​ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠲᠤ ᠭᠠᠯ ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2022/11/24
                                               ᠤᠷᠳᠤᠰ ᠵᠠᠰᠠᠭ ᠲᠠᠷᠬᠠᠭᠠᠭᠰᠠᠨ  ﹇2022﹈ 26 ᠳ᠋ᠤᠭᠠᠷ ᠲᠣᠭᠠᠲᠤ     ᠣᠳᠣᠬᠠᠨ ᠳᠤ᠂ ᠮᠠᠨ ᠤ ᠬᠤᠲᠠ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ ᠣᠷᠣᠭᠰᠠᠨ ᠪᠠᠶᠢᠨ᠎ᠠ᠃ ᠪᠦᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 25 ᠳ᠋ᠤᠭᠠᠷ ᠲᠣᠭᠠᠲᠤ ᠠᠯᠪᠠᠨ ᠵᠠᠷ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠤᠲᠠᠲᠤ ᠪᠠᠶᠢᠲᠠᠯ ᠲᠠᠢ ᠪᠠᠨ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠵᠠᠷᠯᠢᠭ ᠢ ᠨᠡᠶᠢᠲᠡᠯᠡᠪᠡ᠃     ᠨᠢᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠬᠤᠭᠤᠴᠠᠭ᠎ᠠ᠄ 2022 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠃     ᠬᠤᠶᠠᠷ᠂ ᠣᠶ ᠰᠢᠭᠤᠢ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ᠄ ᠤᠯᠤᠰ ᠤᠨ ᠥᠮᠴᠢᠯᠡᠯᠲᠦ᠂ ᠬᠠᠮᠲᠤ ᠶᠢᠨ᠂ ᠬᠤᠪᠢ ᠶᠢᠨ ᠣᠶ ᠰᠢᠭᠤᠢ ︵ᠡᠪᠡᠰᠦ ᠪᠡᠯᠴᠢᠭᠡᠷ︶ ᠶᠢᠨ ᠲᠠᠯᠠᠪᠠᠶ᠂ ᠠᠯᠳᠠᠷᠲᠤ ᠦᠵᠡᠮᠵᠢ ᠶᠢᠨ ᠵᠢᠭᠤᠯᠴᠢᠯᠠᠯ ᠤᠨ ᠣᠷᠣᠨ᠂ ᠣᠶ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠣᠷᠣᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ᠂ ᠣᠷᠣᠨ ᠨᠤᠲᠤᠭ ᠤᠨ ᠠᠮᠢ ᠠᠬᠤᠢ ᠶᠢᠨ ᠢᠨᠵᠧᠨᠧᠷᠢᠩ ᠤᠨ ᠣᠷᠣᠨ᠂ ᠵᠣᠬᠢᠶᠠᠮᠠᠯ ᠰᠢᠯᠮᠦᠦᠰᠦᠲᠦ ᠣᠶ ᠶᠢᠨ ᠣᠷᠣᠨ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠣᠶ ᠰᠢᠭᠤᠢ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠠᠮᠢ ᠠᠬᠤᠢ ᠶᠢ ᠲᠥᠪᠯᠡᠷᠡᠭᠦᠯᠦᠨ ᠰᠡᠷᠭᠦᠭᠡᠬᠦ ᠣᠷᠣᠨ ᠵᠢᠴᠢ ᠡᠯ᠎ᠡ ᠬᠤᠰᠢᠭᠤ  ᠲᠤᠭᠤᠷᠢᠭ ᠤᠨ ᠵᠠᠭᠠᠭᠯᠠᠨ ᠲᠣᠭᠲᠠᠭᠠᠭᠰᠠᠨ ᠵᠠᠬᠢᠷᠤᠨ ᠬᠠᠮᠢᠶᠠᠷᠬᠤ ᠣᠷᠣᠨ᠃    ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ ᠳᠤ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠭᠠᠯ ᠰᠢᠲᠠᠭᠠᠬᠤ᠂ ᠡᠪᠡᠰᠦ ᠪᠡᠯᠴᠢᠭᠡᠷ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ  ᠴᠠᠭᠠᠵᠠᠯᠠᠬᠤ ᠬᠡᠷᠡᠭᠲᠠᠢ︔ ᠤᠢ ᠰᠢᠭᠤᠢ ᠡᠪᠡᠰᠦ ᠪᠡᠯᠴᠢᠭᠡᠷ ᠤᠨ ᠵᠠᠬ᠎ᠠ ᠬᠦᠪᠡᠭᠡ᠂ ᠤᠢ ᠰᠢᠭᠤᠢ ︵ᠡᠪᠡᠰᠦ︶ ᠶᠢᠨ ᠲᠠᠷᠢᠶᠠᠯᠠᠩ ᠤᠨ ᠠᠭᠤᠯᠵᠠᠷ ᠬᠡᠰᠡᠭ ᠲᠤ ᠠᠲᠠᠷ ᠰᠢᠲᠠᠭᠠᠬᠤ᠂ ᠭᠤᠤᠷᠰᠤ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠠᠢ︔ ᠭᠠᠯ ᠤᠨ ᠴᠤᠭ ᠲᠠᠢ ᠰᠢᠲᠠᠯᠲᠠ ᠶᠢᠨ ᠪᠣᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ  ᠴᠠᠭᠠᠵᠠᠯᠠᠬᠤ ᠬᠡᠷᠡᠭᠲᠠᠢ ᠃ ᠬᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠬᠦ ᠳᠤ ᠦᠨᠡᠬᠡᠷ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠳᠤ ᠬᠦᠷᠪᠡᠯ᠂ ᠡᠷᠬᠡᠪᠰᠢ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠢ᠃  ᠲᠦᠷᠪᠡᠨ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠲᠠᠢ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ      ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ ᠳᠤ ᠬᠠᠷᠠᠭᠤᠯ ᠭᠠᠷᠭᠠᠨ ᠬᠠᠮᠢᠶᠠᠷᠬᠤ  ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠣᠶ ᠰᠢᠭᠤᠢ ᠨᠤᠲᠤᠭ ᠪᠡᠯᠴᠢᠭᠡᠷ ᠤᠨ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠵᠤ ᠭᠠᠷᠬᠤ ᠭᠠᠵᠠᠷ ᠲᠤ ᠲᠦᠷ ᠴᠠᠭ ᠤᠨ ᠪᠠᠶᠢᠴᠠᠭᠠᠯᠲᠠ ᠶᠢᠨ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠭᠤᠯᠵᠤ᠂ ᠭᠠᠯ ᠤᠨ ᠢᠷᠡᠯᠲᠡ ᠭᠠᠯ ᠤᠨ ᠴᠤᠭ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠲᠤ ︽ᠭᠠᠯ ᠰᠡᠷᠭᠡᠶᠢᠯᠡᠬᠦ ᠨᠣᠮᠧᠷ︾ ᠤᠨ ᠦᠨᠡᠨ ᠨᠡᠷ᠎ᠡ ᠪᠠᠷ ᠳᠠᠩᠰᠠᠯᠠᠬᠤ ᠶᠢ ᠬᠡᠷᠡᠭᠵᠢᠬᠦᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃    ᠲᠠᠪᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠢᠭ᠋᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠭᠠᠵᠠᠷ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠡᠷᠬᠡᠪᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠮᠠᠰᠢᠨ ᠪᠠᠭᠠᠵᠢ ᠶᠢ ᠭᠦᠢᠴᠡᠳ ᠲᠤᠬᠢᠷᠠᠭᠤᠯᠵᠤ᠂ ᠪᠤᠯᠪᠠᠰᠣᠷᠠᠯ ᠭᠥᠷᠳᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠳ ᠢ ᠲᠣᠬᠢᠷᠠᠭᠤᠯᠬᠤ ᠬᠡᠷᠡᠭᠲᠡᠢ᠃ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ  541 ᠳ᠋ᠣᠭᠡᠷ ᠲᠣᠭᠠᠲᠤ ᠵᠠᠷᠯᠢᠭ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ 542 ᠳ᠋ᠤᠭᠠᠷ ᠲᠣᠭᠠᠲᠤ ᠵᠠᠷᠯᠢᠭ︶ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 25 ᠳ᠋ᠤᠭᠠᠷ ᠲᠣᠭᠠᠲᠤ ᠠᠯᠪᠠᠨ ᠵᠠᠷ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠢ ᠶᠢᠨ ᠣᠷᠴᠢᠨ ᠲᠣᠭᠤᠷᠢᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠬᠤᠭ ᠡᠪᠡᠰᠦ ᠵᠡᠷᠭᠡ ᠰᠢᠲᠠᠮᠠᠬᠠᠢ ᠪᠣᠳᠠᠰ ᠢ ᠲᠤᠶᠢᠯᠪᠤᠷᠢᠲᠠᠢ ᠴᠡᠪᠡᠷᠯᠡᠨ ᠠᠷᠢᠯᠭᠠᠵᠤ᠂ ᠠᠮᠢ ᠠᠬᠤᠢ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠤᠳ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ︵ᠳᠠᠯᠠᠩ︶ ᠰᠢᠲᠠᠭᠠᠬᠤ᠂ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃     ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠤ ᠭᠦᠢᠯᠭᠡᠭᠡᠨ᠂ ᠲᠦᠷᠭᠡᠨ ᠬᠦᠷᠭᠡᠯᠲᠡ᠂ ᠨᠡᠭᠦᠷᠡᠰᠦ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠦᠭᠦᠳ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠶᠢᠨ ᠬᠥᠮᠥᠰ ᠲᠤ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠮᠠᠬᠢᠨ ᠢᠵᠠᠭᠤᠷ᠂ ᠭᠠᠯ ᠨᠡᠭᠦᠷᠡᠰᠦ ᠵᠡᠷᠭᠡ ᠭᠠᠯ ᠤᠨ ᠴᠤᠭ ᠢ ᠬᠠᠶᠠᠬᠤ ᠶᠢ ᠴᠢᠩᠭ᠎ᠠ ᠴᠠᠭᠠᠵᠠᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠪᠣᠭᠤᠳᠠᠯ ᠪᠠᠭᠯᠠᠭ᠎ᠠ ᠨᠢ ᠴᠢᠩᠭ᠎ᠠ ᠦᠭᠡᠢ ᠠᠴᠠ ᠪᠣᠯᠵᠤ ᠨᠡᠭᠦᠷᠡᠰᠦᠨ ᠰᠢᠭᠠᠷᠤ ᠶᠢ ᠠᠭᠤᠷᠬᠠᠢ ᠶᠢᠨ ᠣᠷᠣᠨ ᠠᠴᠠ ᠭᠠᠳᠠᠨᠠᠬᠢ ᠣᠷᠣᠨ ᠪᠦᠰᠡ ᠳᠤ ᠬᠠᠶᠠᠬᠤ ᠶᠢ ᠴᠢᠩᠭ᠎ᠠ  ᠴᠠᠭᠠᠵᠠᠯᠠᠬᠤ ᠬᠡᠷᠡᠭᠲᠠᠢ᠃ ᠵᠢᠯᠣᠭᠤᠴᠢ᠂ ᠲᠡᠷᠭᠡᠨ ᠤ ᠬᠠᠮᠢᠶᠠᠷᠤᠯᠲᠠ ᠶᠢᠨ ᠠᠵᠢᠯᠲᠠᠨ ᠪᠣᠯ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭᠠᠲᠠᠨ ᠪᠤᠯᠤᠨ᠎ᠠ᠃    ᠲᠤᠯᠤᠭ᠎ᠠ᠂ ᠭᠠᠯ ᠤᠨᠲᠠᠷᠠᠭᠠᠬᠤ ᠡᠯ᠎ᠡ ᠲᠦᠷᠤᠯ ᠤᠨ ᠡᠩᠨᠡᠭᠡ ᠴᠠᠭ ᠢᠮᠠᠭᠲᠠ ᠲᠠᠶᠢᠨ ᠤ ᠪᠡᠯᠡᠳᠬᠡᠯ ᠤᠨ ᠪᠠᠶᠢᠳᠠᠯ ᠢᠶᠠᠨ ᠪᠠᠲᠤᠯᠠᠵᠤ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ᠂ ︽ᠡᠷᠲᠡ ᠣᠨᠳᠠᠷᠠᠭᠠᠬᠤ᠂ ᠪᠠᠭ᠎ᠠ  ᠳᠡᠭᠡᠷ᠎ᠡ ᠨᠢ ᠤᠨᠳᠠᠷᠠᠭᠠᠬᠤ᠂ ᠤᠨᠳᠠᠷᠠᠭᠠᠵᠤ ᠲᠡᠶᠢᠯᠬᠦ︾ ᠶᠢ ᠪᠠᠲᠤᠯᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃    ᠨᠠᠢᠮᠠ᠂  ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠢ᠂ ᠭᠠᠯ  ᠤᠨ ᠠᠶᠤᠯ  ᠤᠨ ᠲᠠᠯᠳᠠ ᠭᠡᠮ ᠢ ᠠᠷᠢᠯᠭᠠᠬᠤ ᠦᠭᠡᠢ᠂  ᠵᠦᠪᠰᠶᠡᠷᠡᠯ ᠦᠬᠡᠢ ᠪᠠᠷ ᠤᠢ ᠰᠢᠭᠤᠢ ᠨᠤᠲᠤᠭ ᠪᠡᠯᠴᠢᠭᠡᠷ  ᠤᠨ ᠭᠠᠯ ᠬᠤᠷᠢᠭᠠᠲᠠᠢ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠳᠡᠯ ᠢᠶᠠᠷ ᠪᠤᠶᠤ ᠵᠣᠷᠢᠭᠤᠳᠠ ᠪᠠᠷ ᠡᠭᠦᠰᠬᠡᠭᠰᠡᠨ ᠪᠠᠶᠢᠪᠠᠯ ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠪᠣᠯᠣᠨ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠨᠢᠭᠡᠴᠡ ᠶᠢ 2000 ᠲᠥᠭᠦᠷᠢᠭ ᠠᠴᠠ 10 ᠲᠦᠮᠡᠨ ᠲᠥᠭᠦᠷᠢᠭ ᠵᠣᠭᠤᠰ ᠢᠶᠠᠷ ᠲᠣᠷᠭᠠᠵᠤ᠂ ᠬᠤᠪᠢ ᠬᠥᠮᠥᠨ ᠢ 200 ᠲᠥᠭᠦᠷᠢᠭ ᠠᠴᠠ 5000 ᠲᠥᠭᠦᠷᠢᠭ ᠵᠣᠭᠤᠰ ᠢᠶᠠᠷ ᠲᠣᠷᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠢ ᠳᠤᠨᠢ ᠬᠡᠷᠡᠭ ᠢ ᠳᠠᠭᠤᠰᠬᠠᠬᠤ ᠬᠡᠷᠡᠭᠲᠡᠢ᠃    ᠶᠢᠰᠦ᠂ ᠪᠠᠶᠢᠴᠠᠭᠠᠯᠲᠠ ᠳᠤ ᠢᠯᠡᠷᠡᠭᠦᠯᠦᠭᠰᠡᠨ ᠬᠠᠷᠢᠶ᠎ᠠ ᠣᠷᠣᠨ ᠳᠤ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠦᠭᠡᠢ᠂ ᠵᠣᠬᠢᠶᠠᠨ ᠪᠠᠶᠢᠭᠤᠯᠤᠯᠲᠠ ᠶᠢᠨ ᠤᠨᠲᠠᠷᠠᠭᠠᠯᠲᠠ ᠨᠢ ᠬᠦᠴᠦᠨ ᠦᠭᠡᠢ᠂ ᠬᠢᠨᠠᠯᠲᠠ ᠪᠠᠶᠢᠴᠠᠭᠠᠯᠲᠠ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃    ᠠᠷᠪᠠ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠥᠮ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠪᠤᠶᠤ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ︵ᠲᠦᠭᠰᠢᠭᠦᠷᠢ ᠮᠡᠳᠡᠬᠦᠯᠬᠦ ᠤᠲᠠᠰᠤ᠄ 12119︶᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ  ᠴᠠᠭᠠᠵᠠᠯᠠᠬᠤ ᠬᠡᠷᠡᠭᠲᠠᠢ᠃                                                                                                                               ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                   2022 ᠣᠨ ᠤ 3 ᠳ᠋ᠣᠭᠠᠷ ᠰᠠᠷ᠎ᠠ ᠶᠢᠨ 15 ᠤ ᠡᠳᠦᠷ 
ᠢᠷᠡᠯᠲᠡ᠄ ᠤᠷᠳᠣᠰ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ