳᠤᠷᠬᠠᠶᠢᠯᠠᠵᠤ᠂ ᠵᠠᠰᠠᠬᠤ ᠡᠭᠦᠷᠭᠡ ᠶᠢᠨ ᠨᠠᠷᠢᠨ ᠬᠠᠭᠤᠳᠠᠰᠤ ᠶᠢ ᠵᠢᠭᠰᠠᠭᠠᠵᠤ᠂ ᠬᠡᠷᠡᠭᠵᠢᠭᠦᠯᠬᠦ ᠠᠬᠢᠴᠠ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠠᠭᠤᠷᠬᠠᠢ ᠶᠢᠨ ᠣᠷᠴᠢᠨ ᠲᠣᠭᠤᠷᠢᠨ ᠢ  ᠵᠠᠰᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠯᠦᠪᠵᠢᠭᠦᠯᠭᠡ ᠶᠢ ᠪᠤᠰᠤᠳᠴᠢ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠯᠠᠪᠳᠠᠭᠤᠨ ᠢᠶᠠᠷ ᠠᠬᠢᠭᠤᠯᠵᠤ᠂ ᠬᠠᠷᠠᠯᠲᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠵᠦᠢᠯᠡᠰ ᠢ ᠦᠨᠡᠨ ᠬᠦ ᠬᠡᠷᠡᠭᠵᠢᠭᠦᠯᠵᠦ ᠴᠢᠳᠠᠬᠤ᠂ ᠪᠡᠯᠡ ᠮᠥᠩᠭᠦ ᠶᠢᠨ ᠢᠷᠡᠯᠲᠡ ᠶᠢ ᠪᠠᠲᠤᠯᠠᠭ᠎ᠠ ᠲᠠᠢ ᠪᠠᠶᠢᠯᠭᠠᠬᠤ᠂ ᠦᠷ᠎ᠡ ᠪᠦᠲᠦᠮᠵᠢ ᠶᠢ ᠳᠤᠲᠠᠭᠤ ᠲᠤᠷᠭᠤᠨ ᠪᠠᠶᠢᠯᠭᠠᠬᠤ ᠦᠭᠡᠢ ᠪᠠᠶᠢᠬᠤ ᠶᠢ  ᠪᠡᠶᠡᠯᠡᠬᠦᠯᠦᠨ᠎ᠡ᠃    ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔    ᠬᠢᠨᠠᠨ ᠬᠠᠮᠢᠶᠠᠷᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃    ︵ᠬᠤᠶᠠᠷ︶ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠬᠢᠨᠠᠨ ᠰᠢᠨᠵᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠤ ᠲᠠᠭᠠᠭᠤᠯᠢ ᠤᠳᠤᠨ᠂ ᠵᠢᠯᠤᠭᠤᠴᠢ ᠦᠬᠡᠢ ᠨᠢᠰᠬᠡᠯ ᠪᠠ ᠭᠠᠵᠠᠷ ᠳᠡᠭᠡᠷᠡᠬᠢ ᠲᠦᠬᠦᠬᠡᠷᠦᠮᠵᠢ ᠶᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠬᠦ ᠪᠠᠷᠢᠯᠭ᠎ᠠ ᠶᠢ ᠥᠷᠨᠢᠭᠦᠯᠵᠦ᠂ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠤᠨ ᠨᠢᠭᠡᠴᠡ ᠶᠢᠨ ᠳᠡᠮᠵᠢᠯᠭᠡ ᠳᠣᠣᠷ᠎ᠠ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠲᠡᠷᠢᠭᠦᠨ ᠤ ᠮᠡᠷᠭᠡᠵᠢᠯ ᠢ ᠭᠦᠢᠴᠡᠳ ᠠᠰᠢᠭᠯᠠᠨ ᠭᠤᠣᠯᠳᠠᠯᠭ᠎ᠠ ᠲᠠᠢ ᠠᠭᠤᠷᠬᠠᠢ᠂ ᠲᠦᠪᠯᠡᠷᠡᠬᠦᠯᠦᠨ ᠵᠠᠯᠭᠠᠯᠳᠤᠭᠤᠯᠤᠨ ᠵᠠᠰᠠᠬᠤ ᠣᠷᠣᠨ ᠪᠠ ᠲᠡᠤᠬᠡᠨ ᠠᠴᠠ ᠦᠯᠡᠳᠡᠭᠳᠡᠵᠦ ᠢᠷᠡᠭᠰᠡᠨ ᠵᠢᠴᠢ ᠬᠠᠶᠠᠭᠳᠠᠮᠠᠯ ᠡᠵᠡᠨ ᠦᠭᠡᠢ ᠠᠭᠤᠷᠬᠠᠢ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠥᠷᠨᠢᠭᠦᠯᠵᠦ᠂ ᠣᠷᠣᠨ ᠪᠦᠰᠡ ᠶᠢᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠶᠡᠷᠦᠩᠬᠡᠢ ᠬᠤᠪᠢᠷᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠎ᠡ᠃  ᠪᠤᠢ ᠪᠦᠬᠦᠢ ᠦᠢᠯᠡᠳᠪᠦᠷᠢᠯᠡᠯ ᠤᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠠᠰᠠᠭᠤᠳᠠᠯ ᠢ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ᠂ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠪᠤᠳᠤᠵᠤ ᠠᠪᠬᠤ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠭᠰᠠᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠠᠭᠤᠷᠬᠠᠢ ᠳᠠᠷᠠᠭᠠᠯᠠᠨ ᠠᠰᠠᠭᠤᠳᠠᠯ ᠤᠨ ᠨᠠᠷᠢᠨ ᠬᠠᠭᠤᠳᠠᠰᠤ ᠶᠢ ᠵᠢᠭᠰᠠᠭᠠᠵᠤ᠂ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠤᠳᠤᠷᠬᠠᠶᠢᠯᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠰᠠᠶᠢᠵᠢᠷᠠᠭᠤᠯᠤᠨ᠎ᠠ᠃    ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔    ᠬᠢᠨᠠᠨ ᠬᠠᠮᠢᠶᠠᠷᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃     ︵ᠭᠤᠷᠪᠠ︶ ᠦᠢᠯᠡᠳᠪᠦᠷᠢᠯᠡᠯ ᠤᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠪᠠ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠶᠢ ᠴᠢᠩᠭᠠᠳᠬᠠᠨ᠎ᠠ᠃ ᠦᠢᠯᠡᠳᠪᠦᠷᠢᠯᠡᠯ ᠤᠨ ᠠᠭᠤᠷᠬᠠᠢ ᠳᠤ ︽ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 592 ᠳ᠋ᠤᠭᠠᠷ ᠲᠣᠭᠠᠲᠤ ᠵᠠᠷᠯᠢᠭ︶᠂ ︽ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠬᠠᠮᠠᠭᠠᠯᠠᠬᠤ ᠲᠣᠭᠲᠠᠭᠠᠯ︾ ︵ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠤ 44 ᠳ᠋ᠤᠭᠡᠷ ᠲᠣᠭᠠᠲᠤ ᠵᠠᠷᠯᠢᠭ ᠂ 2019 ᠣᠨ ᠳᠤ ᠵᠠᠰᠠᠪᠤᠷᠢ ᠣᠷᠣᠭᠤᠯᠪᠠ︶᠂ ︽ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠳᠦᠷᠢᠮ ᠢ ᠬᠡᠷᠡᠭᠵᠢᠭᠦᠯᠬᠦ ᠠᠷᠭ᠎ᠠ︾ ︵ᠤᠯᠤᠰ ᠤᠨ ᠭᠠᠵᠠᠷ ᠰᠢᠷᠣᠢ  ᠶᠢᠨ ᠡᠬᠢ ᠪᠠᠶᠠᠯᠢᠭ ᠤᠨ ᠶᠠᠮᠤᠨ ᠤ  56 ᠳ᠋ᠤᠭᠠᠷ ᠲᠣᠭᠠᠲᠤ ᠵᠠᠷᠯᠢᠭ᠂ 2019 ᠣᠨ ᠳᠤ ᠵᠠᠰᠠᠪᠤᠷᠢ ᠣᠷᠣᠭᠤᠯᠪᠠ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ︾ ︵2021 ᠣᠨ ᠳᠤ ᠵᠠᠰᠠᠪᠤᠷᠢ ᠣᠷᠣᠭᠤᠯᠪᠠ︶᠂ ︽ᠣᠷᠳᠣᠰ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠬᠦᠯᠵᠤ ︽ᠦᠢᠯᠡᠳᠪᠦᠷᠢᠯᠡᠬᠦ ᠶᠢᠨ ᠳᠠᠭᠠᠤ ᠵᠠᠰᠠᠵᠤ᠂ ᠳᠠᠬᠢᠨ ᠬᠠᠭᠠᠯᠪᠤᠷᠢᠯᠠᠬᠤ︾ ᠶᠢ ᠪᠡᠶᠡᠯᠡᠭᠦᠯᠦᠨ᠎ᠡ᠃    1. ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠪᠤᠳᠤᠵᠤ ᠭᠠᠷᠭᠠᠨ ᠠᠪᠴᠤ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠰᠠᠭᠤᠷᠢ ᠮᠥᠩᠭᠦ ᠶᠢ ᠪᠤᠳᠤᠵᠤ ᠭᠠᠷᠭᠠᠨ ᠠᠪᠬᠤ ᠪᠠ ᠬᠡᠷᠡᠭᠯᠡᠬᠦ ᠶᠢ ᠬᠢᠨᠠᠨ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠠᠭᠤᠷᠬᠠᠢ ᠶᠢᠨ ᠠᠵᠤ ᠠᠬᠤᠶᠢᠯᠠᠯ ᠢ ᠱᠠᠭᠠᠷᠳᠠᠭᠤᠯᠵᠤ ᠪᠠᠶᠢᠭᠠᠳ ᠰᠠᠭᠤᠷᠢ ᠮᠥᠩᠭᠦ ᠶᠢ ᠭᠦᠢᠴᠡᠳ ᠲᠤᠭ᠎ᠠ ᠪᠠᠷ ᠪᠤᠳᠤᠵᠤ ᠭᠠᠷᠭᠠᠨ ᠠᠪᠬᠤ ᠶᠢᠨ ᠬᠠᠮᠲᠤ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠭᠦᠯᠬᠦ ᠬᠡᠷᠡᠭᠲᠡᠢ᠃    2. ᠦᠢᠯᠡᠳᠪᠦᠷᠢᠯᠡᠯ ᠤᠨ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠵᠤ ᠠᠬᠤᠶᠢᠯᠠᠯ ᠤᠳ ᠠᠭᠤᠷᠬᠠᠢ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠥᠯ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠵᠡᠷᠭᠡ ᠱᠠᠭᠠᠷᠳᠠᠯᠭ᠎ᠠ ᠶᠢ ᠴᠢᠩᠭ᠎ᠠ  ᠵᠢᠷᠤᠮᠯᠠᠵᠤ᠂ ᠡᠯ᠎ᠡ ᠱᠠᠲᠤ ᠦᠶ᠎ᠡ ᠶᠢᠨ ᠵᠠᠰᠠᠬᠤ ᠠᠵᠢᠯ ᠢ ᠱᠠᠲᠤ ᠬᠤᠪᠢᠶᠠᠨ᠂ ᠲᠥᠯᠥᠪᠯᠡᠭᠡ ᠶᠣᠰᠣᠭᠠᠷ ᠪᠡᠶᠡᠯᠡᠭᠦᠯᠬᠦ ᠬᠡᠷᠡᠭᠲᠡᠢ᠃ ᠮᠠᠯᠲᠠᠵᠤ ᠪᠣᠯᠬᠤ ᠵᠢᠯ ᠬᠤᠭᠤᠴᠠᠭ᠎ᠠ ᠨᠢ ᠲᠠᠪᠤᠨ ᠵᠢᠯ ᠤᠨ ᠳᠣᠲᠣᠷ᠎ᠠ ᠪᠠᠶᠢᠭ᠎ᠠ ᠠᠭᠤᠷᠬᠠᠢ ᠳᠤ᠂ ᠲᠣᠭᠲᠠᠭᠠᠯ ᠶᠣᠰᠣᠭᠠᠷ ᠨᠦᠬᠡ ᠪᠢᠲᠡᠭᠦᠮᠵᠢᠯᠡᠬᠦ ᠲᠠᠰ ᠳᠠᠷᠠᠭᠠᠯᠠᠯ ᠢ ᠬᠡᠷᠡᠭᠵᠢᠭᠦᠯᠵᠦ᠂ ᠨᠦᠬᠡ ᠪᠢᠲᠡᠭᠦᠮᠵᠢᠯᠡᠬᠦ ᠠᠴᠠ ᠡᠮᠦᠨ᠎ᠡ  ᠱᠠᠭᠠᠷᠳᠠᠯᠭ᠎ᠠ ᠶᠣᠰᠣᠭᠠᠷ ᠠᠭᠤᠷᠬᠠᠢ ᠶᠢᠨ ᠣᠷᠣᠨ ᠳᠠᠬᠢ ᠡᠪᠳᠡᠭᠳᠡᠭᠰᠡᠨ ᠭᠡᠰᠡᠭ ᠲᠤ ᠵᠣᠬᠢᠴᠠᠩᠭᠤᠢ ᠵᠠᠰᠠᠯᠲᠠ ᠬᠢᠵᠦ᠂ ᠠᠭᠤᠷᠬᠠᠢ ᠮᠠᠯᠲᠠᠬᠤ ᠡᠷᠬᠡᠲᠦ ᠬᠥᠮᠥᠨ ᠪᠤᠶᠤ ᠵᠠᠰᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ  ᠱᠠᠭᠠᠷᠳᠠᠭᠤᠯᠵᠤ ᠪᠠᠶᠢᠭᠠᠳ ᠨᠦᠬᠡ ᠪᠢᠲᠡᠭᠦᠮᠵᠢᠯᠡᠵᠦ ᠵᠠᠰᠠᠬᠤ ᠲᠥᠰᠥᠯ ᠢ ᠲᠦᠷᠭᠡᠬᠡᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠡᠭᠦᠷᠭᠡ ᠶᠢ ᠪᠡᠶᠡᠯᠡᠭᠦᠯᠬᠦ ᠬᠡᠷᠡᠭᠲᠡᠢ︔ ᠨᠡᠭᠡᠭᠡᠨ ᠮᠠᠯᠲᠠᠭᠰᠠᠨ ᠵᠢᠯ ᠬᠤᠭᠤᠴᠠᠭ᠎ᠠ ᠨᠢ ᠲᠠᠪᠤᠨ ᠵᠢᠯ ᠠᠴᠠ ᠢᠯᠡᠬᠦᠦ ᠪᠠᠶᠢᠭ᠎ᠠ ᠠᠭᠤᠷᠬᠠᠢ ᠶᠢ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠪᠣᠯᠣᠨ ᠣᠨ ᠤ ᠵᠠᠰᠠᠬᠤ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠵᠠᠰᠠᠬᠤ ᠶᠢᠨ ᠬᠠᠮᠲᠤ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠱᠠᠲᠤ ᠦᠶ᠎ᠡ ᠶᠢᠨ ᠰᠢᠯᠭᠠᠨ ᠬᠤᠷᠢᠶᠠᠯᠲᠠ ᠶᠢ ᠭᠤᠶᠤᠴᠢᠯᠠᠵᠤ᠂ ᠬᠢᠨᠠᠨ ᠬᠡᠮᠵᠢᠬᠦ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃    ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔    ᠬᠢᠨᠠᠨ ᠬᠠᠮᠢᠶᠠᠷᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠃︵ᠳᠥᠷᠪᠡ︶ ᠦᠢᠯᠡᠳᠪᠦᠷᠢᠯᠡᠯ ᠠᠭᠤᠷᠬᠠᠢ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ  ᠪᠠᠷᠢᠯᠭ᠎ᠠ ᠶᠢ  ᠬᠡᠷᠡᠭᠵᠢᠭᠦᠯᠦᠨ᠎ᠡ᠃ ᠠᠭᠤᠷᠬᠠᠢ ᠶᠢᠨ ᠠᠰᠠᠭᠤᠳᠠᠯ ᠲᠥᠪᠯᠡᠷᠡᠭᠰᠡᠨ ᠣᠷᠣᠨ ᠪᠦᠰᠡ ᠳᠤ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠪᠠᠷᠢᠯᠭ᠎ᠠ ᠶᠢ ᠥᠷᠨᠢᠭᠦᠯᠵᠦ᠂ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠬᠠᠶᠠᠭᠳᠠᠮᠠᠯ ᠪᠤᠳᠠᠰ ᠭᠠᠳᠠᠭᠰᠢᠯᠠᠭᠤᠯᠬᠤ ᠤᠷᠤᠨ ᠤ ᠭᠠᠳᠠᠭᠰᠢᠯᠠᠭᠤᠯᠬᠤ ᠴᠠᠭ ᠤᠨ ᠳᠠᠷᠠᠭᠠᠯᠠᠯ ᠢ ᠨᠢᠭᠡᠳᠦᠯᠲᠡᠢ  ᠲᠦᠯᠦᠪᠯᠡᠵᠤ᠂ ᠵᠠᠯᠭᠠᠯᠳᠤᠭᠰᠠᠨ ᠬᠡᠪᠴᠢᠶᠡᠵᠢᠭᠦᠯᠦᠭᠰᠡᠨ ᠰᠢᠷᠣᠢ ᠭᠠᠳᠠᠭᠰᠢᠯᠠᠭᠤᠯᠬᠤ ᠲᠠᠯᠠᠪᠠᠶ ᠶᠢ ᠪᠣᠶ ᠪᠣᠯᠭᠠᠵᠤ᠂ ᠵᠠᠰᠠᠬᠤ ᠵᠠᠭᠪᠤᠷ ᠪᠠ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠠᠭᠤᠷᠬᠠᠢ ᠶᠢᠨ ᠦᠢᠯᠡᠰ ᠤᠨ ᠠᠵᠢᠯᠯᠠᠭ᠎ᠠ ᠶᠢᠨ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ  ᠪᠠᠭᠤᠷᠠᠭᠤᠯᠵᠤ᠂  ᠬᠤᠶᠢᠰᠢᠳᠠ ᠠᠭᠤᠷᠬᠠᠢ ᠶᠢᠨ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠨᠥᠬᠦᠴᠡᠯ ᠬᠠᠩᠭᠠᠨ᠎ᠠ᠃ ︽14 · 5︾  ᠤᠨ ᠬᠤᠭᠤᠴᠠᠭᠠᠨ ᠳᠤ ᠴᠢ ᠫᠠᠨ ᠵᠢᠩ ᠨᠡᠭᠦᠷᠡᠰᠦᠨ ᠠᠭᠤᠷᠬᠠᠢ ᠶᠢᠨ ᠲᠣᠭᠤᠷᠢᠭ᠂ ᠴᠢᠶᠠᠨ ᠯᠢ ᠭᠧᠦ ᠨᠡᠭᠦᠷᠡᠰᠦᠨ ᠠᠭᠤᠷᠬᠠᠢ ᠶᠢᠨ ᠲᠣᠭᠤᠷᠢᠭ᠂ ᠾᠸᠢ ᠯᠦᠩ ᠬᠦᠢ ᠨᠡᠭᠦᠷᠡᠰᠦᠨ ᠠᠭᠤᠷᠬᠠᠢ ᠶᠢᠨ ᠲᠣᠭᠤᠷᠢᠭ᠂ ᠾᠸᠢ ᠯᠦᠩ ᠬᠦᠢ ᠴᠣᠬᠤᠢ ᠶᠢᠨ ᠴᠢᠯᠠᠭᠤᠯᠢᠭ ᠤᠨ ᠠᠭᠤᠷᠬᠠᠢ ᠶᠢᠨ ᠲᠣᠭᠤᠷᠢᠭ ᠲᠤ ᠨᠡᠶᠢᠳᠡ 4 ᠲᠦᠪᠯᠡᠷᠡᠬᠦᠯᠦᠨ ᠵᠠᠯᠭᠠᠯᠳᠣᠭᠤᠯᠣᠨ ᠵᠠᠰᠠᠬᠤ ᠪᠠᠷᠢᠯᠭ᠎ᠠ ᠶᠢ ᠬᠡᠷᠡᠭᠵᠢᠬᠦᠯᠦᠨ᠎ᠡ᠃ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠲᠥᠪᠯᠡᠷᠡᠭᠦᠯᠦᠨ ᠵᠠᠯᠭᠠᠯᠳᠤᠭᠤᠯᠤᠨ ᠶᠡᠷᠦᠩᠬᠡᠶᠢᠯᠡᠨ ᠵᠠᠰᠠᠬᠤ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠤᠭᠳᠠᠭᠠᠵᠤ᠂ ᠰᠠᠭᠤᠷᠢ ᠮᠥᠩᠭᠦ ᠶᠢᠨ ᠨᠢᠭᠡᠳᠦᠯᠲᠡᠢ ᠲᠥᠯᠥᠪᠯᠡᠨ ᠬᠡᠷᠡᠭᠯᠡᠬᠦ ᠠᠷᠭ᠎ᠠ ᠮᠠᠶ᠋ᠢᠭ ᠵᠢᠴᠢ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠲᠣᠳᠣᠷᠬᠠᠶᠢᠯᠠᠵᠤ᠂ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ ᠵᠠᠰᠠᠯᠲᠠ ᠬᠢᠨ᠎ᠡ᠃     ᠨᠡᠭᠦᠷᠡᠰᠦᠨ ᠠᠭᠤᠷᠬᠠᠢ ᠶᠢᠨ ᠣᠷᠣᠨ ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ  ᠪᠠᠷᠢᠯᠭ᠎ᠠ ᠳᠤ ᠨᠡᠭᠦᠷᠡᠰᠦᠨ ᠠᠭᠤᠷᠬᠠᠢ ︵ᠨᠡᠭᠦᠷᠡᠰᠦᠨ ᠠᠭᠤᠷᠬᠠᠢ︶ ᠶᠢᠨ ᠭᠠᠯ ᠭᠠᠷᠤᠭᠰᠠᠨ ᠣᠷᠣᠨ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠲᠥᠷᠥᠯ ᠵᠦᠢᠯ ᠢ ᠭᠦᠢᠴᠡᠳ ᠪᠣᠳᠣᠯᠬᠢᠯᠠᠵᠤ᠂ ᠰᠢᠭᠠᠷᠤ ᠶᠢ ᠲᠥᠷᠥᠯ ᠬᠤᠪᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠠᠭᠤᠷᠬᠠᠢ ᠶᠢᠨ ᠴᠢᠯᠠᠭᠤ ᠶᠢᠨ ᠥᠪᠡᠷᠲᠡᠭᠡᠨ ᠰᠢᠲᠠᠬᠤ ᠶᠢ ᠰᠡᠷᠭᠡᠶᠢᠯᠡᠨ ᠵᠠᠰᠠᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠠᠭᠤᠷᠬᠠᠢ ᠶᠢᠨ ᠦᠢᠯᠡᠰ ᠤᠨ ᠡᠷᠬᠡ  ᠶᠢ ᠠᠰᠢᠭᠯᠠᠵᠤ᠂ ᠵᠡᠷᠭᠡᠯᠡᠳᠡᠭᠡ ᠮᠠᠯᠲᠠᠬᠤ ᠨᠦᠬᠡ ᠶᠢ ᠨᠠᠪᠲᠠᠷᠡᠭᠦᠯᠵᠦ᠂ ᠨᠦᠬᠡ ᠮᠠᠯᠲᠠᠬᠤ ᠴᠠᠭ ᠤᠨ ᠳᠠᠷᠠᠭᠠᠯᠠᠯ ᠢ ᠨᠢᠭᠡᠳᠦᠯᠲᠡᠢ ᠲᠥᠯᠥᠪᠯᠡᠵᠦ᠂ ᠵᠠᠯᠭᠠᠯᠳᠤᠭᠰᠠᠨ ᠭᠠᠵᠠᠷ ᠰᠢᠷᠣᠢ ᠭᠠᠳᠠᠭᠰᠢᠯᠠᠭᠤᠯᠬᠤ ᠲᠠᠯᠠᠪᠠᠶ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠲᠥᠪᠯᠡᠷᠡᠭᠦᠯᠦᠨ ᠡᠮᠬᠢ ᠵᠢᠷᠤᠮ ᠲᠠᠢ ᠪᠠᠷ ᠭᠠᠳᠠᠭᠰᠢᠯᠠᠭᠤᠯᠵᠤ᠂ ᠵᠠᠳᠠᠭᠠᠢ ᠮᠠᠯᠲᠠᠬᠤ ᠨᠦᠬᠡ  ᠪᠠ ᠥᠨᠳᠥᠷ ᠡᠭᠴᠡ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠦᠯᠡᠳᠡᠬᠦ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠯᠴᠠᠭᠠᠢ ᠭᠠᠵᠠᠷ ᠤᠨ ᠲᠠᠯᠠᠪᠠᠶ ᠶᠢ  ᠪᠠᠭᠠᠰᠬᠠᠵᠤ ᠂ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠱᠠᠲᠤ ᠶᠢᠨ ᠥᠨᠳᠥᠷ ᠤᠨ ᠬᠡᠮᠵᠢᠶ᠎ᠡ᠂ ᠥᠷᠭᠡᠨ ᠤ ᠬᠡᠮᠵᠢᠶ᠎ᠡ᠂ ᠬᠠᠵᠠᠭᠤ ᠶᠢᠨ ᠥᠨᠴᠥᠭ ᠤᠨ ᠬᠡᠮᠵᠢᠶ᠎ᠡ᠂ ᠬᠤᠴᠢᠯᠭ᠎ᠠ ᠰᠢᠷᠣᠢ ᠶᠢᠨ ᠵᠤᠵᠠᠭᠠᠨ ᠤ ᠬᠡᠮᠵᠢᠶ᠎ᠡ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠷᠭ᠎ᠠ ᠬᠡᠮᠵᠢᠶ᠎ᠡ ᠵᠡᠷᠭᠡ ᠶᠢ ᠨᠢᠭᠡᠳᠬᠡᠵᠦ᠂ ᠬᠡᠪᠴᠢᠶᠡᠵᠢᠭᠦᠯᠦᠭᠰᠡᠨ ᠰᠢᠷᠣᠢ ᠭᠠᠳᠠᠭᠰᠢᠯᠠᠭᠤᠯᠬᠤ ᠣᠷᠣᠨ ᠪᠦᠰᠡ ᠶᠢ ᠪᠣᠶ ᠪᠣᠯᠭᠠᠵᠤ᠂ ᠣᠷᠣᠨ ᠪᠦᠰᠡ ᠶᠢᠨ ᠠᠮᠢ ᠠᠬᠤᠢ ᠶᠢ ᠰᠡᠷᠭᠦᠭᠡᠬᠦ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠶᠢᠨ ᠬᠠᠮᠲᠤ ᠂ ᠨᠡᠭᠦᠷᠡᠰᠦᠨ ᠴᠢᠯᠠᠭᠤ᠂ ᠨᠡᠭᠦᠷᠡᠰᠦᠨ ᠰᠢᠪᠠᠷ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠶᠢ ᠰᠢᠢᠳᠪᠦᠷᠢᠯᠡᠬᠦ ᠳᠤ ᠤᠷᠢᠳᠴᠢᠯᠠᠨ ᠲᠠᠯᠠᠪᠤᠷ ᠦᠯᠡᠳᠡᠬᠡᠬᠦ ᠶᠢ  ᠪᠣᠳᠣᠯᠬᠢᠯᠠᠨ᠎ᠠ᠃ ᠬᠤᠳᠳᠤᠭ  ᠤᠨ ᠠᠵᠢᠯ ᠢ ᠨᠡᠭᠡᠭᠡᠨ ᠮᠠᠯᠲᠠᠬᠤ ᠳᠤ ᠬᠤᠯᠪᠣᠭᠳᠠᠪᠠᠯ ᠭᠠᠵᠠᠷ ᠤᠨ ᠭᠠᠳᠠᠷᠭᠤ ᠴᠥᠮᠥᠷᠡᠭ᠊ ‍ᠤ᠋᠂ ᠭᠠᠵᠠᠷ ᠤᠨ ᠠᠩ ᠭᠠᠷᠬᠤ ᠭᠠᠮᠰᠢᠭ  ᠤᠨ ᠲᠠᠯᠳᠠ ᠭᠡᠮ ᠢ ᠴᠠᠭ ᠲᠤᠬᠠᠢ ᠳᠤᠨᠢ ᠰᠡᠷᠭᠡᠶᠢᠯᠡᠨ ᠵᠠᠰᠠᠵᠤ᠂ ᠨᠡᠭᠦᠷᠡᠰᠦᠨ ᠴᠢᠯᠠᠭᠤ ᠶᠢ ᠠᠰᠢᠭᠯᠠᠨ ᠪᠥᠭᠯᠡᠵᠦ ᠨᠡᠭᠡᠭᠡᠨ ᠮᠠᠯᠲᠠᠬᠤ ᠶᠢ ᠵᠣᠷᠢᠭᠵᠢᠭᠤᠯᠵᠤ᠂ ᠭᠠᠵᠠᠷ  ᠤᠨ ᠭᠠᠳᠠᠷᠭᠤ ᠶᠢ ᠬᠦᠨᠳᠡᠬᠡᠬᠦ ᠶᠢ ᠠᠯᠢ ᠴᠢᠳᠠᠬᠤ ᠪᠠᠷ  ᠪᠠᠭᠠᠰᠬᠠᠨ᠎ᠠ᠃     ᠴᠣᠬᠤᠢ ᠶᠢᠨ ᠴᠢᠯᠠᠭᠤᠯᠢᠭ ᠤᠨ ᠠᠭᠤᠷᠬᠠᠢ ᠶᠢᠨ ᠣᠷᠣᠨ ᠤ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠪᠠᠷᠢᠯᠭ᠎ᠠ ᠨᠢ ᠮᠠᠲ᠋ᠧᠷᠢᠶᠠᠯ ᠤᠨ ᠣᠪᠣᠭᠠᠨ ᠤ ᠵᠦᠢ ᠵᠣᠬᠢᠰᠲᠠᠢ ᠪᠠᠶᠢᠷᠢᠯᠠᠭᠤᠯᠤᠯᠲᠠ᠂ ᠬᠠᠶᠠᠭᠳᠠᠮᠠᠯ ᠰᠢᠭᠠᠷᠤ ᠶᠢ ᠲᠥᠪᠯᠡᠷᠡᠭᠦᠯᠦᠨ ᠭᠠᠳᠠᠭᠰᠢᠯᠠᠭᠤᠯᠬᠤ ᠪᠠ ᠬᠠᠮᠤᠭ ᠡᠴᠦᠰ ᠤᠨ ᠮᠠᠯᠲᠠᠬᠤ ᠲᠠᠯᠠᠪᠤᠷ ᠤᠨ ᠬᠠᠵᠠᠭᠤ ᠶᠢᠨ ᠬᠡᠯᠪᠡᠷᠢ ᠪᠠᠶᠢᠳᠠᠯ ᠢ ᠭᠦᠢᠴᠡᠳ ᠪᠣᠳᠣᠯᠬᠢᠯᠠᠵᠤ᠂ ᠠᠳᠠᠯᠢ ᠨᠢᠭᠡ ᠠᠭᠤᠯᠠ ᠶᠢ ᠳᠡᠭᠡᠷ᠎ᠡ ᠠᠴᠠ ᠳᠣᠷᠣᠭᠰᠢ ᠱᠠᠲᠤ ᠬᠤᠪᠢᠶᠠᠨ ᠮᠠᠯᠲᠠᠬᠤ ᠪᠤᠶᠤ ᠲᠠᠪᠬᠤᠷᠭ᠎ᠠ ᠬᠤᠪᠢᠶᠠᠨ ᠮᠠᠯᠲᠠᠵᠤ᠂ ᠵᠡᠷᠭᠡᠯᠡᠳᠡᠭᠡ ᠠᠭᠤᠷᠬᠠᠢ ᠨᠢ ᠮᠠᠯᠲᠠᠬᠤ ᠪᠠ ᠭᠠᠳᠠᠭᠰᠢᠯᠠᠭᠤᠯᠬᠤ ᠱᠠᠲᠤ ᠶᠢᠨ ᠥᠨᠳᠥᠷ ᠤᠨ ᠬᠡᠮᠵᠢᠶ᠎ᠡ᠂ ᠬᠠᠵᠠᠭᠤ ᠶᠢᠨ ᠥᠨᠴᠥᠭ ᠤᠨ ᠬᠡᠮᠵᠢᠶ᠎ᠡ  ᠶᠢ ᠨᠢᠭᠡᠳᠭᠡᠵᠤ᠂ ᠵᠠᠰᠠᠬᠤ ᠵᠠᠭᠪᠤᠷ ᠪᠠ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ᠃     ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔     ᠬᠢᠨᠠᠨ ᠬᠠᠮᠢᠶᠠᠷᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠃    ︵ᠲᠠᠪᠤ︶ ᠲᠡᠦᠬᠡᠨ ᠠᠴᠠ ᠦᠯᠡᠳᠡᠭᠳᠡᠵᠦ ᠢᠷᠡᠭᠰᠡᠨ ᠵᠢᠴᠢ ᠬᠠᠶᠠᠭᠳᠠᠮᠠᠯ ᠡᠵᠡᠨ ᠦᠭᠡᠢ ᠠᠭᠤᠷᠬᠠᠢ ᠶᠢ ᠵᠠᠰᠠᠬᠤ  ᠪᠠᠷᠢᠯᠭ᠎ᠠ ᠶᠢ ᠲᠦᠷᠭᠡᠳᠬᠡᠨ᠎ᠡ᠃ ︽14 · 5︾ ᠤᠨ ᠬᠤᠭᠤᠴᠠᠭᠠᠨ ᠳᠤ ᠣᠲᠤᠭ ᠬᠤᠰᠢᠭᠤᠨ ᠤ ᠾᠧᠢ ᠯᠦᠩ ᠬᠦᠶ ᠠᠭᠤᠷᠬᠠᠢ ᠶᠢᠨ ᠣᠷᠣᠨ ᠤ ᠬᠠᠶᠠᠭᠳᠠᠮᠠᠯ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠬᠡᠯᠪᠡᠷᠢᠵᠢᠭᠦᠯᠬᠦ ᠪᠠᠷᠢᠯᠭ᠎ᠠ ᠶᠢᠨ ᠠᠮᠢ ᠠᠬᠤᠢ ᠶᠢᠨ ᠰᠡᠷᠭᠦᠭᠡᠯᠲᠡ ᠶᠢᠨ ᠲᠥᠷᠥᠯ ᠵᠦᠢᠯ ᠢ ᠲᠥᠯᠥᠪᠵᠢᠭᠦᠯᠦᠨ ᠥᠷᠨᠢᠭᠦᠯᠵᠦ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠲᠤᠰᠬᠠᠢ ᠪᠡᠯᠡ ᠮᠥᠩᠭᠦ  ᠶᠢ ᠢᠳᠡᠪᠬᠢᠲᠡᠢ ᠪᠠᠷ ᠲᠡᠮᠡᠴᠡᠨ ᠣᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠴᠢᠨᠠᠷᠲᠠᠢ ᠣᠷᠣᠭᠤᠯᠤᠯᠲᠠ ᠶᠢ ᠨᠡᠮᠡᠭᠳᠡᠭᠦᠯᠵᠦ᠂ ᠵᠠᠰᠠᠯᠲᠠ ᠶᠢᠨ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠨᠢᠭᠡᠳᠦᠯᠲᠡᠢ ᠲᠦᠯᠦᠪᠯᠡᠵᠤ᠂ ᠨᠡᠶᠢᠭᠡᠮ ᠤᠨ ᠬᠥᠷᠥᠩᠭᠡ ᠶᠢᠨ ᠵᠠᠰᠠᠯᠲᠠ ᠶᠢᠨ ᠪᠠᠷᠢᠯᠭ᠎ᠠ ᠶᠢᠨ ᠪᠡᠯᠡ ᠣᠷᠣᠭᠤᠯᠤᠯᠲᠠ᠂ ᠵᠢᠷᠤᠭ ᠲᠥᠯᠥᠪᠯᠡᠭᠡ᠂ ᠰᠡᠯᠪᠢᠨ ᠵᠠᠰᠠᠯᠲᠠ᠂ ᠬᠠᠮᠢᠶᠠᠷᠤᠯᠲᠠ ᠬᠠᠮᠠᠭᠠᠯᠠᠯᠲᠠ ᠵᠡᠷᠭᠡ ᠪᠥᠬᠦ ᠶᠠᠪᠤᠴᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ︽ᠲᠥᠯᠦᠪᠵᠢᠭᠦᠯᠭᠡ︾ ᠶᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠵᠠᠰᠠᠯᠲᠠ ᠶᠢᠨ ᠡᠭᠦᠷᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃     ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔     ᠬᠢᠨᠠᠨ ᠬᠠᠮᠢᠶᠠᠷᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠃    ︵ᠵᠢᠷᠭᠤᠭ᠎ᠠ︶ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠮᠠᠨ ᠤ ᠬᠤᠲᠠ ᠶᠢᠨ ᠨᠡᠶᠢᠲᠡᠯᠡᠭᠰᠡᠨ ︽ᠣᠷᠳᠣᠰ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ︽ᠣᠷᠳᠣᠰ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ︽ᠣᠷᠳᠣᠰ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠴᠢᠩᠭ᠎ᠠ ᠵᠢᠷᠤᠮᠯᠠᠵᠤ᠂ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠪᠦᠬᠦᠯᠢ ᠴᠣᠭᠴᠠ ᠪᠠᠷ ᠠᠬᠢᠭᠤᠯᠬᠤ ᠠᠷᠭ᠎ᠠ ᠮᠠᠶ᠋ᠢᠭ ᠢᠶᠠᠷ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠪᠥᠬᠦ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠪᠣᠬᠢᠷᠳᠤᠯ ᠦᠭᠡᠢ ᠠᠭᠤᠷᠬᠠᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠪᠠ ᠪᠦᠲᠦᠭᠡᠨ ᠪᠠᠶᠢᠭᠤᠯᠬᠤ ᠲᠠᠰ ᠳᠠᠷᠠᠭᠠᠯᠠᠯ ᠢ ᠴᠢᠩᠳᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠣᠨᠣᠯᠵᠢᠬᠤᠨ ᠢ ᠠᠭᠤᠷᠬᠠᠢ ᠶᠢᠨ ᠲᠥᠯᠦᠪᠵᠢᠭᠦᠯᠭᠡ᠂ ᠬᠠᠶᠢᠨ ᠪᠠᠶᠢᠴᠠᠭᠠᠯᠲᠠ᠂ ᠨᠡᠭᠡᠭᠡᠨ ᠠᠰᠢᠭᠯᠠᠯᠲᠠ ᠬᠢᠭᠡᠳ ᠬᠠᠮᠠᠭᠠᠯᠠᠯᠲᠠ ᠶᠢᠨ ᠪᠥᠬᠦ ᠶᠠᠪᠤᠴᠠ ᠳᠤ  ᠲᠤᠤᠱᠯᠠᠭᠤᠯᠵᠤ ᠂ ᠠᠭᠤᠷᠬᠠᠢ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ  ᠲᠤᠭᠳᠠᠯᠴᠠᠭ᠎ᠠ ᠳᠤ ᠣᠷᠣᠭᠤᠯᠵᠤ᠂ ᠰᠢᠯᠭᠠᠨ ᠬᠢᠨᠠᠬᠤ ᠡᠷᠴᠢᠮ ᠢᠶᠠᠨ  ᠴᠢᠩᠭᠠᠷᠠᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠡᠯ᠎ᠡ ᠵᠦᠢᠯ ᠤᠨ ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠣᠬᠢᠷᠳᠤᠯ ᠦᠭᠡᠢ ᠠᠭᠤᠷᠬᠠᠢ ᠶᠢᠨ ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠠᠭᠤᠷᠬᠠᠢ ᠶᠢ ᠪᠦᠬᠦᠨ ᠢ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ︔ ᠦᠢᠯᠡᠳᠪᠦᠷᠢᠯᠡᠯ ᠠᠭᠤᠷᠬᠠᠢ ᠨᠢ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠲᠦᠷᠭᠡᠳᠬᠡᠨ ᠥᠭᠡᠷᠡᠴᠢᠯᠡᠨ ᠲᠡᠪᠰᠢᠬᠦᠯᠬᠦ ᠪᠠᠨ ᠲᠦᠷᠭᠡᠳᠭᠡᠵᠤ᠂ ᠬᠤᠭᠤᠴᠠᠭ᠎ᠠ ᠬᠢᠵᠠᠭᠠᠷᠯᠠᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂ ︽ᠨᠢᠭᠡ ᠠᠭᠤᠷᠬᠠᠢ ᠳᠤ ᠨᠢᠭᠡ ᠠᠷᠭ᠎ᠠ ᠪᠣᠳᠣᠯᠭ᠎ᠠ︾ ᠪᠠᠷ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠲᠥᠰᠥᠯ ᠢ ᠪᠠᠶᠢᠭᠤᠯᠵᠤ᠂ ︽ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ︾ ᠲᠠᠢ ᠬᠠᠷᠢᠴᠠᠭᠤᠯᠤᠨ ᠲᠠᠰ ᠳᠡᠪᠰᠢᠭᠦᠯᠦᠨ ᠦᠬᠡᠷᠡᠴᠢᠯᠡᠬᠦ ᠬᠡᠷᠡᠭᠲᠠᠢ᠃ 2025 ᠣᠨ ᠪᠣᠯᠬᠤ ᠳᠤ᠂ ᠪᠥᠬᠦ ᠦᠢᠯᠡᠳᠪᠦᠷᠢᠯᠡᠯ ᠠᠭᠤᠷᠬᠠᠢ ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠥᠯᠥ ᠨᠡᠶᠢᠴᠡᠬᠦ ᠠᠭᠤᠷᠬᠠᠢ ᠶᠢᠨ ᠠᠵᠤ ᠠᠬᠤᠶᠢᠯᠠᠯ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ  ᠭᠠᠷᠭᠠᠬᠤ ᠬᠡᠷᠡᠭᠲᠠᠢ᠃     ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔     ᠬᠢᠨᠠᠨ ᠬᠠᠮᠢᠶᠠᠷᠬᠤ ᠨᠢᠭᠡᠴᠡ᠄ ᠣᠷᠳᠣᠰ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ᠃     ︵ᠲᠤᠯᠤᠭ᠎ᠠ︶ ᠨᠡᠭᠦᠷᠡᠰᠦᠨ ᠠᠭᠤᠷᠬᠠᠢ ᠶᠢᠨ ᠭᠠᠯ ᠤᠨᠲᠠᠷᠠᠭᠠᠬᠤ ᠪᠠᠷᠢᠯᠭ᠎ᠠ  ᠪᠣᠯᠣᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠪᠠᠷᠢᠯᠭ᠎ᠠ ᠶᠢ ᠲᠦᠷᠭᠡᠳᠬᠡᠨ ᠬᠡᠷᠡᠭᠵᠢᠬᠦᠯᠦᠨ᠎ᠡ᠃ ᠨᠡᠭᠦᠷᠡᠰᠦᠨ ᠠᠭᠤᠷᠬᠠᠢ ᠶᠢᠨ ᠭᠠᠯ ᠤᠨᠲᠠᠷᠠᠭᠠᠬᠤ ᠪᠠᠷᠢᠯᠭ᠎ᠠ ᠪᠣᠯᠣᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠪᠠᠷᠢᠯᠭ᠎ᠠ ᠶᠢ ᠤᠤᠯ ᠤᠨ ᠲᠣᠭᠲᠠᠭᠠᠭᠰᠠᠨ ᠵᠦᠢᠯ ᠢᠶᠠᠷ ᠨᠢ ᠬᠢᠨᠠᠨ ᠵᠥᠪᠰᠢᠶᠡᠷᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠬᠠᠮᠢᠶᠠᠷᠤᠨ᠎ᠠ ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠨᠡᠭᠦᠷᠡᠰᠦᠨ ᠠᠭᠤᠷᠬᠠᠢ ᠶᠢᠨ ᠭᠠᠯ ᠤᠨᠲᠠᠷᠠᠭᠠᠬᠤ  ᠪᠠᠷᠢᠯᠭ᠎ᠠ ᠪᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠪᠠᠷᠢᠯᠭ᠎ᠠ ᠠᠴᠠ ᠪᠣᠶ ᠪᠣᠯᠤᠭᠰᠠᠨ ᠵᠠᠳᠠᠭᠠᠢ ᠰᠠᠯᠭᠠᠬᠤ ᠨᠦᠬᠡ ᠪᠠ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠨᠠᠷᠢᠨ ᠪᠠᠶᠢᠴᠠᠭᠠᠯᠲᠠ ᠶᠢ ᠪᠡᠶᠡᠯᠡᠭᠦᠯᠵᠦ᠂ ᠵᠠᠰᠠᠬᠤ ᠬᠠᠷᠠᠯᠲᠠ ᠪᠠᠨ ᠲᠤᠳᠤᠷᠬᠠᠶᠢᠯᠠᠵᠤ᠂ ᠵᠠᠰᠠᠬᠤ ᠲᠥᠰᠥᠯ ᠢᠶᠠᠨ ᠨᠠᠶᠢᠷᠠᠭᠤᠯᠤᠨ ᠵᠣᠬᠢᠶᠠᠵᠤ᠂ ᠵᠠᠳᠠᠭᠠᠢ ᠰᠠᠯᠭᠠᠬᠤ ᠨᠦᠬᠡ ᠪᠠ ᠰᠢᠷᠣᠢ ᠭᠠᠳᠠᠭᠰᠢᠯᠠᠭᠤᠯᠬᠤ ᠲᠠᠯᠠᠪᠠᠶ ᠶᠢᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃      ᠬᠠᠷᠢᠭᠤᠴᠠᠯᠭᠠᠲᠤ ᠨᠢᠭᠡᠴᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ︔      ᠬᠢᠨᠠᠨ ᠬᠠᠮᠢᠶᠠᠷᠬᠤ ᠨᠢᠭᠡᠴᠡ᠄ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ  ᠪᠠᠶᠢᠭᠤᠯᠤᠨ ᠤᠳᠤᠷᠢᠳᠬᠤ  ᠪᠠᠨ ᠴᠢᠩᠭᠠᠳᠬᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠨᠢ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠠᠵᠢᠯ ᠳᠤ ᠬᠠᠷᠢᠶᠠᠯᠠᠭᠳᠠᠨ᠎ᠠ᠃ ᠤᠳᠤᠷᠢᠳᠬᠤ ᠳᠤᠭᠤᠶᠢᠯᠠᠩ ᠨᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠰ ᠲᠣᠰ ᠠᠯᠪᠠᠨ ᠭᠡᠷ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠣᠬᠢᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃     ︵ᠬᠤᠶᠠᠷ︶ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠴᠢ ᠫᠠᠨ ᠵᠢᠩ ᠂ ᠮᠧᠩ ᠰᠢ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠷᠢᠭᠤᠴᠠᠯᠭ᠎ᠠ ᠶᠢᠨ ᠭᠤᠣᠯ ᠴᠣᠭᠴᠠ ᠦᠭᠡᠢ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠳᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠪᠠᠷᠢᠮᠲᠠᠯᠠᠨ᠂ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢ  ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠭᠤᠷᠬᠠᠢ ᠶᠢᠨ ᠠᠵᠤ ᠠᠬᠤᠶᠢᠯᠠᠯ ᠢ ᠱᠠᠭᠠᠷᠳᠠᠭᠤᠯᠵᠤ ᠪᠠᠶᠢᠭᠠᠳ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠭᠦᠯᠵᠦ᠂ ᠵᠠᠰᠠᠬᠤ ᠱᠠᠭᠠᠷᠳᠠᠯᠭ᠎ᠠ ᠶᠣᠰᠣᠭᠠᠷ ᠦᠨᠡᠨᠬᠦ ᠶᠠᠪᠤᠭᠳᠠᠭᠤᠰᠢᠲᠠᠢ ᠵᠠᠰᠠᠬᠤ ᠲᠥᠰᠥᠯ ᠪᠣᠯᠣᠨ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠲᠥᠰᠥᠯ ᠢ ᠲᠣᠭᠲᠠᠭᠠᠵᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠴᠢᠳᠠᠪᠤᠷᠢ  ᠶᠣᠰᠣᠭᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠢᠶᠠᠨ ᠥᠷᠨᠢᠭᠦᠯᠬᠦ ᠶᠢ ᠱᠠᠭᠠᠷᠳᠠᠨ ᠵᠢᠯᠣᠭᠤᠳᠤᠨ᠎ᠠ᠃     ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ᠃ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠲᠡᠦᠬᠡᠨ ᠠᠴᠠ ᠦᠯᠡᠳᠡᠭᠳᠡᠵᠦ ᠢᠷᠡᠭᠰᠡᠨ ᠵᠢᠴᠢ ᠬᠠᠶᠠᠭᠳᠠᠮᠠᠯ ᠡᠵᠡᠨ ᠦᠭᠡᠢ ᠠᠭᠤᠷᠬᠠᠢ ᠶᠢ ᠵᠠᠰᠠᠬᠤ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠯᠵᠢᠭᠦᠯᠦᠨ ᠥᠭᠬᠦ ᠪᠠ ᠲᠣᠰ ᠱᠠᠲᠤᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠣᠲᠣ ᠶᠢᠨ ᠪᠠᠶᠢᠭ᠎ᠠ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ︽ᠬᠡᠨ ᠨᠡᠭᠡᠭᠡᠨ ᠬᠥᠭᠵᠢᠭᠦᠯᠪᠡᠯ ᠬᠡᠨ ᠬᠠᠮᠠᠭᠠᠯᠠᠬᠤ᠂ ᠬᠡᠨ ᠡᠪᠳᠡᠪᠡᠯ ᠬᠡᠨ ᠵᠠᠰᠠᠬᠤ᠂ ᠬᠡᠨ ᠪᠡᠯᠡ ᠣᠷᠣᠭᠤᠯᠪᠠᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ᠂ ᠨᠡᠶᠢᠭᠡᠮ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠬᠡᠷᠡᠭᠲᠡᠢ᠃ ᠠᠭᠤᠷᠬᠠᠢ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ  ᠪᠠᠷᠢᠯᠭ᠎ᠠ ᠶᠢᠨ  ᠵᠠᠷᠤᠳᠠᠯ ᠢ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠠᠷᠭ᠎ᠠ ᠮᠠᠶ᠋ᠢᠭ ᠢᠶᠠᠷ ᠴᠤᠭᠯᠠᠭᠤᠯᠤᠨ᠎ᠠ᠃     ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠠᠵᠢᠯ ᠤᠨ ᠡᠬᠡ ᠲᠠᠩᠰᠠ ᠶᠢ ᠨᠠᠷᠢᠯᠢᠭᠵᠢᠭᠤᠯᠤᠨ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠢ ᠳᠠᠭᠠᠭᠤᠯᠤᠨ ᠠᠵᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠬᠤ ᠬᠡᠷᠡᠭᠲᠡᠢ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠴᠠᠭ ᠲᠤᠨᠢ ᠲᠣᠬᠢᠷᠠᠭᠤᠯᠤᠨ ᠱᠠᠭᠠᠷᠳᠠᠨ ᠪᠠᠶᠢᠴᠠᠭᠠᠵᠤ ᠵᠢᠯᠤᠭᠤᠳᠬᠤ ᠶᠢ ᠥᠷᠨᠢᠭᠦᠯᠵᠦ᠂ ᠰᠠᠷ᠎ᠠ ᠪᠠᠷ ᠮᠡᠳᠡᠭᠦᠯᠬᠦ᠂ ᠤᠯᠠᠷᠢᠯ ᠢᠶᠠᠷ ᠮᠡᠳᠡᠭᠡᠯᠡᠬᠦ ᠳᠦᠷᠢᠮ ᠢ  ᠬᠡᠷᠡᠭᠵᠢᠬᠦᠯᠬᠦ ᠬᠡᠷᠡᠭᠲᠠᠢ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠨ ᠤ ᠠᠵᠢᠯ ᠤᠨ ᠬᠢᠨᠠᠨ ᠰᠢᠯᠭᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ  ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠠᠵᠢᠯ ᠳᠤ ᠬᠢᠨᠠᠨ ᠰᠢᠯᠭᠠᠯᠲᠠ ᠬᠢᠬᠦ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ  ᠴᠢᠬᠤᠯᠠ ᠦᠨᠳᠦᠰᠦᠯᠡᠯ ᠪᠣᠯᠭᠠᠵᠤ᠂ ᠵᠠᠰᠠᠯᠲᠠ ᠳᠤ ᠬᠠᠷᠢᠭᠤᠴᠠᠯᠭ᠎ᠠ ᠪᠠᠨ ᠠᠯᠳᠠᠵᠤ ᠬᠠᠷᠢᠭᠤᠴᠠᠯᠭ᠎ᠠ ᠪᠠᠨ ᠠᠯᠳᠠᠭᠰᠠᠳ ᠲᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠠᠢ᠃ ᠣᠯᠠᠨ ᠢᠶᠠᠷ ᠢᠶᠠᠨ ᠣᠷᠤᠯᠴᠠᠬᠤ ᠶᠢ  ᠴᠢᠩᠭᠠᠳᠬᠠᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠨᠡᠶᠢᠲᠡ ᠶᠢᠨ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃   ︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠰᠣᠶᠣᠯ ᠢ ᠢᠳᠡᠪᠬᠢᠲᠡᠢ ᠪᠠᠷ  ᠪᠤᠶᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠨᠣᠯᠵᠢᠬᠤᠨ ᠢ ᠶᠡᠬᠡᠪᠡᠷ ᠰᠠᠨᠠᠭᠠᠴᠢᠯᠠᠵᠤ᠂ ᠪᠥᠬᠦ ᠨᠡᠶᠢᠭᠡᠮ ᠢᠯᠠᠩᠭᠤᠶ᠎ᠠ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠦᠵᠡᠯ ᠤᠬᠠᠮᠰᠠᠷ ᠪᠠ ᠣᠷᠤᠯᠴᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠬᠦᠯᠵᠤ᠂ ᠪᠥᠬᠦ ᠨᠡᠶᠢᠭᠡᠮ ᠳᠤ ᠪᠣᠬᠢᠷᠳᠤᠯ ᠦᠭᠡᠢ ᠠᠭᠤᠷᠬᠠᠢ ᠶᠢ ᠣᠶᠢᠯᠠᠭᠠᠭᠤᠯᠵᠤ᠂ ᠪᠣᠬᠢᠷᠳᠤᠯ ᠦᠭᠡᠢ ᠠᠭᠤᠷᠬᠠᠢ ᠳᠤ ᠬᠢᠨᠠᠯᠲᠠ ᠲᠠᠯᠪᠢᠬᠤ ᠳᠤ  ᠤᠷᠤᠯᠴᠠᠭᠤᠯᠬᠤ ᠬᠡᠷᠡᠭᠲᠠᠢ᠃ᠳᠠᠭᠠᠯᠳᠤᠭᠤᠯᠤᠯ᠄ ᠣᠷᠳᠣᠰ ᠬᠤᠲᠠ ᠶᠢᠨ ᠴᠢ ᠫᠠᠨ ᠵᠢᠩ  ᠮᠧᠩ ᠰᠢ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠳᠠᠭᠠᠯᠳᠤᠭᠤᠯᠤᠯᠣᠷᠳᠣᠰ ᠬᠤᠲᠠ ᠶᠢᠨ ᠴᠢ ᠫᠠᠨ ᠵᠢᠩ  ᠮᠧᠩ ᠰᠢ ᠭᠠᠵᠠᠷ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ       ᠳᠤᠭᠤᠶᠢᠯᠠᠩ ᠤᠨ ᠳᠠᠷᠤᠭ᠎ᠠ᠄  ᠳ᠋ᠦ᠋ ᠬᠤᠢ ᠯᠢᠶᠠᠩ       ᠬᠤᠳᠠ ᠶᠢᠨ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄  ᠰᠦ᠋ ᠼᠦᠢ ᠹᠠᠩ         ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ                                    ᠺᠦᠩ ᠹᠠᠨ ᠹᠧᠢ         ᠬᠤᠲᠠ ᠶᠢᠨ ᠳᠡᠳ᠋ ᠳᠠᠷᠤᠭ᠎ᠠ       ᠪᠦᠷᠢᠯᠳᠦᠭᠦᠨ᠄                 ᠵᠠᠩ ᠵᠥᠩ ᡁᠢ          ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ                                    ᠶᠢᠨ ᠵᠠᠨ ᠢ            ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠨᠠᠷᠢᠨ ᠪᠢᠴᠢᠭ ᠤᠨ ᠲᠡᠳ᠋ ᠳᠠᠷᠤᠭ᠎ᠠ                                    ᠸᠠᠩ ᠭᠦᠸᠧ ᠴᠢᠤᠸᠠᠨ     ᠣᠲᠤᠭ ᠬᠤᠰᠢᠭᠤᠨ ᠤ ᠳᠠᠷᠤᠭ᠎ᠠ                                    ᠮᠠ ᠡᠯ ᠰᠢ             ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ                                    ᠬᠤᠸᠠᠩ  ᠪᠦᠸᠧ ᠸᠧᠨ    ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ                                    ᠶᠠᠩ ᠰᠢᠶᠣᠣ ᠯᠦᠩ       ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠲᠠ ᠶᠢᠨ ᠲᠣᠪᠴᠢᠶᠠᠨ ᠤ ᠳᠠᠷᠤᠭ᠎ᠠ                                   ᠦ᠋ ᠵᠢᠶᠠᠨ ᠰᠢᠶᠦ᠋ᠨ        ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ                                   ᠰᠤᠶᠤᠯᠲᠤ                ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ                                   ᠾᠦᠸᠧ ᠯᠢ ᠫᠢᠩ        ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ                                   ᠬᠠᠨ ᠢᠦᠢ ᠹᠧᠢ           ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ                                   ᠯᠸᠢ ᠰᠠᠷᠠᠩ             ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ                                   ᠵᠧᠦ ᠬᠦᠢ ᠷᠦᠩ          ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ                                  ᠦ᠋ ᠵᠠᠨ ᠺᠤᠸᠠᠨ            ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠲᠠᠷᠤᠭ᠎ᠠ                                  ᠬᠠᠨ ᠢᠦᠢ ᠭᠤᠸᠠᠩ        ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ                                  ᠸᠠᠩ ᠰᠢᠤᠸᠠᠢ ᡁᠢ          ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠲᠠᠷᠤᠭ᠎ᠠ                                  ᠯᠢ ᠴᠢᠩ ᠨᠢᠶᠠᠨ           ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ                                  ᠶᠢᠨ ᠱᠠᠨ                ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠤᠪᠴᠢᠶᠠᠨ ᠤ ᠳᠠᠷᠤᠭ᠎ᠠ                                  ᠵᠠᠩ ᠰᠢᠤᠸᠠᠢ ᠺᠠᠢ          ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ                                  ᠸᠠᠩ ᠠᠢ ᠯᠢᠶᠠᠩ          ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ        ᠤᠳᠤᠷᠢᠳᠬᠤ ᠳᠤᠭᠤᠶᠢᠯᠠᠩ ᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠠᠯᠪᠠᠨ ᠭᠡᠷ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠣᠲᠤᠭ ᠬᠤᠰᠢᠭᠤᠨ ᠤ ᠳᠠᠷᠤᠭ᠎ᠠ ᠸᠠᠩ ᠭᠦᠸᠧ ᠴᠢᠤᠸᠠᠨ ᠪᠣᠯᠣᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠮᠠ ᠡᠯ ᠰᠢ ᠲᠣᠰ ᠲᠣᠰ ᠬᠠᠪᠰᠤᠷᠭᠠᠨ ᠬᠠᠷᠢᠭᠤᠴᠠᠨ᠎ᠠ᠃ ᠬᠤᠶᠢᠰᠢᠳᠠ ᠬᠤᠳᠠ ᠶᠢᠨ ᠤᠳᠤᠷᠢᠳᠤᠯᠭ᠎ᠠ ᠠᠴᠠ ᠭᠠᠳᠠᠨ᠎ᠠ᠂ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠭᠦᠨ ᠤ ᠠᠵᠢᠯ ᠳᠤ ᠬᠡᠷᠪᠡ ᠬᠤᠪᠢᠷᠠᠯᠲᠠ ᠭᠠᠷᠬᠤ ᠳᠤ ᠬᠦᠷᠪᠡᠯ᠂ ᠲᠡᠭᠦᠨ ᠤ ᠵᠠᠰᠠᠭ ᠵᠠᠬᠢᠷᠭᠠᠨ ᠤ ᠳᠤᠰᠢᠶᠠᠯ ᠢ ᠬᠦᠯᠢᠶᠡᠨ ᠠᠪᠴᠤ ᠬᠠᠷᠢᠭᠤᠴᠠᠭᠰᠠᠨ ᠨᠥᠬᠦᠷ ᠡᠨᠡᠬᠦ ᠠᠵᠢᠯ ᠢ ᠬᠠᠷᠢᠭᠤᠴᠠᠵᠤ᠂ ᠠᠰ ᠲᠤᠨᠢ ᠪᠢᠴᠢᠭ ᠮᠠᠲ᠋ᠧᠷᠢᠶᠠᠯ ᠢᠶᠠᠷ ᠮᠡᠳᠡᠭᠳᠡᠬᠦ ᠦᠬᠡᠢ᠃ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ