ᠬᠤᠲᠠ ᠶᠢᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ  ᠲᠠᠢ ᠬᠠᠷᠢᠯᠴᠠᠵᠤ ᠠᠶᠤᠯᠭᠦᠢ ᠦᠢᠯᠡᠳᠪᠦᠷᠢᠯᠡᠯ ᠢ ᠵᠢᠯᠤᠭᠤᠳᠬᠤ ᠠᠵᠢᠯ ᠤᠨ ᠲᠦᠷᠢᠮ ᠢ ​ᠲᠠᠷᠤᠮᠠᠯᠯᠠᠨ ᠶᠠᠪᠤᠭᠤᠯᠬᠤ  ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/24
                                          ᠣᠷᠳᠣᠰ ᠠᠯᠪᠠᠨ ᠲᠠᠷᠬᠠᠭᠠᠭᠰᠠᠨ  ﹇2022﹈ 20 ᠳ᠋ᠤᠭᠠᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ︽ᠣᠷᠳᠣᠰ ᠬᠤᠲᠠ ᠶᠢᠨ ᠬᠤᠲᠠ ᠶᠢᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠲᠠᠢ ᠬᠠᠷᠢᠯᠴᠠᠵᠤ ᠠᠶᠤᠯᠬᠦᠢ ᠦᠢᠯᠡᠳᠪᠦᠷᠢᠯᠡᠯ  ᠢ ᠵᠢᠯᠤᠭᠤᠳᠬᠤ ᠠᠵᠢᠯ ᠤᠨ ᠳᠦᠷᠢᠮ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                                                          ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                   2022 ᠣᠨ ᠤ 3 ᠳ᠋ᠣᠭᠠᠷ ᠰᠠᠷ᠎ᠠ ᠶᠢᠨ 1 ᠤ ᠡᠳᠦᠷ                     ᠣᠷᠳᠣᠰ ᠬᠤᠳᠠ ᠶᠢᠨ ᠬᠤᠲᠠ  ᠶᠢᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠲᠠᠢ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠲᠠᠢ ᠬᠠᠷᠢᠯᠴᠠᠵᠤ  ᠠᠶᠤᠯᠭᠦᠢ ᠦᠢᠯᠡᠳᠪᠦᠷᠢᠯᠡᠯ  ᠢ ᠵᠢᠯᠤᠭᠤᠳᠬᠤ ᠠᠵᠢᠯ ᠤᠨ ᠲᠦᠷᠢᠮ    ᠨᠢᠭᠡᠳᠦᠭᠡᠷ ᠵᠦᠢᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠥᠪᠥᠷ ᠠᠶᠤᠯᠬᠦᠢ ᠵᠥᠪᠯᠡᠯ ﹇2022﹈ 10 ᠳ᠋ᠣᠭᠠᠷ ᠲᠣᠭᠠᠲᠤ︶ ᠪᠣᠯᠣᠨ ︽ᠠᠭᠤᠷᠬᠠᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ  ᠴᠢᠨᠠᠭᠰᠢᠳᠠ ᠪᠣᠳᠠᠲᠠᠶᠢᠵᠢᠭᠤᠯᠵᠤ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠦᠨᠡᠨᠬᠦ ᠠᠷᠢᠯᠭᠠᠬᠤ ᠲᠤᠬᠠᠢ ᠤᠯᠤᠰ ᠤᠨ ᠠᠭᠤᠷᠬᠠᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠲᠣᠪᠴᠢᠶ᠎ᠠ ᠶᠢᠨ ᠮᠡᠳᠡᠭᠳᠡᠯ︾ ︵ᠠᠭᠤᠷᠬᠠᠢ ᠠᠶᠤᠯᠬᠦᠢ ﹇2021﹈ 50 ᠳ᠋ᠣᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠰᠢ ᠶᠢᠨ ᠫᠢᠩ ᠶᠡᠷᠦᠩᠬᠡᠢ ᠱᠦᠵᠢ ᠶᠢᠨ  ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠨᠡᠭᠦᠷᠡᠰᠦᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠲᠤᠰ ᠲᠦᠷᠢᠮ ᠢ ᠪᠠᠶᠢᠭᠤᠯᠪᠠ᠃    ᠬᠤᠶᠠᠳᠤᠭᠠᠷ ᠵᠦᠢᠯ    ᠬᠠᠷᠢᠯᠴᠠᠵᠤ ᠵᠢᠯᠤᠭᠤᠳᠬᠤ ᠠᠵᠢᠯ ᠳᠤ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ᠂ ᠭᠤᠣᠯᠳᠠᠯᠭ᠎ᠠ ᠶᠢ ᠲᠤᠪᠤᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠠᠰᠠᠭᠤᠳᠠᠯ ᠢ ᠣᠯᠵᠤ ᠮᠡᠳᠡᠬᠦ ᠪᠠ ᠪᠦᠲᠦᠮᠵᠢᠲᠡᠶ ᠪᠠᠷ ᠬᠢᠨᠠᠨ ᠵᠢᠯᠤᠭᠤᠳᠬᠤ ᠶᠢ ᠤᠶᠠᠯᠳᠤᠭᠤᠯᠬᠤ ᠂ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ᠂ ᠲᠤᠬᠠᠶᠢᠯᠠᠭᠰᠠᠨ ᠠᠵᠢᠯ  ᠤᠨ ᠪᠠᠶᠢᠭᠤᠯᠤᠯᠲᠠ ᠶᠢ ᠠᠳᠬᠤᠬᠤ ᠪᠠ ᠪᠥᠬᠦ ᠲᠠᠯ᠎ᠠ ᠪᠠᠷ ᠨᠠᠮ  ᠢ ᠴᠢᠩᠭ᠎ᠠ ᠵᠠᠰᠠᠬᠤ ᠶᠢ ᠠᠳᠬᠤᠬᠤ ᠶᠢ ᠤᠶᠠᠯᠳᠤᠭᠤᠯᠬᠤ ᠵᠠᠷᠴᠢᠮ  ᠢ ᠪᠠᠷᠢᠮᠲᠠᠯᠠᠬᠤ ᠬᠡᠷᠡᠭᠲᠠᠢ᠃    ᠭᠤᠷᠪᠠᠳᠤᠭᠠᠷ ᠵᠦᠢᠯ    ᠬᠤᠲᠠ ᠶᠢᠨ ᠱᠠᠲᠤᠨ ᠤ ᠤᠳᠤᠷᠢᠳᠤᠯᠭ᠎ᠠ ᠬᠤᠰᠢᠭᠤ ᠲᠤᠭᠤᠷᠢᠭ ᠢᠶᠠᠷ ᠬᠤᠪᠢᠶᠠᠷᠢᠯᠠᠨ ᠭᠡᠰᠡᠭᠯᠡᠬᠦ ᠠᠷᠭ᠎ᠠ ᠮᠠᠶ᠋ᠢᠭ ᠢᠶᠠᠷ ᠬᠤᠰᠢᠭᠤ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠬᠠᠷᠢᠯᠴᠠᠵᠤ ᠵᠢᠯᠣᠭᠤᠳᠤᠨ᠎ᠠ᠃    ᠳᠥᠷᠪᠡᠳᠦᠭᠡᠷ ᠵᠦᠢᠯ    ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠯᠴᠠᠬᠤ ᠴᠢᠭ᠋ ᠤᠨ ᠠᠵᠢᠯ ᠲᠠᠢ ᠨᠢᠭᠲᠠ ᠤᠶᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠴᠤ᠂ ︽ᠬᠤᠶᠠᠷ ᠢ ᠰᠠᠭᠠᠲᠠᠭᠠᠬᠤ ᠦᠭᠡᠢ︾ ︽ᠬᠤᠶᠠᠷ ᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ᠃    ᠲᠠᠪᠤᠳᠤᠭᠠᠷ ᠵᠦᠢᠯ    ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠭᠤᠯᠤᠨ ᠵᠢᠯᠤᠭᠤᠳᠴᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ  ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠶᠢᠨ  ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠬᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠥᠭᠵᠢᠯᠲᠡ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠶᠢ ᠪᠠᠶᠢᠴᠠᠭᠠᠨ ᠲᠤᠤᠱᠯᠠᠭᠤᠯᠵᠤ᠂ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠨᠡᠭᠦᠷᠡᠰᠦᠨ ᠠᠭᠤᠷᠬᠠᠢ ᠶᠢᠨ ᠠᠶᠤᠯᠬᠦᠢ ᠦᠢᠯᠡᠳᠪᠦᠷᠢᠯᠡᠯ ᠤᠨ ᠴᠢᠬᠤᠯᠠ ᠶᠡᠭᠡ ᠠᠰᠠᠭᠤᠳᠠᠯ᠂ ᠲᠣᠪᠣᠶᠢᠮ᠎ᠠ ᠠᠰᠠᠭᠤᠳᠠᠯ ᠪᠠ ᠭᠦᠨ ᠲᠠᠰ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ  ᠠᠬᠢᠭᠤᠯᠬᠤ ᠬᠡᠷᠡᠭᠲᠠᠢ᠃    ᠵᠢᠷᠭᠤᠳᠤᠭᠠᠷ ᠵᠦᠢᠯ    ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠱᠠᠭᠠᠷᠳᠠᠭᠤᠯᠵᠤ ᠪᠠᠶᠢᠭᠠᠳ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ   ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠵᠢᠴᠢ ᠳᠡᠭᠡᠳᠦ ᠱᠠᠲᠤᠨ ᠤ ᠺᠣᠮᠫᠠᠨᠢ ᠶᠢᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠪᠣᠳᠠᠲᠠᠢ ᠡᠵᠡᠮᠳᠡᠭᠴᠢ᠂ ᠬᠡᠷᠡᠭ ᠮᠡᠳᠡᠭᠴᠢᠳ᢭ ᠤᠨ ᠳᠠᠷᠤᠭ᠎ᠠ᠂ ᠶᠡᠷᠦᠩᠬᠡᠢ ᠲᠠᠭᠠᠭᠠᠮᠠᠯ᠂ ᠶᠡᠷᠦᠩᠬᠡᠢ ᠢᠨᠵᠧᠨᠧᠷ᠂ ᠠᠭᠤᠷᠬᠠᠢ ᠶᠢᠨ ᠳᠠᠷᠤᠭ᠎ᠠ ᠵᠡᠷᠭᠡ ᠭᠤᠣᠯ ᠬᠠᠷᠢᠭᠤᠴᠠᠯᠭᠠᠲᠠᠨ ᠤ ᠠᠶᠤᠯᠬᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠬᠤ ᠬᠡᠷᠡᠭᠲᠡᠢ᠃    ᠳᠣᠯᠣᠳᠤᠭᠠᠷ ᠵᠦᠢᠯ   ᠬᠤᠳᠠ ᠶᠢᠨ ᠱᠠᠲᠤᠨ ᠤ ᠤᠳᠤᠷᠢᠳᠤᠯᠭ᠎ᠠ ᠶᠢᠨ ᠬᠠᠷᠢᠯᠴᠠᠵᠤ ᠵᠢᠯᠤᠭᠤᠳᠬᠤ ᠠᠵᠢᠯ ᠳᠠᠭᠤᠰᠤᠭᠰᠠᠨ ᠤ ᠲᠠᠷᠠᠭ᠎ᠠ᠂ ᠠᠵᠢᠯ ᠤᠨ ᠪᠠᠶᠢᠳᠠᠯ ᠢᠶᠠᠨ ᠦᠵᠡᠵᠦ ᠪᠠᠶᠢᠭᠠᠳ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠲᠤᠷᠰᠢᠯᠭ᠎ᠠ ᠪᠠᠨ ᠳ᠋ᠦᠩᠨᠡᠨ ᠂ ᠠᠰᠠᠭᠤᠳᠠᠯ ᠢ ᠵᠠᠳᠠᠯᠵᠤ᠂ ᠰᠠᠨᠠᠭᠤᠯᠭ᠎ᠠ ᠳᠤᠷᠠᠳᠬᠤ ᠬᠡᠷᠡᠭᠲᠡᠢ᠃    ᠨᠠᠢᠮᠠᠳᠤᠭᠠᠷ ᠵᠦᠢᠯ     ᠬᠤᠳᠠ ᠶᠢᠨ ᠱᠠᠲᠤᠨ ᠤ ᠤᠳᠤᠷᠢᠳᠤᠯᠭ᠎ᠠ ᠬᠠᠷᠢᠯᠴᠠᠬᠤ ᠴᠢᠭ᠋ ᠲᠤ ᠬᠦᠷᠬᠦ ᠳᠡᠭᠡᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠵᠢᠷᠤᠮᠯᠠᠵᠤ᠂ ᠲᠡᠷᠭᠡ ᠬᠥᠰᠬᠡ ᠶᠢ ᠬᠥᠩᠭᠡᠯᠡᠨ᠂ ᠠᠷᠠᠳ ᠢ ᠦᠢᠮᠡᠭᠦᠯᠬᠦ ᠦᠭᠡᠢ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠵᠤ᠂ ᠠᠷᠠᠳ ᠤᠨ ᠲᠥᠯᠥᠭᠡ ᠪᠠᠶᠢᠬᠤ᠂ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃    ᠶᠢᠰᠦᠳᠦᠭᠡᠷ ᠵᠦᠢᠯ     ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠶᠡᠷᠦᠩᠬᠡᠢ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠬᠤᠲᠠ ᠶᠢᠨ ᠱᠠᠲᠤᠨ ᠤ ᠤᠳᠤᠷᠢᠳᠤᠯᠭ᠎ᠠ ᠶᠢᠨ ᠬᠠᠷᠢᠯᠴᠠᠬᠤ ᠴᠢᠭ᠋ ᠢ ᠴᠠᠭ ᠲᠤᠨᠢ ᠲᠣᠬᠢᠷᠠᠭᠤᠯᠤᠨ ᠳᠤᠳᠤᠷᠬᠠᠶᠢᠯᠠᠬᠤ ᠬᠡᠷᠡᠭᠲᠠᠢ᠃    ᠠᠷᠪᠠᠳᠤᠭᠠᠷ ᠵᠦᠢᠯ    ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠬᠠᠷᠢᠯᠴᠠᠵᠤ ᠵᠢᠯᠤᠭᠤᠳᠬᠤ ᠠᠵᠢᠯ ᠤᠨ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃    ᠠᠷᠪᠠᠨ ᠨᠢᠭᠡᠳᠦᠭᠡᠷ ᠵᠦᠢᠯ    ᠲᠤᠰ ᠠᠵᠢᠯ  ᠤᠨ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ  ᠬᠡᠷᠡᠭᠵᠢᠬᠦᠯᠬᠦ ᠬᠡᠷᠡᠭᠲᠠᠢ᠃ 
ᠢᠷᠡᠯᠲᠡ᠄ ᠤᠷᠳᠣᠰ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ