| | ᠤᠷᠳᠤᠰ ᠵᠠᠰᠠᠭ ᠲᠠᠷᠬᠠᠭᠠᠬᠤ ﹇2022﹈ 12 ᠳ᠋ᠤᠭᠠᠷ ᠲᠣᠭᠠᠲᠤ | | | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠰᠠᠯᠭᠠᠨ ᠥᠭᠬᠦ ᠠᠬᠢᠴᠠ ᠶᠢ ᠴᠢᠨᠠᠭᠰᠢᠳᠠ ᠲᠦᠷᠭᠡᠳᠬᠡᠬᠦ ᠶᠢᠨ ᠲᠤᠰᠠᠳᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠤᠭᠳᠠᠭᠠᠭᠠᠳ᠂ ᠬᠤᠲᠠ ᠶᠢᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠶᠢ ᠬᠢᠨᠠᠨ ᠵᠥᠪᠰᠢᠶᠡᠷᠡᠬᠦ | ᠴᠤᠪᠤᠷᠠᠯ ᠢ ᠳᠣᠣᠷᠠᠬᠢ ᠮᠡᠲᠦ ᠲᠣᠳᠣᠷᠬᠠᠢ ᠲᠣᠭᠲᠠᠭᠠᠪᠠ᠃ | ᠨᠢᠭᠡ᠂ ᠵᠢᠯ ᠤᠨ ᠡᠬᠢᠨ ᠳᠤ ᠰᠠᠯᠠᠭ᠎ᠠ ᠮᠥᠴᠢᠷ ᠲᠤ ᠴᠣᠬᠤᠯᠠᠪᠤᠷᠢᠯᠠᠨ ᠬᠠᠷᠢᠭᠤᠯᠤᠭᠰᠠᠨ ᠪᠣᠳᠠᠲᠠᠢ ᠲᠥᠷᠥᠯ ᠵᠦᠢᠯ ᠢ ᠲᠤᠳᠤᠷᠬᠠᠶᠢᠯᠠᠭᠰᠠᠨ ᠦᠬᠡᠢ ᠲᠥᠰᠥᠪ | ᠤᠨ ᠰᠠᠯᠭᠠᠨ ᠥᠭᠬᠦ ᠴᠤᠪᠤᠷᠠᠯ | ᠵᠢᠯ ᠤᠨ ᠡᠬᠢᠨ ᠳᠤ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠴᠣᠬᠤᠯᠠᠪᠤᠷᠢᠯᠠᠨ | ᠬᠠᠷᠢᠭᠤᠯᠤᠭᠰᠠᠨ ᠪᠣᠳᠠᠲᠠᠢ ᠲᠦᠷᠦᠯ ᠵᠦᠢᠯ ᠢ ᠲᠤᠳᠤᠷᠬᠠᠶᠢᠯᠠᠭᠰᠠᠨ ᠦᠬᠡᠢ ᠲᠥᠰᠥᠪ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠳᠠ ᠶᠢᠨ ᠡᠳ᠋ ᠤᠨ | ᠵᠠᠰᠠᠭ ᠤᠨ ᠲᠣᠪᠴᠢᠶ᠎ᠠ ᠲᠠᠢ ᠬᠠᠮᠲᠤᠷᠠᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠤᠪᠢᠶᠠᠷᠢᠯᠠᠬᠤ ᠲᠥᠰᠥᠯ ᠢᠶᠠᠨ ᠳᠤᠷᠠᠳᠬᠤ | ᠬᠡᠷᠡᠭᠲᠡᠢ᠃ ᠵᠣᠭᠤᠰ ᠤᠨ ᠲᠤᠭ᠎ᠠ ᠨᠢ 5000 ᠲᠦᠮᠡᠨ ᠲᠥᠭᠦᠷᠢᠭ ᠤᠨ ᠳᠣᠲᠣᠷ᠎ᠠ ᠪᠠᠶᠢᠪᠠᠯ᠂ ᠲᠥᠷᠥᠯ ᠵᠦᠢᠯ ᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠪᠢᠶᠠᠨ | ᠬᠠᠮᠢᠶᠠᠷᠬᠤ ᠬᠤᠲᠠ ᠶᠢᠨ ᠳᠡᠳ᠋ ᠳᠠᠷᠤᠭ᠎ᠠ ᠪᠠᠷ ᠬᠢᠨᠠᠨ ᠵᠦᠪᠰᠢᠶᠡᠷᠡᠬᠦᠯᠦᠨ᠎ᠡ︔ ᠵᠣᠭᠤᠰ ᠤᠨ ᠲᠤᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ 1 | ᠳ᠋ᠦᠩᠰᠢᠭᠤᠷ ᠲᠥᠭᠦᠷᠢᠭ ᠤᠨ ᠳᠣᠲᠣᠷ᠎ᠠ ᠪᠠᠶᠢᠪᠠᠯ᠂ ᠲᠥᠷᠥᠯ ᠵᠦᠢᠯ ᠢ ᠬᠡᠷᠡᠭᠵᠢᠭᠦᠯᠬᠦ ᠰᠠᠯᠠᠭ᠎ᠠ ᠮᠥᠴᠢᠷ ᠢ ᠬᠤᠪᠢᠶᠠᠨ ᠬᠠᠮᠢᠶᠠᠷᠬᠤ ᠬᠤᠲᠠ ᠲᠡᠳ᠋ ᠶᠢᠨ ᠳᠠᠷᠤᠭ᠎ᠠ | ᠪᠠ ᠡᠳ᠋ ᠤᠨ ᠵᠠᠰᠠᠭ ᠤᠨ ᠠᠵᠢᠯ ᠢ ᠬᠤᠪᠢᠶᠠᠨ ᠬᠠᠮᠢᠶᠠᠷᠬᠤ ᠬᠤᠲᠠ ᠶᠢᠨ ᠲᠡᠳ᠋ ᠳᠠᠷᠤᠭ᠎ᠠ ᠪᠠᠷ ᠬᠢᠨᠠᠨ ᠵᠦᠪᠰᠢᠶᠡᠷᠡᠬᠦᠯᠦᠨ᠎ᠡ︔ ᠵᠣᠭᠤᠰ ᠤᠨ ᠲᠤᠭ᠎ᠠ ᠨᠢ 1 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠳᠤ ᠳᠡᠪᠰᠢᠭᠦᠯᠵᠦ ᠰᠤᠳᠤᠯᠤᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ᠂ ᠮᠡᠳᠡᠭᠡ ᠵᠠᠩᠬᠢᠴᠢᠯᠠᠯᠲᠠ᠂ ᠰᠡᠯᠪᠢᠨ ᠵᠠᠰᠠᠯᠲᠠ ᠵᠡᠷᠭᠡ ᠳᠤ | ᠬᠤᠯᠪᠣᠭᠳᠠᠭᠰᠠᠨ ᠲᠥᠷᠥᠯ ᠵᠦᠢᠯ ᠳᠤ ᠡᠷᠬᠡᠪᠰᠢ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠬᠡᠷᠡᠭᠲᠡᠢ᠃ | ᠬᠤᠶᠠᠷ᠂ ᠲᠥᠷᠥᠯ ᠵᠦᠢᠯ ᠤᠨ ᠲᠥᠰᠥᠪ ᠤᠨ ᠨᠡᠮᠡᠵᠦ ᠰᠠᠯᠭᠠᠨ ᠥᠭᠬᠦ ᠴᠤᠪᠤᠷᠠᠯ | ᠣᠨ ᠤ ᠬᠡᠷᠡᠭᠵᠢᠭᠦᠯᠬᠦ ᠶᠠᠪᠤᠴᠠ ᠳᠤ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠦᠨᠡᠬᠡᠷ ᠠᠵᠢᠯ ᠤᠨ ᠡᠭᠦᠷᠭᠡ ᠨᠡᠮᠡᠭᠳᠡᠭᠰᠡᠨ ᠠᠴᠠ ᠪᠣᠯᠵᠤ᠂ ᠵᠢᠯ ᠤᠨ | ᠡᠬᠢᠨ ᠳᠤ ᠴᠣᠬᠤᠯᠠᠪᠤᠷᠢᠯᠠᠭᠰᠠᠨ ᠲᠥᠰᠥᠪ ᠠᠴᠠ ᠭᠠᠳᠠᠨ᠎ᠠ ᠵᠠᠷᠤᠳᠠᠯ ᠨᠡᠮᠡᠬᠦ ᠴᠢᠬᠤᠯᠠᠲᠠᠢ ᠪᠠᠶᠢᠪᠠᠯ᠂ ᠰᠠᠯᠠᠭ᠎ᠠ ᠮᠥᠴᠢᠷ ᠠᠴᠠ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠬᠠᠩᠭᠠᠭᠰᠠᠨ ᠵᠢᠷᠤᠮᠵᠢᠭᠰᠠᠨ ᠪᠢᠴᠢᠭ ᠮᠠᠲ᠋ᠧᠷᠢᠶᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠴᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢ ᠦᠨᠳᠦᠰᠦᠯᠡᠨ | ᠲᠥᠰᠥᠪ ᠢ ᠣᠷᠣᠯᠠᠨ ᠨᠠᠶᠢᠷᠠᠭᠤᠯᠬᠤ ᠵᠡᠷᠭᠡ ᠵᠠᠷᠤᠳᠠᠯ ᠤᠨ ᠳᠣᠲᠣᠷ᠎ᠠ ᠠᠴᠠ ᠲᠣᠬᠢᠷᠠᠭᠤᠯᠤᠨ ᠥᠭᠭᠦᠨ᠎ᠡ᠃ | ᠵᠠᠷᠤᠳᠠᠯ ᠨᠡᠮᠡᠬᠦ ᠭᠤᠶᠤᠴᠢᠯᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ᠂ ᠵᠣᠭᠤᠰ ᠤᠨ ᠲᠤᠭ᠎ᠠ ᠨᠢ 1000 | ᠲᠦᠮᠡᠨ ᠲᠥᠭᠦᠷᠢᠭ ᠤᠨ ᠳᠣᠲᠣᠷ᠎ᠠ ᠪᠠᠶᠢᠪᠠᠯ᠂ ᠭᠤᠶᠤᠴᠢᠯᠠᠭᠰᠠᠨ ᠰᠠᠯᠠᠭ᠎ᠠ ᠮᠥᠴᠢᠷ ᠢ ᠬᠤᠪᠢᠶᠠᠨ ᠬᠠᠮᠢᠶᠠᠷᠬᠤ ᠬᠤᠲᠠ ᠶᠢᠨ ᠲᠡᠳ᠋ ᠳᠠᠷᠤᠭ᠎ᠠ ᠪᠠ ᠡᠳ᠋ ᠤᠨ | ᠵᠠᠰᠠᠭ ᠤᠨ ᠠᠵᠢᠯ ᠢ ᠬᠤᠪᠢᠶᠠᠨ ᠬᠠᠮᠢᠶᠠᠷᠬᠤ ᠬᠤᠲᠠ ᠶᠢᠨ ᠲᠡᠳ᠋ ᠳᠠᠷᠤᠭ᠎ᠠ ᠪᠠᠷ ᠬᠢᠨᠠᠨ ᠵᠥᠪᠰᠢᠶᠡᠷᠡᠭᠦᠯᠦᠨ᠎ᠡ︔1000 ᠲᠦᠮᠡᠨ ᠲᠥᠭᠦᠷᠢᠭ ᠠᠴᠠ 2000 | ᠲᠦᠮᠡᠨ ᠲᠥᠭᠦᠷᠢᠭ ᠤᠨ ᠬᠤᠭᠤᠷᠣᠨᠳᠤ ᠪᠠᠶᠢᠪᠠᠯ ᠬᠤᠳᠠ ᠶᠢᠨ ᠳᠠᠷᠤᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ︔ 2000 ᠲᠦᠮᠡᠨ ᠲᠥᠭᠦᠷᠢᠭ ᠠᠴᠠ | ᠳᠡᠭᠡᠭᠰᠢ ᠪᠠᠶᠢᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠤᠨ᠎ᠠ᠃ | ᠭᠤᠷᠪᠠ᠂ ᠪᠤᠰᠤᠳ ᠵᠦᠢᠯ | ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾ ᠵᠢᠴᠢ | ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠥᠰᠥᠪ ᠤᠨ ᠬᠢᠵᠠᠭᠠᠷᠯᠠᠯ ᠢ ᠴᠢᠩᠭᠠᠳᠬᠠᠵᠤ᠂ ︽ᠭᠠᠮᠨᠠᠵᠤ | ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠬᠤᠲᠠ ᠶᠢᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠶᠢ ᠬᠢᠨᠠᠨ ᠵᠥᠪᠰᠢᠶᠡᠷᠡᠬᠦ | ᠴᠤᠪᠤᠷᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠥᠩᠭᠡᠷᠡᠭᠰᠡᠨ ᠵᠢᠯ ᠤᠳ ᠨᠢ ᠲᠤᠰ ᠮᠡᠳᠡᠭᠳᠡᠯ ᠲᠠᠢ ᠨᠡᠶᠢᠴᠡᠬᠦ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ | ᠪᠣᠯᠭᠠᠨ᠎ᠠ᠃ | | | ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2022 ᠣᠨ ᠤ 3 ᠳ᠋ᠣᠭᠠᠷ ᠰᠠᠷ᠎ᠠ ᠶᠢᠨ 1 ᠤ ᠡᠳᠦᠷ | | | |