ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ  ᠴᠢᠨᠠᠭᠰᠢᠳᠠ ᠴᠢᠩᠭᠠᠳᠬᠠᠬᠤ ᠲᠤᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/11/24
                                             ᠤᠷᠳᠤᠰ ᠵᠠᠰᠠᠭ ᠲᠠᠷᠬᠠᠭᠠᠭᠰᠠᠨ  ﹇2022﹈ 30 ᠳ᠋ᠤᠭᠠᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ  ᠪᠠᠷ ᠲᠤᠤᠱᠯᠠᠭᠤᠯᠵᠤ᠂  ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠬᠦ ᠪᠠ ᠪᠦᠲᠦᠮᠵᠢᠲᠡᠶ ᠬᠠᠮᠠᠭᠠᠯᠠᠬᠤ ᠶᠢ  ᠴᠢᠨᠠᠭᠰᠢᠳᠠ ᠴᠢᠩᠭᠠᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ  ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠤᠰᠤ ᠲᠠᠲᠠᠬᠤ ᠵᠥᠪᠰᠢᠶᠡᠷᠡᠯ ᠪᠣᠯᠣᠨ ᠤᠰᠤᠨ ᠤ ᠡᠬᠢ ᠪᠠᠶᠠᠯᠢᠭ  ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠣᠯᠣᠨ ᠬᠠᠮᠢᠶᠠᠷᠤᠯᠲᠠ ᠶᠢᠨ ᠳᠦᠷᠢᠮ︾ ᠵᠡᠷᠭᠡ ᠲᠣᠭᠲᠠᠭᠠᠯ   ᠢ ᠦᠨᠳᠦᠰᠦᠯᠡᠨ᠂ ᠡᠳᠦᠭᠡ ᠪᠥᠬᠦ ᠬᠤᠳᠠ ᠶᠢᠨ ᠤᠰᠤᠨ  ᠤ ᠡᠬᠢ ᠪᠠᠶᠠᠯᠢᠭ  ᠤᠨ ᠬᠠᠮᠢᠶᠠᠷᠤᠯᠲᠠ ᠶᠢᠨ ᠠᠵᠢᠯ ᠢ  ᠴᠢᠨᠠᠭᠰᠢᠳᠠ ᠴᠢᠩᠭᠠᠳᠬᠠᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠬᠦᠯᠬᠦ ᠬᠡᠷᠡᠭᠲᠠᠢ     ᠤᠰᠤᠨ ᠤ ᠡᠬᠢ ᠪᠠᠶᠠᠯᠢᠭ  ᠤᠨ ᠬᠠᠮᠢᠶᠠᠷᠤᠯᠲᠠ ᠶᠢ ᠴᠢᠩᠭᠠᠳᠬᠠᠬᠤ ᠪᠣᠯ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠣᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠶᠢ ᠦᠢᠯᠡᠳᠦᠯᠭᠡᠵᠢᠭᠦᠯᠬᠦ ᠴᠢᠬᠤᠯᠠ ᠶᠡᠭᠡ ᠠᠷᠭ᠎ᠠ ᠪᠠᠷᠢᠯ ᠪᠤᠯᠤᠨ᠎ᠠ᠂ ᠣᠷᠳᠣᠰ ᠬᠤᠲᠠ ᠶᠢᠨ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ︾ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠬᠤ ᠪᠣᠳᠠᠲᠠᠢ ᠠᠵᠢᠯᠯᠠᠭ᠎ᠠ ᠮᠥᠨ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠠ ᠠᠯᠤᠰ ᠬᠡᠳᠦ ᠶᠢᠨ ᠬᠠᠷᠠᠯᠲᠠ ᠠᠴᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠠᠮᠢᠶᠠᠷᠬᠤ᠂ ᠬᠡᠲᠦᠷᠡᠲᠡᠯ᠎ᠡ ᠲᠠᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠪᠠ ᠲᠣᠭᠲᠠᠭᠠᠯ  ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠢ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠬᠤ ᠶᠢ ᠦᠨᠡᠨᠬᠦ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃     ᠬᠤᠶᠠᠷ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ     ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠲᠣᠰ ᠵᠠᠰᠠᠭ ᠵᠠᠬᠢᠷᠭᠠᠨ ᠤ ᠣᠷᠣᠨ ᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠷᠪᠢᠯᠠᠬᠤ ᠪᠠ ᠬᠠᠮᠠᠭᠠᠯᠠᠬᠤ ᠳᠤ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠴᠤ ᠬᠢᠨᠠᠬᠤ ᠠᠵᠢᠯ ᠢ ᠬᠠᠷᠢᠭᠤᠴᠠᠨ᠎ᠠ︔ ᠬᠥᠭᠵᠢᠭᠦᠯᠦᠯᠲᠡ ᠪᠠ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠡᠨᠧᠷᠭᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠲᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠰᠢᠭᠤ ᠲᠤᠭᠤᠷᠢᠭ ᠪᠣᠯᠣᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤ ᠲᠠᠲᠠᠵᠤ ᠬᠡᠷᠡᠭᠯᠡᠬᠦ ᠡᠷᠦᠬᠡ ᠶᠢ  ᠱᠠᠭᠠᠷᠳᠠᠭᠤᠯᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠬᠠᠤᠯᠢ ᠲᠣᠭᠲᠠᠭᠠᠯ ᠶᠣᠰᠣᠭᠠᠷ ᠲᠡᠭᠦᠯᠳᠡᠷᠵᠢᠭᠦᠯᠬᠦ ᠶᠢᠨ ᠬᠠᠮᠲᠤ ᠂ ᠤᠰᠤ ᠬᠡᠷᠡᠭᠯᠡᠬᠦ ᠬᠡᠮᠵᠢᠶ᠎ᠡ ᠶᠢ ᠮᠡᠳᠡᠭᠦᠯᠬᠦ ᠵᠢᠴᠢ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠵᠡᠷᠭᠡ ᠠᠵᠢᠯ ᠢ ᠰᠠᠨᠠᠭᠠᠴᠢᠯᠠᠭ᠎ᠠ  ᠠᠴᠠ ᠪᠠᠨ ᠰᠠᠶᠢᠲᠤᠷ ᠬᠢᠬᠦ ᠬᠡᠷᠡᠭᠲᠡᠢ᠃    ᠭᠤᠷᠪᠠ᠂ ᠭᠤᠣᠯᠳᠠᠯᠭ᠎ᠠ ᠲᠠᠢ ᠠᠵᠢᠯ ᠢ ᠡᠵᠡᠮᠳᠡᠬᠦ ᠬᠡᠷᠡᠭᠲᠡᠢ    ︵ᠨᠢᠭᠡ︶ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠤᠯᠠᠭᠠᠨ ᠱᠤᠭᠤᠮ︾ ᠤᠨ ᠲᠣᠭᠤᠷᠢᠨ ᠳᠤ᠂ ᠤᠰᠤᠨ ᠤ ᠬᠡᠮᠵᠢᠶ᠎ᠡ ᠪᠠᠷ ᠲᠤᠭᠳᠠᠭᠠᠬᠤ ᠬᠥᠭᠵᠢᠯᠲᠡ ᠶᠢᠨ ᠰᠡᠳᠬᠢᠮᠵᠢ ᠶᠢ ᠨᠠᠶᠢᠳᠠᠪᠤᠷᠢᠵᠢᠭᠤᠯᠤᠨ᠂ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠣᠷᠣᠨ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠵᠠᠷᠴᠢᠮ ᠢ ᠪᠠᠷᠢᠮᠲᠠᠯᠠᠵᠤ᠂ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠶᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠬᠡᠷᠡᠭᠲᠡᠢ᠃ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠨᠥᠬᠦᠴᠡᠯ ᠪᠣᠯᠣᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠱᠠᠭᠠᠷᠳᠠᠯᠭ᠎ᠠ  ᠯᠤᠭ᠎ᠠ ᠵᠣᠬᠢᠴᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠬᠡᠷᠡᠭᠲᠡᠢ᠃ ᠡᠯ᠎ᠡ ᠬᠠᠮᠢᠶᠠᠷᠤᠯᠲᠠ ᠶᠢᠨ ᠨᠢᠭᠡᠴᠡ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ ᠰᠤᠮᠤ ᠰᠢᠶᠠᠩ ᠪᠠᠯᠭᠠᠰᠤ ᠪᠣᠯᠣᠨ ᠬᠤᠲᠠ ᠬᠥᠳᠡᠭᠡ ᠶᠢᠨ ᠠᠮᠢᠳᠤᠷᠠᠯ᠂ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠵᠡᠷᠭᠡ ᠠᠵᠢᠯ ᠲᠥᠷᠥᠯ ᠳᠤ ᠬᠦᠷᠲᠡᠯ᠎ᠡ ᠬᠤᠪᠢᠶᠠᠵᠤ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠣᠰᠣᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠶᠢ ᠤᠰᠤ ᠲᠠᠲᠠᠵᠤ ᠬᠡᠷᠡᠭᠯᠡᠬᠦ ᠡᠷᠦᠬᠡ ᠳᠤ ᠠᠯᠬᠤᠮ ᠠᠯᠬᠤᠮ ᠢᠶᠠᠷ ᠬᠤᠪᠢᠶᠠᠵᠤ ᠥᠭᠬᠦ ᠬᠡᠷᠡᠭᠲᠡᠢ᠃ ᠭᠠᠵᠠᠷ ᠰᠢᠷᠣᠢ ᠶᠢ ᠨᠡᠭᠡᠭᠡᠨ ᠠᠰᠢᠭᠯᠠᠬᠤ ᠪᠠ ᠤᠰᠤᠯᠠᠯᠲᠠ ᠶᠢ ᠥᠷᠭᠡᠳᠬᠡᠬᠦ ᠶᠢ ᠴᠢᠩᠭ᠎ᠠ ᠬᠢᠵᠠᠭᠠᠷᠯᠠᠵᠤ᠂ ᠤᠰᠤᠯᠠᠯᠲᠠ ᠶᠢ ᠥᠷᠭᠡᠳᠬᠡᠬᠦ ᠠᠴᠠ ᠪᠣᠯᠤᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠬᠦ ᠪᠠ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠤᠯᠠᠭᠠᠨ ᠱᠤᠭᠤᠮ ᠤᠨ ᠬᠤᠭᠤᠷᠣᠨᠳᠣᠬᠢ ᠵᠥᠷᠢᠴᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃     ︵ᠬᠤᠶᠠᠷ︶ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠰᠤ ᠲᠠᠲᠠᠵᠤ ᠬᠡᠷᠡᠭᠯᠡᠬᠦ ᠡᠷᠦᠬᠡ ᠪᠦᠬᠦᠨ ᠢ ᠪᠥᠬᠦ ᠲᠠᠯ᠎ᠠ ᠪᠠᠷ ᠪᠠᠶᠢᠴᠠᠭᠠᠵᠤ᠂ ᠭᠤᠣᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠣᠷ᠎ᠠ ᠠᠴᠠ ᠤᠰᠤᠨ ᠤ ᠡᠬᠢ ᠪᠠᠶᠠᠯᠢᠭ ᠢ ᠰᠢᠭᠤᠳ ᠲᠠᠲᠠᠵᠤ ᠬᠡᠷᠡᠭᠯᠡᠬᠦ ᠨᠢᠭᠡᠴᠡ ᠪᠠ ᠬᠤᠪᠢ ᠬᠥᠮᠥᠨ ᠢ  ᠱᠠᠭᠠᠷᠳᠠᠭᠤᠯᠵᠤ ᠪᠠᠶᠢᠭᠠᠳ ᠤᠰᠤ ᠲᠠᠲᠠᠬᠤ ᠶᠢ ᠵᠥᠪᠰᠢᠶᠡᠷᠡᠬᠦ ᠳᠦᠷᠢᠮ ᠪᠠ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠶᠣᠰᠣᠭᠠᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠯᠭᠠᠨ᠎ᠠ᠃ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠭᠰᠠᠨ ᠪᠠ ᠵᠥᠪᠰᠢᠶᠡᠷᠡᠭᠦᠯᠦᠭᠰᠡᠨ ᠤᠰᠤ ᠲᠠᠲᠠᠬᠤ ᠵᠥᠪᠰᠢᠶᠡᠷᠡᠯ  ᠤᠨ ᠲᠣᠭᠲᠠᠭᠠᠭᠰᠠᠨ ᠨᠥᠬᠦᠴᠡᠯ  ᠢ ᠥᠯᠥ ᠵᠢᠷᠤᠮᠯᠠᠨ ᠤᠰᠤ ᠲᠠᠲᠠᠭᠰᠠᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢ ᠴᠢᠩᠭ᠎ᠠ ᠵᠢᠷᠤᠮᠯᠠᠨ᠂ ᠬᠤᠰᠢᠭᠤ ᠲᠤᠭᠤᠷᠢᠭ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ  ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ᠂ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠥᠬᠦᠪᠦᠷᠢᠯᠡᠬᠦ ᠠᠷᠭ᠎ᠠ ᠬᠡᠮᠵᠢᠶ᠎ᠡ ᠠᠪᠤᠭᠤᠯᠬᠤ ᠶᠢᠨ ᠬᠠᠮᠲᠤ ᠬᠠᠤᠯᠢ ᠶᠣᠰᠣᠭᠠᠷ ᠰᠢᠳᠬᠡᠨ ᠲᠤᠷᠭᠠᠬᠤ ᠬᠡᠷᠡᠭᠲᠠᠢ᠃     ︵ᠭᠤᠷᠪᠠ︶ ᠤᠰᠤᠨ ᠤ ᠡᠬᠢ ᠪᠠᠶᠠᠯᠢᠭ ᠤᠨ ᠬᠡᠷᠡᠭᠴᠡᠭᠡ  ᠶᠢᠨ ᠬᠠᠮᠢᠶᠠᠷᠤᠯᠲᠠ ᠶᠢ ᠴᠢᠩᠳᠠᠯᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢᠳᠤᠷᠠᠯ᠂ ᠠᠮᠢ ᠠᠬᠤᠢ ᠪᠠ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠨ᠂  ᠨᠡᠬᠦᠷᠡᠰᠦᠨ ᠲᠠᠪᠬᠤᠷᠭ᠎ᠠ ᠶᠢᠨ ᠤᠰᠤ᠂  ᠲᠠᠬᠢᠨ ᠬᠡᠷᠡᠭᠯᠡᠬᠦ ᠤᠰᠤ ᠵᠡᠷᠭᠡ ᠬᠡᠪ ᠤᠨ ᠪᠤᠰᠤ ᠤᠰᠤᠨ ᠤ ᠡᠬᠢ ᠪᠠᠶᠠᠯᠢᠭ ᠢ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠲᠣᠬᠢᠷᠠᠭᠤᠯᠤᠯᠲᠠ ᠳᠤ ᠣᠷᠣᠭᠤᠯᠵᠤ᠂ ᠬᠡᠪ ᠤᠨ ᠪᠤᠰᠤ ᠤᠰᠤᠨ ᠤ ᠠᠰᠢᠭᠯᠠᠯᠲᠠ ᠶᠢ  ᠴᠢᠩᠭᠠᠳᠬᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠦᠲᠦᠮᠵᠢᠲᠡᠶ ᠪᠠᠲᠤᠯᠠᠬᠤ ᠶᠢᠨ ᠬᠠᠮᠲᠤ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠪᠠᠭᠠᠰᠬᠠᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠡᠩ ᠲᠡᠷᠢᠭᠦᠨ ᠳᠤ  ᠲᠠᠬᠢᠨ ᠬᠡᠷᠡᠭᠯᠡᠬᠦ ᠤᠰᠤ᠂ ᠨᠡᠬᠦᠷᠡᠰᠦᠨ ᠲᠠᠪᠬᠤᠷᠭ᠎ᠠ ᠶᠢᠨ ᠤᠰᠤ ᠵᠡᠷᠭᠡ ᠡᠩ ᠤᠨ ᠪᠤᠰᠤ ᠤᠰᠤᠨ ᠤ ᠡᠬᠢ ᠪᠠᠶᠠᠯᠢᠭ ᠢ ᠬᠡᠷᠡᠭᠯᠡᠵᠦ᠂ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠬᠤᠲᠠ ᠶᠢᠨ ᠤᠰᠤᠨ ᠤ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠪᠠ ᠬᠥᠮᠥᠨ ᠤ ᠬᠦᠴᠦ ᠪᠠᠷ ᠴᠠᠰᠤ ᠬᠢᠬᠦ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ᠂ ᠨᠡᠬᠡᠮᠡᠯ  ᠴᠢᠯᠠᠭᠤᠨ ᠲᠣᠰᠣ ᠬᠢᠮᠢ ᠪᠠ ᠬᠢᠮᠢ ᠶᠢᠨ ᠠᠵᠤ ᠦᠢᠯᠡᠳᠪᠦᠷᠢ ᠵᠡᠷᠭᠡ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠵᠦᠢᠯᠡᠰ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠳᠤ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ  ᠴᠠᠭᠠᠵᠠᠯᠠᠬᠤ ᠭᠡᠷᠡᠭᠲᠠᠢ᠃     ︵ᠳᠥᠷᠪᠡ︶ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠨ᠎ᠠ᠃ ᠬᠤᠲᠠ᠂ ᠬᠤᠰᠢᠭᠤ ᠲᠣᠭᠤᠷᠢᠭ ᠤᠨ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠭᠦᠢᠴᠡᠳᠬᠡᠯ ᠲᠤᠭ᠎ᠠ ᠠᠴᠠ ᠬᠡᠲᠦᠷᠡᠭᠰᠡᠨ ᠪᠤᠶᠤ ᠤᠰᠤᠨ ᠤ ᠲᠦᠪᠰᠢᠨ ᠨᠢ ᠡᠵᠡᠮᠳᠡᠬᠦ ᠭᠦᠢᠴᠡᠳᠬᠡᠯ ᠲᠤᠭ᠎ᠠ ᠳᠤ ᠨᠡᠶᠢᠴᠡᠬᠦ ᠦᠭᠡᠢ ᠬᠠᠮᠢᠶᠠᠷᠤᠯᠲᠠ ᠶᠢᠨ ᠨᠢᠭᠡᠴᠡ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠪᠤᠶᠤ ᠢᠯᠴᠢ ᠬᠠᠩᠭᠠᠬᠤ ᠬᠤᠭᠤᠯᠠᠢ ᠶᠢᠨ ᠲᠣᠣᠷ ᠢᠶᠠᠷ ᠤᠰᠤ ᠨᠥᠬᠦᠪᠦᠷᠢᠯᠡᠬᠦ ᠵᠡᠷᠭᠡ ᠣᠨᠴᠣᠭᠤᠢ ᠪᠠᠶᠢᠳᠠᠯ ᠢ ᠭᠠᠷᠭᠠᠪᠠᠯ᠂ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠰᠢᠨ᠎ᠡ ᠪᠠᠷ ᠨᠡᠮᠡᠭᠳᠡᠭᠦᠯᠬᠦ ᠶᠢ ᠬᠢᠨᠠᠨ ᠵᠥᠪᠰᠢᠶᠡᠷᠡᠬᠦ ᠶᠢ ᠲᠦᠷ ᠵᠣᠭᠰᠤᠭᠠᠬᠤ ᠬᠡᠷᠡᠭᠲᠡᠢ᠃ ᠤᠰᠤ ᠬᠡᠷᠡᠭᠯᠡᠬᠦ ᠲᠥᠯᠥᠪᠯᠡᠭᠡᠲᠦ ᠬᠠᠮᠢᠶᠠᠷᠤᠯᠲᠠ ᠶᠢ ᠴᠢᠩᠳᠠᠯᠠᠵᠤ᠂ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠤᠭᠰᠠᠨ ᠤᠰᠤ ᠬᠡᠷᠡᠭᠯᠡᠬᠦ ᠡᠷᠦᠬᠡ ᠪᠣᠯᠣᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠬᠠᠮᠤᠷᠬᠤ ᠬᠡᠪᠴᠢᠶᠡᠨ ᠳᠠᠬᠢ ᠵᠢᠯ ᠤᠨ ᠤᠰᠤ ᠬᠡᠷᠡᠭᠯᠡᠬᠦ ᠬᠡᠮᠵᠢᠶ᠎ᠡ ᠨᠢ 5000 ᠪᠣᠰᠤᠭ᠎ᠠ ᠳᠥᠷᠪᠡᠯᠵᠢᠨ ᠮᠧᠲᠷ ︵ᠪᠠᠭᠲᠠᠨ᠎ᠠ︶  ᠠᠴᠠ ᠳᠡᠭᠡᠭᠰᠢᠬᠢ ᠤᠰᠤ ᠬᠡᠷᠡᠭᠯᠡᠬᠦ ᠡᠷᠦᠬᠡ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠤᠰᠤ ᠲᠠᠲᠠᠵᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ ᠡᠷᠦᠬᠡ ᠶᠢᠨ ᠠᠯᠤᠰ ᠡᠵᠡᠮᠰᠢᠯ ᠢᠶᠠᠷ ᠰᠦᠯᠵᠢᠶᠡᠨ ᠳᠡᠭᠡᠷ᠎ᠡ ᠴᠠᠭ ᠲᠤᠬᠠᠢ ᠳᠤᠨᠢ  ᠬᠡᠮᠵᠢᠨ ᠬᠢᠨᠠᠨ ᠡᠵᠡᠮᠳᠡᠬᠦ ᠶᠢ ᠲᠦᠷᠭᠡᠳᠬᠡᠨ ᠬᠡᠷᠡᠭᠵᠢᠭᠦᠯᠵᠦ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ ᠶᠢᠨ ᠱᠠᠲᠤᠨ ᠤ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠲᠠᠪᠴᠠᠩ ᠯᠤᠭ᠎ᠠ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠤᠰᠤ ᠲᠠᠲᠠᠬᠤ ᠬᠡᠮᠵᠢᠯᠲᠡ ᠶᠢᠨ  ᠲᠦᠬᠦᠬᠡᠷᠦᠮᠵᠢ ᠤᠭᠰᠠᠷᠠᠭᠰᠠᠨ ᠦᠭᠡᠢ᠂ ᠬᠡᠮᠵᠢᠯᠲᠡ ᠶᠢᠨ ᠲᠦᠬᠦᠬᠡᠷᠦᠮᠵᠢ ᠨᠢ ᠬᠢᠷᠢ ᠲᠡᠩᠴᠡᠭᠰᠡᠨ ᠦᠭᠡᠢ ᠪᠤᠶᠤ ᠠᠵᠢᠯᠯᠠᠭᠠᠨ ᠨᠢ ᠬᠡᠪ ᠤᠨ ᠪᠤᠰᠤ ᠪᠠᠶᠢᠵᠤ᠂ ᠤᠰᠤ ᠲᠠᠳᠠᠭᠰᠠᠨ ᠲᠤᠭ᠎ᠠ ᠪᠠᠷᠢᠮᠲᠠ ᠶᠢ ᠬᠠᠩᠭᠠᠬᠤ ᠦᠭᠡᠢ ᠪᠤᠶᠤ  ᠬᠤᠳᠠᠯ ᠬᠠᠭᠤᠷᠮᠠᠭ ᠲᠤᠭ᠎ᠠ ᠪᠠᠷᠢᠮᠲᠠ ᠶᠢ ᠬᠠᠩᠭᠠᠭᠰᠠᠨ ᠪᠠᠶᠢᠪᠠᠯ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠤᠰᠤᠯᠠᠯᠲᠠ ᠳᠤ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ  ᠳᠤ ᠬᠡᠮᠵᠢᠯᠲᠡ ᠶᠢᠨ ᠨᠥᠬᠦᠴᠡᠯ  ᠢ ᠲᠥᠷ ᠪᠦᠷᠢᠳᠦᠭᠦᠯᠦᠭᠰᠡᠨ ᠦᠭᠡᠢ ᠪᠣᠯ ᠴᠠᠬᠢᠯᠭᠠᠨ ᠤ ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠨᠤᠭᠤᠯᠤᠨ ᠪᠤᠳᠤᠬᠤ᠂ ᠴᠠᠬᠢᠯᠭᠠᠨ ᠬᠡᠷᠡᠭᠯᠡᠬᠦ ᠪᠠᠷ ᠤᠰᠤ ᠬᠡᠷᠡᠭᠯᠡᠬᠦ ᠶᠢ ᠬᠢᠵᠠᠭᠠᠷᠯᠠᠬᠤ ᠠᠷᠭ᠎ᠠ ᠮᠠᠶ᠋ᠢᠭ  ᠢ ᠠᠪᠴᠤ ᠪᠠᠶᠢᠭᠠᠳ ᠤᠰᠤ ᠲᠠᠲᠠᠵᠤ ᠬᠡᠷᠡᠭᠯᠡᠬᠦ ᠶᠢ  ᠬᠠᠮᠢᠶᠠᠷᠬᠤ ᠬᠡᠷᠡᠭᠲᠠᠢ᠃    ︵ᠲᠠᠪᠤ︶ ᠤᠰᠤ ᠶᠢ ᠶᠡᠬᠡᠪᠡᠷ ᠠᠷᠪᠢᠯᠠᠵᠤ ᠤᠰᠤᠨ ᠤ ᠭᠡᠷᠡᠭᠯᠡᠯᠲᠡ ᠶᠢ ᠡᠵᠡᠮᠳᠡᠨ᠎ᠡ᠃ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠶᠢ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠳᠡᠭᠡᠳᠦ ᠬᠢᠵᠠᠭᠠᠷ ᠢ ᠴᠢᠩᠭ᠎ᠠ ᠰᠠᠬᠢᠬᠤ ᠬᠡᠷᠡᠭᠲᠠᠢ᠃ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠶᠢ  ᠴᠢᠩᠭᠠᠳᠬᠠᠵᠤ᠂ ᠲᠠᠷᠢᠶᠠᠯᠠᠩ  ᠤᠨ ᠤᠰᠤ ᠠᠷᠪᠢᠯᠠᠬᠤ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠵᠤ᠂ ᠲᠠᠷᠢᠶᠠᠯᠠᠩ ᠤᠨ ᠤᠰᠤ ᠠᠷᠪᠢᠯᠠᠬᠤ ᠲᠥᠷᠥᠯ ᠵᠦᠢᠯ ᠪᠣᠯᠣᠨ ᠤᠰᠤ ᠠᠷᠪᠢᠯᠠᠬᠤ ᠮᠡᠷᠭᠡᠵᠢᠯ  ᠢ ᠢᠳᠡᠪᠬᠢᠲᠡᠢ ᠪᠠᠷ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ  ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠭᠦᠯᠢᠭ ᠮᠠᠶ᠋ᠢᠭ ᠤᠨ ᠤᠰᠤ ᠬᠡᠷᠡᠭᠯᠡᠬᠦ ᠠᠷᠭ᠎ᠠ  ᠮᠠᠶ᠋ᠢᠭ ᠢ ᠡᠷᠡᠰ ᠬᠤᠪᠢᠷᠠᠭᠤᠯᠵᠤ᠂ ᠲᠠᠷᠢᠶᠠᠯᠠᠩ  ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠦᠷ᠎ᠡ ᠠᠰᠢᠭ  ᠢᠶᠠᠨ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ  ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠤᠨ ᠨᠡᠭᠦᠷᠡᠰᠦᠨ ᠠᠭᠤᠷᠬᠠᠢ ᠶᠢᠨ ᠨᠡᠬᠦᠷᠡᠰᠦᠨ ᠲᠠᠪᠬᠤᠷᠭ᠎ᠠ ᠶᠢᠨ ᠤᠰᠤ ᠶᠢ ᠡᠭᠡᠭᠦᠯᠦᠨ ᠬᠡᠷᠡᠭᠯᠡᠬᠦ ᠨᠤᠷᠮ᠎ᠠ  ᠶᠢ ᠳᠡᠭᠡᠭᠰᠢᠯᠡᠭᠦᠯᠵᠦ᠂ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠬᠠᠮᠢᠶᠠᠷᠤᠯᠲᠠ ᠶᠢᠨ ᠡᠷᠴᠢᠮ ᠢ ᠨᠢ ᠴᠢᠩᠭᠠᠷᠠᠭᠤᠯᠵᠤ᠂ ᠤᠰᠤ ᠠᠷᠪᠢᠯᠠᠬᠤ ᠮᠡᠷᠭᠡᠵᠢᠯ  ᠤᠨ ᠥᠭᠡᠷᠡᠴᠢᠯᠡᠯᠲᠡ ᠶᠢ ᠶᠡᠬᠡᠪᠡᠷ ᠥᠷᠨᠢᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠬᠤ ᠶᠢ ᠨᠢᠭᠡᠳᠦᠯᠲᠡᠢ  ᠲᠦᠯᠦᠪᠯᠡᠵᠤ᠂ ᠪᠥᠬᠦ ᠣᠷᠣᠨ ᠪᠦᠰᠡ ᠪᠠᠷ ᠵᠶ᠋ᠡᠨ‌‍ᠰᠡᠶᠢᠮᠡᠬᠡᠢ ᠪᠡᠶᠡᠲᠦ ᠶᠢᠨ ᠮᠠᠶ᠋ᠢᠭ ᠤᠨ ᠬᠤᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠪᠠᠯᠭᠠᠰᠤ ᠶᠢᠨ ᠲᠠᠬᠢᠨ ᠬᠡᠷᠡᠭᠯᠡᠬᠦ ᠤᠰᠤᠨ ᠤ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠵᠦᠢ ᠵᠣᠬᠢᠰᠲᠠᠢ ᠪᠠᠷ ᠬᠤᠪᠢᠷᠠᠭᠤᠯᠬᠤ ᠶᠢ ᠠᠬᠢᠭᠤᠯᠬᠤ ᠬᠡᠷᠡᠭᠲᠠᠢ᠃    ︵ᠵᠢᠷᠭᠤᠭ᠎ᠠ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠤᠨ᠎ᠠ᠃ ᠡᠯ᠎ᠡ ᠬᠤᠰᠢᠭᠤ ᠲᠤᠭᠤᠷᠢᠭ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠡᠲᠦᠷᠡᠲᠡᠯ᠎ᠡ ᠮᠠᠯᠲᠠᠭᠰᠠᠨ ᠣᠷᠣᠨ ᠢ  ᠪᠠᠬᠢᠵᠢᠭᠦᠯᠦᠨ ᠵᠠᠰᠠᠬᠤ ᠲᠥᠰᠥᠯ ᠢ ᠨᠢᠭᠡᠨᠲᠡ ᠲᠣᠭᠲᠠᠭᠠᠭᠰᠠᠨ ᠬᠡᠲᠦᠷᠡᠲᠡᠯ᠎ᠡ ᠮᠠᠯᠲᠠᠭᠰᠠᠨ ᠣᠷᠣᠨ ᠳᠤ᠂ ᠲᠥᠰᠥᠯ ᠤᠨ ᠱᠠᠭᠠᠷᠳᠠᠯᠭ᠎ᠠ ᠶᠣᠰᠣᠭᠠᠷ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ︔ ᠬᠡᠲᠦᠷᠡᠲᠡᠯ᠎ᠡ ᠮᠠᠯᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠲᠥᠰᠥᠯ ᠢ ᠲᠣᠭᠲᠠᠭᠠᠭᠰᠠᠨ ᠦᠭᠡᠢ ᠪᠠᠶᠢᠪᠠᠯ᠂ 2022 ᠣᠨ ᠤ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠠᠬᠢᠵᠢᠭᠦᠯᠦᠨ ᠵᠠᠰᠠᠬᠤ ᠲᠥᠰᠥᠯ ᠢᠶᠠᠨ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠪᠠᠬᠢᠵᠢᠭᠦᠯᠦᠨ ᠵᠠᠰᠠᠬᠤ ᠬᠠᠮᠢᠶ᠎ᠠ ᠪᠦᠬᠦᠢ ᠠᠵᠢᠯ ᠢ ᠵᠡᠷᠭᠡᠪᠡᠷ ᠥᠷᠨᠢᠭᠦᠯᠬᠦ ᠬᠡᠷᠡᠭᠲᠡᠢ᠃ ᠶᠠᠭ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠪᠠᠶᠢᠭ᠎ᠠ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠲᠥᠷᠥᠯ ᠵᠦᠢᠯ ᠳᠤ ᠨᠠᠩ ᠬᠦᠴᠦᠲᠡᠢ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠳ᠋ᠤᠭᠠᠷ ᠢ ᠨᠢ ᠬᠠᠰᠤᠭᠰᠠᠨ ᠠᠰᠠᠭᠤᠳᠠᠯ ᠳᠤ ︽ᠡᠷᠬᠢᠨ ᠬᠠᠷᠠᠬᠤ︾ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠪᠦᠬᠦ ᠲᠠᠯ᠎ᠠ ᠪᠠᠷ ᠲᠤᠳᠠᠭᠤᠳᠠᠯ ᠢ ᠪᠠᠶᠢᠴᠠᠭᠠᠨ ᠨᠥᠬᠦᠪᠦᠷᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠦᠷᠭᠦᠯᠵᠢᠯᠡᠨ ᠪᠠᠲᠤᠳᠬᠠᠬᠤ ᠬᠡᠷᠡᠭᠲᠡᠢ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ᠶᠢ ᠴᠢᠩᠭᠠᠳᠬᠠᠬᠤ ᠬᠡᠷᠡᠭᠲᠡᠢ    ︵ᠨᠢᠭᠡ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠲᠤᠬᠠᠶᠢᠯᠠᠭᠰᠠᠨ ᠠᠵᠢᠯ ᠤᠨ ᠪᠤᠯᠪᠠᠰᠣᠷᠠᠯ ᠢ ᠪᠠᠶᠢᠩᠭᠤᠵᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠬᠥᠮᠥᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠵᠤ᠂ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠬᠠᠮᠢᠶᠠᠷᠤᠯᠲᠠ ᠶᠢ ᠳᠦᠷᠢᠮᠵᠢᠭᠦᠯᠬᠦ᠂ ᠬᠠᠤᠯᠢᠵᠢᠭᠤᠯᠬᠤ᠂ ᠵᠢᠷᠤᠮᠵᠢᠭᠤᠯᠬᠤ ᠵᠠᠮ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ᠂ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠤᠰᠤᠨ ᠤ ᠬᠡᠮᠵᠢᠶ᠎ᠡ᠂ ᠤᠰᠤᠨ ᠤ ᠲᠦᠪᠰᠢᠨ᠂ ᠤᠰᠤᠨ ᠤ ᠴᠢᠨᠠᠷ ᠵᠡᠷᠭᠡ ᠪᠥᠬᠦ ᠬᠦᠴᠦᠨ ᠵᠦᠢᠯ ᠢ ᠰᠦᠯᠵᠢᠶᠡᠨ ᠳᠡᠭᠡᠷ᠎ᠡ ᠴᠠᠭ ᠲᠤᠬᠠᠢ ᠳᠤᠨᠢ ᠬᠢᠨᠠᠨ ᠬᠡᠮᠵᠢᠵᠦ᠂ ᠬᠥᠳᠡᠯᠦᠩᠭᠦᠢ ᠪᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠤᠰᠤᠨ ᠤ ᠡᠬᠢ ᠪᠠᠶᠠᠯᠢᠭ ᠤᠨ ᠣᠶᠤᠨᠴᠢ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠡᠯ᠎ᠡ ᠬᠤᠰᠢᠭᠤ ᠲᠣᠭᠤᠷᠢᠭ ᠨᠢ ᠬᠤᠲᠠ ᠶᠢᠨ ᠤᠰᠤᠨ ᠠᠰᠢᠭᠯᠠᠯᠲᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃    ︵ᠬᠤᠶᠠᠷ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠳᠣᠣᠷᠠᠬᠢ ᠤᠰᠤᠨ  ᠤ ᠬᠠᠮᠠᠭᠠᠯᠠᠯᠲᠠ ᠬᠠᠮᠢᠶᠠᠷᠤᠯᠲᠠ ᠶᠢᠨ ᠤᠬᠠᠭᠤᠯᠭ᠎ᠠ ᠶᠢᠨ ᠠᠵᠢᠯ ᠤᠨ ᠲᠥᠰᠥᠯ ᠢ ᠲᠣᠭᠲᠠᠭᠠᠵᠤ᠂ ᠷᠠᠳᠢᠣ᠋ ᠲᠧᠯᠸᠢᠰ᠂ ᠸᠢᠴᠠᠲ ᠤᠨ ᠲᠠᠪᠴᠠᠩ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠲᠤᠬᠠᠢ ᠶᠢᠨ ᠲᠠᠯᠠᠪᠠᠶ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠷᠢᠶ᠎ᠠ ᠯᠣᠽᠦ᠋ᠩ ᠨᠠᠭᠠᠬᠤ᠂ ᠠᠶᠢᠯ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠲᠠᠢ ᠤᠶᠠᠯᠳᠤᠭᠤᠯᠵᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ  ᠤᠨ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠲᠠᠷᠢᠶᠠᠯᠠᠬᠤ ᠮᠠᠯᠵᠢᠬᠤ ᠣᠷᠣᠨ᠂ ᠭᠡᠷ ᠪᠦᠯᠢ᠂ ᠤᠯᠠᠨ ᠨᠡᠶᠢᠲᠡ ᠶᠢᠨ ᠲᠠᠯᠠᠪᠤᠷ ᠲᠤ ᠣᠷᠣᠭᠤᠯᠬᠤ ᠶᠢ  ᠠᠬᠢᠭᠤᠯᠵᠤ᠂ ᠪᠥᠬᠦ ᠠᠷᠠᠳ᢭ ᠤᠨ ᠤᠰᠤᠨ  ᠤ ᠠᠶᠤᠯ᠂ ᠤᠰᠤ ᠠᠷᠪᠢᠯᠠᠬᠤ ᠪᠠ ᠬᠠᠮᠠᠭᠠᠯᠠᠬᠤ ᠦᠵᠡᠯ ᠤᠬᠠᠮᠰᠠᠷ ᠢ ᠴᠢᠨᠠᠭᠰᠢᠳᠠ  ᠴᠢᠩᠭᠠᠳᠬᠠᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠤᠰᠤ ᠠᠷᠪᠢᠯᠠᠵᠤ ᠤᠰᠤ ᠬᠠᠮᠠᠭᠠᠯᠠᠬᠤ ᠶᠢ ᠪᠥᠬᠦ ᠨᠡᠶᠢᠭᠡᠮ ᠤᠨ ᠤᠬᠠᠮᠰᠠᠷᠲᠤ ᠠᠵᠢᠯᠯᠠᠭ᠎ᠠ ᠪᠣᠯᠭᠠᠬᠤ ᠪᠠᠷ ᠴᠢᠷᠮᠠᠶᠢᠬᠤ ᠬᠡᠷᠡᠭᠲᠡᠢ᠃    ︵ᠭᠤᠷᠪᠠ︶  ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ  ᠱᠠᠭᠠᠷᠳᠠᠨ ᠪᠠᠶᠢᠴᠠᠭᠠᠬᠤ  ᠴᠢᠬᠤᠯᠠ ᠠᠭᠤᠯᠭ᠎ᠠ ᠪᠣᠯᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ︽ᠲᠠᠪᠤ ᠶᠢ ᠨᠢᠭᠡ ᠴᠣᠭᠴᠠᠵᠢᠭᠤᠯᠬᠤ︾ ᠰᠢᠯᠭᠠᠨ ᠬᠢᠨᠠᠬᠤ ᠬᠡᠪᠴᠢᠶᠡᠨ ᠳᠤ ᠤᠷᠤᠭᠤᠯᠵᠤ ᠂ ᠰᠢᠯᠭᠠᠨ ᠬᠢᠨᠠᠵᠤ ᠦᠨᠡᠯᠡᠬᠦ ᠳᠦᠷᠢᠮ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠨᠠᠮ ᠵᠠᠰᠠᠭ ᠤᠨ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ  ᠬᠢᠨᠠᠨ ᠪᠤᠳᠤᠯᠲᠠ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠨᠢ ᠤᠳᠠᠭᠠᠨ ᠪᠠᠶᠢᠪᠠᠯ᠂ ᠵᠠᠷᠯᠠᠨ ᠨᠡᠶᠢᠲᠡᠯᠡᠵᠦ᠂ ᠪᠣᠯᠵᠣᠨ ᠶᠠᠷᠢᠯᠴᠠᠬᠤ ᠬᠡᠷᠡᠭᠲᠡᠢ᠃ ᠬᠤᠰᠢᠭᠤ ᠲᠣᠭᠤᠷᠢᠭ ᠪᠣᠯᠣᠨ ᠬᠤᠲᠠ ᠶᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠤᠰᠤᠨ ᠤ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠭᠠᠷᠪᠠᠯ᠂ ᠰᠢᠭᠤᠳ ᠬᠠᠷᠢᠭᠤᠴᠠᠯᠭ᠎ᠠ ᠲᠠᠢ ᠭᠤᠣᠯᠴᠢᠯᠠᠨ ᠬᠠᠮᠢᠶᠠᠷᠤᠭᠴᠢ ᠪᠣᠯᠣᠨ ᠪᠤᠰᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠲᠣᠭᠲᠠᠭᠠᠯ ᠶᠣᠰᠣᠭᠠᠷ ᠰᠢᠳᠬᠡᠯ ᠦᠭᠬᠦ ᠬᠡᠷᠡᠭᠲᠠᠢ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ  ᠨᠡᠬᠡᠮᠵᠢᠯᠡᠬᠦ ᠬᠡᠷᠡᠭᠲᠠᠢ᠃                                                                                                                      ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                       2022 ᠣᠨ ᠤ 3 ᠳ᠋ᠤᠭᠠᠷ ᠰᠠᠷ᠎ᠠ ᠶᠢᠨ 17 ᠤ ᠡᠳᠦᠷ 
ᠢᠷᠡᠯᠲᠡ᠄ ᠤᠷᠳᠤᠰ ᠤᠨ ᠵᠠᠰᠠᠭ ᠤᠨ ᠤᠷᠳᠤᠨ ᠤ ᠰᠦᠯᠵᠢᠶ᠎ᠡ