ᠬᠤᠲᠠ ᠶᠢᠨ ᠪᠠᠶᠢᠴᠠᠭᠠᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ  ᠶᠢᠨ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2022/11/24
                                        ᠣᠷᠳᠣᠰ ᠵᠠᠰᠠᠭ ᠠᠯᠪᠠᠨ ᠲᠠᠷᠬᠠᠭᠠᠭᠰᠠᠨ ﹇2022﹈ 45 ᠳ᠋ᠤᠭᠠᠷ ᠲᠣᠭᠠᠲᠤ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄       ︽ᠣᠷᠳᠣᠰ ᠬᠤᠲᠠ ᠶᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                        ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                            2022 ᠣᠨ ᠤ 4 ᠳ᠋ᠣᠭᠡᠷ ᠰᠠᠷ᠎ᠠ ᠶᠢᠨ 12 ᠤᠨ ᠡᠳᠦᠷ                  ᠣᠷᠳᠣᠰ ᠬᠤᠳᠠ ᠶᠢᠨ ᠬᠤᠳᠠ ᠶᠢᠨ ᠪᠠᠶᠢᠴᠠᠭᠠᠯᠲᠠ ᠶᠢᠨ ᠠᠵᠢᠯ ᠤᠨ ᠲᠥᠰᠥᠯ      ᠰᠢ ᠶᠢᠨ ᠫᠢᠩ ᠶᠡᠷᠦᠩᠬᠡᠢ ᠱᠦᠵᠢ ᠶᠢᠨ ︽ᠬᠤᠲᠠ ᠶᠢᠨ ᠪᠠᠶᠢᠴᠠᠭᠠᠯᠲᠠ︾ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠂ ᠲᠥᠪ ᠤᠨ ᠬᠤᠲᠠ ᠶᠢᠨ ᠠᠵᠢᠯ ᠤᠨ ᠬᠤᠷᠠᠯ ᠪᠠ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2018﹈ 40 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽2021 ᠣᠨ ᠤ ᠬᠤᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠦᠲᠦᠭᠡᠨ ᠪᠠᠶᠢᠭᠤᠯᠤᠯᠲᠠ ᠰᠢᠨᠵᠢᠯᠡᠬᠦ ᠤᠬᠠᠭᠠᠨ ᠵᠠᠬᠢᠳᠠᠯ ﹇2021﹈ 44  ᠳ᠋ᠣᠭᠡᠷ ᠲᠣᠭᠠᠲᠤ︶ ᠪᠠ ︽2021 ᠣᠨ ᠤ ᠬᠤᠲᠠ ᠶᠢᠨ ᠪᠠᠶᠢᠴᠠᠭᠠᠯᠲᠠ ᠶᠢᠨ ᠠᠵᠢᠯ ᠢ ᠥᠷᠭᠡᠳᠬᠡᠨ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠬᠢᠳᠠᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠣᠭᠲᠠᠭᠠᠪᠠ᠃     ᠨᠢᠭᠡ᠂ ᠶᠡᠷᠦᠩᠬᠡᠢ ᠱᠠᠭᠠᠷᠳᠠᠯᠭ᠎ᠠ     ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠠᠷᠭ᠎ᠠ ᠵᠠᠮ  ᠪᠠᠷ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠳᠤᠯ ᠦᠭᠡᠢ᠂ ᠤᠶᠠᠨ ᠬᠠᠳᠠᠨ ᠴᠢᠨᠠᠷᠲᠠᠢ᠂ ᠣᠶᠣᠨᠴᠢ ᠂ ᠰᠣᠶᠣᠯ ᠢᠷᠭᠡᠨᠰᠢᠯ ᠤᠨ ᠬᠤᠳᠠ ᠶᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠪᠠᠶᠢᠴᠠᠭᠠᠯᠲᠠ ᠶᠢ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠠᠢ ᠲᠦᠯᠦᠪᠯᠡᠬᠦ᠂ ᠬᠤᠲᠠ ᠶᠢᠨ  ᠰᠢᠨᠡᠳᠭᠡᠯ ᠤᠨ ᠠᠵᠢᠯᠯᠠᠭ᠎ᠠ ᠶᠢ ᠠᠬᠢᠭᠤᠯᠤᠨ ᠬᠡᠷᠡᠭᠵᠢᠬᠦᠯᠬᠦ᠂ ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠪᠠᠲᠤᠳᠬᠠᠨ ᠳᠡᠭᠡᠭᠰᠢᠯᠡᠭᠦᠯᠬᠦ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ  ᠶᠢ ᠪᠠᠶᠢᠭᠤᠯᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠳᠤᠲᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠣᠨᠣᠪᠴᠢᠲᠠᠢ ᠡᠷᠢᠵᠦ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠴᠠᠭ ᠲᠤᠬᠠᠢ ᠳᠤᠨᠢ ᠰᠢᠢᠳᠪᠦᠷᠢᠯᠡᠨ᠂ ᠬᠤᠳᠠ ᠶᠢᠨ ᠪᠠᠶᠢᠴᠠᠭᠠᠯᠲᠠ ᠶᠢ ᠦᠨᠡᠨᠬᠦ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠷᠭ᠎ᠠ ᠪᠠᠷᠢᠯ ᠪᠣᠯᠭᠠᠵᠤ᠂ ︽ᠬᠤᠳᠠ ᠶᠢᠨ ᠬᠡᠮ︾  ᠢ ᠪᠦᠲᠦᠮᠵᠢᠲᠡᠢ ᠵᠠᠰᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂  ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠬᠦᠯᠦᠨ᠎ᠡ᠃    ︵ᠬᠤᠶᠠᠷ︶ ᠠᠵᠢᠯ ᠤᠨ ᠬᠦᠷᠢᠶ᠎ᠡ ᠬᠡᠪᠴᠢᠶ᠎ᠡ᠃ ᠭᠤᠤᠯ ᠲᠥᠪ ᠬᠤᠲᠠ ᠲᠣᠭᠤᠷᠢᠭ ᠲᠤ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠪᠠᠭᠲᠠᠨ᠎ᠠ᠃    ᠬᠤᠶᠠᠷ᠂ ᠠᠵᠢᠯ ᠤᠨ ᠡᠭᠦᠷᠭᠡ    ︵ᠨᠢᠭᠡ︶ ᠣᠨᠴᠠᠯᠢᠭᠲᠤ ᠭᠦᠢᠴᠡᠳᠬᠡᠯ ᠲᠤᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ 2021 ᠣᠨ ᠤ ᠬᠤᠲᠠ ᠶᠢᠨ ᠪᠠᠶᠢᠴᠠᠭᠠᠯᠲᠠ ᠶᠢᠨ  ᠬᠦᠢᠴᠡᠳᠭᠡᠯ ᠲᠣᠭᠠᠨ ᠤ ᠲᠤᠭᠳᠠᠯᠴᠠᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠪᠠᠶᠢᠴᠠᠭᠠᠯᠲᠠ ᠶᠢᠨ ᠮᠡᠷᠭᠡᠵᠢᠯ ᠤᠨ ᠵᠢᠯᠤᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶︾ ᠢᠶᠠᠷ ᠰᠠᠭᠤᠷᠢ ᠪᠣᠯᠭᠠᠵᠤ ᠂ ᠮᠠᠨ ᠤ ᠬᠤᠲᠠ ᠶᠢᠨ ᠬᠤᠲᠠ ᠶᠢᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠣᠷᠳᠣᠰ ᠤᠨ  ᠤᠨᠴᠠᠯᠢᠭᠲᠤ ᠬᠢᠯᠠᠰ ᠴᠡᠭ ᠢ ᠢᠯᠡᠷᠡᠭᠦᠯᠦᠭᠰᠡᠨ ᠥᠪᠡᠷᠮᠢᠴᠡ ᠬᠦᠢᠴᠡᠳᠭᠡᠯ ᠲᠤᠭ᠎ᠠ ᠶᠢ ᠪᠠᠶᠢᠭᠤᠯᠤᠨ᠂ ︽ᠰᠠᠭᠤᠷᠢ ᠬᠦᠢᠴᠡᠳᠭᠡᠯ ᠲᠤᠭ᠎ᠠ +  ᠣᠨᠴᠠᠯᠢᠭᠲᠦ ᠬᠦᠢᠴᠡᠳᠭᠡᠯ ᠲᠤᠭ᠎ᠠ︾ ᠶᠢᠨ ᠬᠡᠯᠪᠡᠷᠢ ᠪᠠᠷ ᠣᠷᠳᠣᠰ ᠤᠨ ᠪᠣᠳᠠᠲᠠᠢ ᠳᠤ ᠨᠡᠶᠢᠴᠡᠭᠰᠡᠨ  ︽74 + N︾ ᠤᠨ ᠬᠤᠲᠠ ᠶᠢᠨ ᠪᠠᠶᠢᠴᠠᠭᠠᠯᠲᠠ ᠶᠢᠨ ᠦᠨᠡᠯᠡᠨ ᠵᠢᠱᠢᠬᠦ  ᠬᠦᠢᠴᠡᠳᠬᠡᠯ ᠲᠤᠭ᠎ᠠ ᠶᠢᠨ ᠲᠤᠭᠳᠠᠯᠴᠠᠭ᠎ᠠ ᠶᠢ ᠪᠣᠶ ᠪᠣᠯᠭᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶    ︵ᠬᠤᠶᠠᠷ︶ ᠬᠠᠮᠢᠶ᠎ᠠ ᠪᠦᠬᠦᠢ ᠲᠤᠭ᠎ᠠ ᠪᠠᠷᠢᠮᠲᠠ ᠴᠤᠭᠯᠠᠭᠤᠯᠬᠤ ᠶᠢ ᠥᠷᠨᠢᠭᠦᠯᠦᠨ᠎ᠡ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠲᠤᠰᠬᠠᠢ ᠮᠡᠷᠭᠡᠵᠢᠯ ᠤᠨ ᠪᠦᠯᠬᠦᠮ ᠳᠤ ᠨᠠᠶᠢᠳᠠᠵᠤ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠯ᠎ᠡ ᠬᠠᠷᠢᠭᠤᠴᠠᠯᠭᠠᠲᠤ ᠨᠢᠭᠡᠴᠡ ᠨᠢ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠶᠢ  ᠬᠠᠮᠵᠢᠯᠴᠠᠨ ᠰᠠᠶᠢᠲᠤᠷ ᠬᠢᠬᠦ ᠶᠢᠨ ᠬᠠᠮᠲᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠦᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠠᠩᠬᠠᠨ ᠤ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠬᠡᠷᠡᠭᠲᠡᠢ᠃ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠣᠳᠣᠬᠢ ᠪᠠᠶᠢᠳᠠᠯ ᠤᠨ ᠲᠣᠪᠴᠢ ᠲᠣᠭᠠᠴᠢᠯᠲᠠ᠂ ᠣᠷᠣᠰᠢᠵᠤ ᠪᠠᠶᠢᠭ᠎ᠠ ᠠᠰᠠᠭᠤᠳᠠᠯ᠂ ᠰᠢᠯᠲᠠᠭᠠᠨ ᠤ ᠵᠠᠳᠠᠯᠤᠯᠲᠠ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠪᠠᠭᠲᠠᠭᠠᠵᠤ᠂  ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠴᠤᠭᠯᠠᠭᠤᠯᠬᠤ ᠳᠠᠭᠤᠰᠬᠤ ᠴᠠᠭ ᠨᠢ 2020 ᠣᠨ ᠤ 12 ᠳ᠋ᠣᠭᠠᠷ ᠰᠠᠷ᠎ᠠ ᠶᠢᠨ 31 ᠤ ᠡᠳᠦᠷ ᠪᠣᠯᠣᠨ᠎ᠠ᠃ ᠬᠦᠷᠢᠶ᠎ᠡ ᠴᠠᠷᠠᠭ᠎ᠠ ᠠᠯᠤᠰᠯᠠᠭᠰᠠᠨ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠲᠤᠰᠬᠠᠢ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯᠲᠡᠨ ᠤ ᠯᠠᠪᠯᠠᠯᠭ᠎ᠠ ᠶᠢᠨ ᠬᠤᠷᠠᠯ᠂ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠬᠠᠢ ᠮᠡᠷᠭᠡᠵᠢᠯ ᠤᠨ ᠬᠢᠨᠠᠨ ᠰᠢᠯᠭᠠᠷᠠᠭᠤᠯᠤᠯᠲᠠ ᠶᠢ ᠬᠡᠷᠡᠭᠵᠢᠭᠦᠯᠵᠦ᠂ ᠥᠪᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠶᠡᠷᠦᠩᠬᠡᠶᠢᠯᠡᠨ ᠦᠨᠡᠯᠡᠨ ᠮᠠᠭᠠᠳᠯᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 5 ᠳ᠋ᠤᠭᠠᠷ ᠰᠠᠷ᠎ᠠ ᠶᠢᠨ ᠰᠡᠭᠦᠯᠴᠢ︶   ︵ᠭᠤᠷᠪᠠ︶ ᠣᠨ ᠤ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ ᠲᠤᠰᠬᠠᠢ ᠮᠡᠷᠭᠡᠵᠢᠯ ᠤᠨ ᠪᠦᠯᠬᠦᠮ ᠨᠢ ᠡᠯ᠎ᠡ ᠰᠠᠯᠠᠭ᠎ᠠ ᠮᠥᠴᠢᠷ ᠤᠨ ᠦᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠦᠨᠳᠦᠰᠦᠯᠡᠨ᠂ ᠠᠯᠤᠰ ᠡᠵᠡᠮᠰᠢᠯᠲᠦ ᠲᠤᠭ᠎ᠠ ᠪᠠᠷᠢᠮᠲᠠ᠂ ᠨᠡᠶᠢᠭᠡᠮ ᠤᠨ ᠲᠣᠮᠣ ᠳ᠋ᠠᠶᠢᠲ᠋ᠠ ᠵᠡᠷᠭᠡ ᠣᠯᠠᠨ ᠲᠠᠯ᠎ᠠ ᠶᠢᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠬᠠᠷᠢᠴᠠᠭᠤᠯᠤᠨ ᠵᠠᠳᠠᠯᠬᠤ ᠪᠠ ᠶᠡᠷᠦᠩᠬᠡᠶᠢᠯᠡᠨ ᠦᠨᠡᠯᠡᠨ ᠵᠢᠱᠢᠵᠦ ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠡᠷᠢᠵᠦ᠂ ᠰᠢᠯᠲᠠᠭᠠᠨ ᠢ ᠨᠢ ᠵᠠᠳᠠᠯᠵᠤ᠂ ᠡᠯ᠎ᠡ ᠬᠠᠷᠢᠭᠤᠴᠠᠯᠭᠠᠲᠤ ᠨᠢᠭᠡᠴᠡ ᠲᠠᠢ ᠬᠠᠮᠵᠢᠯᠴᠠᠨ ᠠᠰᠠᠭᠤᠳᠠᠯ ᠢ ᠦᠨᠡᠯᠡᠨ ᠵᠢᠱᠢᠨ᠎ᠡ᠃ ᠵᠣᠬᠢᠴᠠᠩᠭᠤᠢ ᠪᠦᠬᠦᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠭᠦᠢᠴᠡᠳ ᠨᠤᠲᠠᠯᠠᠯᠲᠠ ᠬᠢᠯᠭᠡᠭᠰᠡᠨ ᠤ ᠳᠠᠷᠠᠭ᠎ᠠ᠂ ᠬᠤᠲᠠ ᠶᠢᠨ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠣᠶ ᠪᠣᠯᠭᠠᠬᠤ ᠶᠢᠨ ᠬᠠᠮᠲᠤ  ᠲᠡᠪᠰᠢᠬᠦᠯᠦᠨ ᠲᠤᠰᠢᠶᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶   ︵ᠳᠥᠷᠪᠡ︶ ᠭᠤᠷᠪᠠᠳᠠᠭᠢ ᠡᠲᠡᠭᠡᠳ ᠤᠨ ᠪᠠᠶᠢᠴᠠᠭᠠᠯᠲᠠ ᠪᠠ ᠨᠡᠶᠢᠭᠡᠮ ᠤᠨ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠶᠢ ᠬᠠᠮᠵᠢᠯᠴᠠᠨ ᠥᠷᠨᠢᠭᠦᠯᠦᠨ᠎ᠡ᠃ ᠡᠯ᠎ᠡ ᠬᠤᠰᠢᠭᠤ ᠲᠣᠭᠤᠷᠢᠭ ᠤᠨ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠨᠠᠶᠢᠳᠠᠭᠰᠠᠨ ᠭᠤᠷᠪᠠᠳᠠᠭᠢ ᠡᠲᠡᠭᠡᠳ ᠤᠨ ᠬᠤᠲᠠ ᠶᠢᠨ ᠪᠠᠶᠢᠴᠠᠭᠠᠯᠲᠠ ᠶᠢᠨ ᠠᠵᠢᠯ ᠤᠨ ᠪᠦᠯᠬᠦᠮ ᠤᠨ ᠱᠠᠭᠠᠷᠳᠠᠯᠭ᠎ᠠ ᠪᠠ ᠮᠠᠨ ᠤ ᠬᠤᠲᠠ ᠶᠢᠨ ᠬᠤᠲᠠ ᠶᠢᠨ ᠪᠠᠶᠢᠴᠠᠭᠠᠯᠲᠠ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠰᠦᠯᠵᠢᠶᠡᠨ ᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ᠂ ᠨᠡᠶᠢᠭᠡᠮ ᠤᠨ ᠮᠡᠳᠡᠷᠡᠬᠦᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠨᠡᠶᠢᠭᠡᠮ ᠲᠣᠭᠤᠷᠢᠭ ᠤᠨ ᠰᠣᠷᠪᠤᠯᠵᠢᠯᠠᠭ᠎ᠠ᠂ ᠭᠤᠣᠯᠳᠠᠯᠭ᠎ᠠ ᠲᠠᠢ ᠬᠥᠮᠥᠰ ᠤᠨ ᠰᠣᠷᠪᠤᠯᠵᠢᠯᠠᠭ᠎ᠠ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠠᠰᠢᠭᠯᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠤᠯᠵᠤ᠂ ᠠᠷᠠᠳ ᠣᠯᠠᠨ ᠤ ᠪᠡᠶᠡᠴᠢ ᠲᠥᠷᠥᠭᠳᠡᠯ ᠢᠶᠠᠷ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠬᠡᠮᠵᠢᠶ᠎ᠡ ᠶᠢ ᠲᠤᠰᠬᠠᠵᠤ᠂ ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠠᠰᠠᠭᠤᠯᠲᠠ ᠶᠢᠨ ᠬᠠᠭᠤᠳᠠᠰᠤ ᠪᠠ ᠣᠯᠠᠨ ᠨᠡᠶᠢᠲᠡ ᠶᠢᠨ  ᠮᠡᠳᠡᠷᠡᠬᠦᠢ ᠶᠢᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠵᠠᠳᠠᠯᠵᠤ᠂ ᠬᠤᠲᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 4  ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶   ︵ᠲᠠᠪᠤ︶ ᠬᠤᠲᠠ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠠᠵᠢᠯ ᠤᠨ ᠵᠦᠭᠯᠡᠬᠦᠷ︾ ᠤᠨ ᠱᠠᠭᠠᠷᠳᠠᠯᠭ᠎ᠠ ᠶᠣᠰᠣᠭᠠᠷ ︽ᠣᠷᠳᠣᠰ ᠬᠤᠲᠠ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠲᠠᠪᠴᠠᠩ︾ ᠢ ᠪᠠᠶᠢᠭᠤᠯᠵᠤ᠂ ᠬᠤᠲᠠ ᠶᠢᠨ ᠲᠤᠰ ᠱᠠᠲᠤ ᠶᠢ ᠪᠠᠭᠳᠠᠭᠠᠭᠰᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠰᠢᠢᠳᠪᠦᠷᠢᠯᠡᠬᠦ᠂ ᠵᠠᠳᠠᠯᠬᠤ ᠪᠠ ᠴᠢᠳᠠᠮᠵᠢ  ᠶᠢ ᠪᠠᠶᠢᠷᠢᠯᠠᠭᠤᠯᠬᠤ  ᠶᠢ ᠪᠡᠶᠡᠯᠡᠭᠦᠯᠵᠦ᠂ ᠬᠤᠲᠠ ᠶᠢᠨ ᠪᠠᠶᠢᠴᠠᠭᠠᠯᠲᠠ ᠶᠢᠨ ᠦᠵᠡᠭᠳᠡᠬᠦᠶᠢᠴᠡ ᠦᠵᠡᠭᠦᠯᠦᠯᠭᠡ᠂ ᠬᠦᠢᠴᠡᠳᠬᠡᠯ ᠲᠤᠭ᠎ᠠ ᠶᠢᠨ ᠬᠠᠮᠢᠶᠠᠷᠤᠯᠲᠠ ᠪᠠ ᠣᠶᠤᠨᠴᠢ ᠪᠣᠳᠣᠯᠭ᠎ᠠ ᠪᠠ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠵᠡᠷᠭᠡ ᠴᠢᠳᠠᠮᠵᠢ ᠶᠢᠨ ᠬᠡᠷᠡᠭᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠵᠦ᠂ ︽ᠪᠠᠶᠢᠴᠠᠭᠠᠯᠲᠠ ︱ ᠤᠨᠤᠰᠢᠯᠠᠯᠲᠠ ︱ ᠦᠨᠡᠯᠡᠨ ᠵᠢᠱᠢᠯᠲᠡ ︱   ᠵᠠᠰᠠᠯᠲᠠ ︱ ᠬᠠᠷᠢᠭᠤ  ᠲᠤᠰᠬᠠᠯᠲᠠ︾ ᠶᠢᠨ ᠪᠥᠬᠦ ᠶᠠᠪᠤᠴᠠ ᠶᠢᠨ ᠬᠤᠲᠠ ᠶᠢᠨ ᠪᠠᠶᠢᠴᠠᠭᠠᠯᠲᠠ ᠶᠢᠨ ᠦᠨᠡᠯᠡᠨ ᠵᠢᠱᠢᠬᠦ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠯᠦᠭᠡ  ᠳᠠᠮᠵᠢᠭᠤᠯᠤᠨ ᠵᠠᠯᠭᠠᠯᠳᠤᠭᠤᠯᠬᠤ ᠶᠢ ᠪᠡᠶᠡᠯᠡᠭᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 9 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ︶   ︵ᠵᠢᠷᠭᠤᠭ᠎ᠠ︶ ᠬᠤᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ᠃ ᠬᠤᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠯᠦᠪᠵᠢᠭᠦᠯᠭᠡ᠂ ᠬᠤᠲᠠ ᠶᠢᠨ ᠰᠢᠨᠡᠳᠭᠡᠯ ᠤᠨ ᠣᠨ ᠤ ᠲᠥᠯᠥᠪᠯᠡᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠠᠷᠢᠨ ᠬᠠᠭᠤᠳᠠᠰᠤ ᠶᠢᠨ ᠴᠢᠬᠤᠯᠠ ᠦᠨᠳᠦᠰᠦᠯᠡᠯ ᠪᠣᠯᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠵᠠᠩᠭᠢᠯᠠᠭ᠎ᠠ ᠶᠢᠨ ︽ᠠᠰᠠᠭᠤᠳᠠᠯ ᠬᠡᠮ︾ ᠳᠤ ᠠᠩᠬᠠᠷᠤᠯ ᠢᠶᠠᠨ ᠲᠥᠪᠯᠡᠷᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠰᠢᠨᠵᠢᠯᠡᠬᠦ ᠤᠬᠠᠭᠠᠨᠴᠢ ᠵᠠᠳᠠᠯᠤᠯᠲᠠ ᠪᠠ ᠰᠢᠰᠲ᠋ᠧᠮ ᠲᠠᠢ ᠰᠤᠳᠤᠯᠤᠯᠲᠠ᠂ ᠴᠡᠭᠴᠡᠯᠡᠨ ᠵᠠᠰᠠᠬᠤ ᠲᠥᠰᠥᠯ ᠬᠢᠵᠦ᠂ ᠬᠤᠲᠠ ᠶᠢᠨ ᠡᠯ᠎ᠡ ᠲᠥᠷᠥᠯ ᠤᠨ ᠳᠤᠲᠠᠭᠤᠳᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ︵ᠪᠡᠶᠡᠯᠡᠭᠦᠯᠬᠦ ᠴᠠᠭ ᠤᠨ ᠬᠢᠵᠠᠭᠠᠷ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ︶   ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠣᠷᠳᠣᠰ ᠬᠤᠲᠠ ᠶᠢᠨ ᠬᠤᠲᠠ ᠶᠢᠨ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠪᠠᠶᠢᠴᠠᠭᠠᠯᠲᠠ ᠶᠢᠨ ᠠᠵᠢᠯ ᠨᠢ ᠬᠤᠲᠠ ᠶᠢᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠠᠵᠢᠯ ᠳᠤ ᠬᠠᠷᠢᠶᠠᠯᠠᠭᠳᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠬᠤᠪᠢᠶᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠨ᠎ᠠ᠃ ᠤᠳᠤᠷᠢᠳᠬᠤ ᠳᠤᠭᠤᠶᠢᠯᠠᠩ ᠨᠢ ᠬᠤᠲᠠ ᠶᠢᠨ ᠪᠠᠶᠢᠴᠠᠭᠠᠯᠲᠠ ᠵᠡᠷᠭᠡ ᠡᠳᠦᠷ ᠲᠤᠲᠤᠮ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ  ᠤᠳ ᠲᠤᠰ ᠲᠤᠰ  ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠵᠢᠯ  ᠢᠶᠠᠨ ᠬᠤᠪᠢᠶᠠᠨ ᠬᠠᠮᠵᠢᠯᠴᠠᠵᠤ᠂ ᠨᠢᠭᠲᠠ ᠬᠠᠮᠵᠢᠯᠴᠠᠨ ᠪᠠᠶᠢᠴᠠᠭᠠᠯᠲᠠ ᠶᠢᠨ ᠠᠵᠢᠯ  ᠢ ᠬᠠᠮᠲᠤᠪᠠᠷ  ᠠᠬᠢᠭᠤᠯᠤᠨ᠎ᠠ᠃    ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡ ᠶᠢ  ᠴᠢᠩᠭᠠᠳᠬᠠᠨ᠎ᠠ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠬᠢᠮᠡᠯ ᠤᠶᠤᠨ ᠵᠡᠷᠭᠡ ᠠᠷᠭ᠎ᠠ ᠪᠠᠷᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ ᠰᠠᠭᠤᠷᠢ ᠲᠤᠭ᠎ᠠ ᠪᠠᠷᠢᠮᠲᠠ ᠶᠢ ᠣᠯᠵᠤ᠂ ᠲᠤᠰᠬᠠᠢ ᠮᠡᠷᠭᠡᠵᠢᠯ ᠤᠨ ᠪᠦᠯᠬᠦᠮ ᠨᠡᠶᠢᠲᠡ᠂ ᠲᠤᠰᠬᠠᠢ ᠮᠡᠷᠭᠡᠵᠢᠯᠲᠡᠨ ᠤ ᠯᠠᠪᠯᠠᠭ᠎ᠠ ᠥᠭᠬᠦ ᠪᠦᠯᠬᠦᠮ ᠨᠡᠶᠢᠲᠡ ᠶᠢᠨ ᠬᠦᠴᠦᠨ ᠢ ᠭᠦᠢᠴᠡᠳ ᠠᠰᠢᠭᠯᠠᠨ᠂ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠮᠡᠷᠭᠡᠵᠢᠯ ᠤᠨ ᠳᠡᠮᠵᠢᠯᠭᠡ ᠬᠠᠩᠭᠠᠯᠭᠠᠵᠤ᠂ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠲᠠᠢ᠂ ᠪᠠᠷᠢᠮᠵᠢᠶ᠎ᠠ ᠶᠢ ᠲᠣᠳᠣᠷᠬᠠᠶᠢᠯᠠᠭᠰᠠᠨ᠂ ᠴᠤᠪᠤᠷᠠᠯ ᠢ ᠲᠣᠳᠣᠷᠬᠠᠶᠢᠯᠠᠭᠰᠠᠨ ᠬᠤᠲᠠ ᠶᠢᠨ ᠦᠨᠡᠯᠡᠨ ᠵᠢᠱᠢᠵᠦ ᠰᠢᠯᠭᠠᠨ ᠲᠣᠭᠲᠠᠭᠠᠬᠤ ᠠᠵᠢᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢᠨ ᠲᠤᠭᠳᠠᠯᠴᠠᠭ᠎ᠠ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃    ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠵᠤ᠂ ᠬᠤᠲᠠ ᠶᠢᠨ ᠪᠠᠶᠢᠴᠠᠭᠠᠯᠲᠠ ᠶᠢ ᠰᠢᠰᠲ᠋ᠧᠮᠵᠢᠭᠦᠯᠬᠦ᠂ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠠᠬᠢᠭᠤᠯᠤᠨ᠂ ᠬᠠᠷᠠᠯᠲᠠᠲᠤ ᠰᠢᠯᠭᠠᠨ ᠬᠢᠨᠠᠯᠲᠠ ᠶᠢ ᠬᠡᠷᠡᠭᠵᠢᠭᠦᠯᠵᠦ᠂ ᠬᠤᠲᠠ ᠶᠢᠨ ᠪᠠᠶᠢᠴᠠᠭᠠᠯᠲᠠ ᠶᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤ ᠲᠣᠭᠤᠷᠢᠭ ᠤᠨ ᠰᠢᠯᠭᠠᠨ ᠬᠢᠨᠠᠬᠤ ᠬᠠᠷᠠᠯᠲᠠ ᠳᠤ ᠵᠢᠭᠰᠠᠭᠠᠨ ᠣᠷᠣᠭᠤᠯᠤᠨ᠎ᠠ᠃    ︵ᠳᠥᠷᠪᠡ︶ ᠣᠯᠠᠨ ᠨᠡᠶᠢᠲᠡ ᠪᠠᠷ ᠢᠶᠠᠨ ᠣᠷᠤᠯᠴᠠᠬᠤ ᠶᠢ  ᠴᠢᠩᠭᠠᠳᠬᠠᠨ᠎ᠠ᠃ ᠣᠯᠠᠨ ᠨᠡᠶᠢᠲᠡ ᠪᠠᠷ ᠢᠶᠠᠨ ᠬᠤᠲᠠ ᠶᠢᠨ ᠪᠠᠶᠢᠴᠠᠭᠠᠯᠲᠠ ᠶᠢᠨ ᠪᠦᠬᠦ ᠶᠠᠪᠤᠴᠠ ᠳᠤ ᠤᠷᠤᠯᠴᠠᠬᠤ ᠶᠢ ᠢᠳᠡᠪᠬᠢᠲᠠᠢ ᠠᠬᠢᠭᠤᠯᠵᠤ᠂ ᠰᠣᠨᠢᠨ ᠰᠡᠳᠬᠦᠯ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠤᠬᠠᠭᠤᠯᠭ᠎ᠠ ᠬᠢᠵᠦ᠂ ᠨᠡᠶᠢᠭᠡᠮ ᠨᠡᠶᠢᠲᠡ ᠶᠢᠨ ᠬᠤᠲᠠ ᠶᠢᠨ ᠪᠠᠶᠢᠴᠠᠭᠠᠯᠲᠠ ᠶᠢᠨ ᠠᠵᠢᠯ ᠢ ᠣᠶᠢᠯᠠᠭᠠᠬᠤ᠂ ᠣᠷᠤᠯᠴᠠᠬᠤ᠂ ᠳᠡᠮᠵᠢᠬᠦ ᠡᠷᠴᠢᠮ ᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠶᠠᠷ ᠭᠤᠣᠯᠯᠠᠭᠤᠯᠤᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠬᠤᠶᠢᠰᠢᠳᠠ ᠶᠢᠨ ᠬᠤᠲᠠ ᠶᠢᠨ ᠬᠥᠭᠵᠢᠯᠲᠡ ᠳᠤ ᠨᠠᠩ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ᠳᠠᠭᠠᠯᠳᠤᠭᠤᠯᠤᠯ᠄ ᠣᠷᠳᠣᠰ ᠬᠤᠲᠠ ᠶᠢᠨ ᠬᠤᠲᠠ ᠶᠢᠨ  ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ                     ᠳᠠᠭᠠᠯᠳᠤᠭᠤᠯᠤᠯ       ᠣᠷᠳᠣᠰ ᠬᠤᠳᠠ ᠶᠢᠨ ᠬᠤᠳᠠ ᠶᠢᠨ  ᠪᠠᠶᠢᠴᠠᠭᠠᠯᠲᠠ ᠶᠢᠨ ᠠᠵᠢᠯ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ     ᠳᠤᠭᠤᠶᠢᠯᠠᠩ ᠤᠨ ᠳᠠᠷᠤᠭ᠎ᠠ ᠄       ᠳ᠋ᠦ᠋ ᠬᠤᠢ ᠯᠢᠶᠠᠩ       ᠬᠤᠳᠠ ᠶᠢᠨ ᠳᠠᠷᠤᠭ᠎ᠠ     ᠳᠤᠭᠤᠶᠢᠯᠠᠩ ᠤᠨ ᠳᠡᠳ᠋ ᠳᠠᠷᠤᠭ᠎ᠠ᠄   ᠰᠦ᠋ ᠼᠦᠢ ᠹᠠᠩ        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ     ᠪᠦᠷᠢᠯᠳᠦᠭᠦᠨ᠄     ᠵᠠᠩ ᠵᠥᠩ ᡁᠢ        ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ                 ᠵᠧᠦ ᠶᠦᠩ ᠴᠢᠶᠠᠩ     ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ    ᠲᠡᠳ᠋ ᠳᠠᠷᠤᠭ᠎ᠠ                 ᠬᠠᠨ ᠲᠤᠤ            ᠳ᠋ᠦᠩᠱᠧᠩ ᠲᠣᠭᠤᠷᠢᠭ ᠤᠨ ᠳᠠᠷᠤᠭ᠎ᠠ                 ᠸᠠᠩ ᠰᠢᠤᠸᠠᠢ ᠹᠧᠩ     ᠬᠢᠶ᠎ᠠ ᠪᠠᠭᠰᠢ ᠲᠣᠭᠤᠷᠢᠭ ᠤᠨ ᠳᠠᠷᠤᠭ᠎ᠠ                 ᠦ᠋ ᠶᠦᠨ             ᠡᠵᠡᠨ ᠬᠤᠷᠤᠭ᠎ᠠ ᠬᠤᠰᠢᠭᠤᠨ ᠤ ᠳᠠᠷᠤᠭ᠎ᠠ                 ᠢᠦᠢ ᠶᠦᠩ ᠴᠥᠩ     ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ                 ᠬᠤᠸᠠᠩ ᠪᠦᠸᠧ ᠸᠧᠢ    ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ                 ᠵᠠᠩ ᠯᠢᠶᠠᠩ        ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠬᠢᠴᠢᠯᠠᠯᠲᠠ ᠶᠢᠨ ᠲᠣᠪᠴᠢᠶᠠᠨ ᠤ ᠳᠠᠷᠤᠭ᠎ᠠ                 ᠸᠠᠨ ᠱᠢ ᠪᠢᠨ      ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ                 ᠪᠢᠶᠠᠨ ᠳ᠋ᠦᠩ      ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ                 ᠰᠢᠨ ᠬᠤᠩ ᠯᠢᠶᠠᠩ     ᠬᠤᠲᠠ ᠶᠢᠨ ᠠᠷᠠᠳ ᠤᠨ  ᠶᠠᠪᠤᠳᠠᠯ ᠤᠨ ᠲᠣᠪᠴᠢᠶᠠᠨ ᠤ ᠳᠠᠷᠤᠭ᠎ᠠ                 ᠦ᠋ ᠵᠢᠶᠠᠨ ᠰᠢᠶᠦ᠋ᠨ     ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ                 ᠸᠠᠩ ᠰᠢᠤᠸᠠᠢ ᡁᠢ    ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠲᠠᠷᠤᠭ᠎ᠠ                 ᠮᠠ ᠡᠯ ᠰᠢ      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ                 ᠰᠤᠶᠤᠯᠲᠤ        ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶᠠᠨ ᠤ ᠳᠠᠷᠤᠭ᠎ᠠ                 ᠸᠠᠩ ᠱᠦᠢ ᠶᠦᠨ      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ                 ᠸᠠᠩ ᠱᠤᠸᠠᠢ       ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ                 ᠵᠢᠶᠠ ᠢᠦᠢ ᠪᠦᠦ     ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ                 ᠬᠠᠨ ᠢᠦᠢ ᠹᠧᠢ     ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ                  ᠵᠣᠣ ᠽᠢ ᠢ     ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ                  ᠶᠠᠩ ᠭᠧᠩ     ᠬᠤᠲᠠ ᠶᠢᠨ ᠬᠢᠨᠠᠨ ᠪᠣᠳᠣᠬᠤ ᠲᠣᠪᠴᠢᠶᠠᠨ ᠤ ᠳᠠᠷᠤᠭ᠎ᠠ                  ᠦ᠋ ᠵᠠᠨ ᠺᠤᠸᠠᠨ    ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ                  ᠸᠠᠩ ᠯᠢ ᠫᠢᠩ     ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ                  ᠾᠦᠸᠧ ᠯᠢ ᠫᠢᠩ     ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ                  ᠸᠠᠩ ᠹᠧᠩ      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ                  ᠬᠠᠨ ᠢᠦᠢ ᠭᠤᠸᠠᠩ    ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ                  ᠵᠠᠩ ᠲᠤᠤ       ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ                  ᠸᠠᠩ ᠹᠧᠢ     ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ                  ᠯᠠᠨ ᠲᠢᠶᠠᠨ     ᠬᠤᠲᠠ ᠶᠢᠨ ᠲᠣᠮᠣ ᠳ᠋ᠠᠶᠢᠲ᠋ᠠ ᠶᠢᠨ ᠲᠥᠪ ᠤᠨ ᠡᠷᠬᠢᠯᠡᠭᠴᠢ                  ᠵᠠᠩ ᠯᠢᠶᠠᠨ ᠶᠦᠩ     ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳᠠᠷᠤᠭ᠎ᠠ      ᠤᠳᠤᠷᠢᠳᠬᠤ ᠳᠤᠭᠤᠶᠢᠯᠠᠩ ᠨᠢ ᠬᠤᠲᠠ ᠶᠢᠨ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠲᠤᠷᠰᠢᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠲᠠ ᠶᠢᠨ ᠪᠠᠶᠢᠴᠠᠭᠠᠯᠲᠠ ᠶᠢᠨ ᠠᠵᠢᠯ ᠤᠨ ᠲᠥᠰᠥᠯ᠂ ᠬᠤᠲᠠ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ᠂ ᠦᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠢᠨᠠᠨ ᠲᠣᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠢᠦᠢ ᠶᠦᠩ ᠴᠥᠩ ᠡᠭᠦᠷᠭᠡᠯᠡᠨ᠎ᠡ᠃ ᠠᠯᠪᠠᠨ ᠭᠡᠷ ᠨᠢ ᠬᠤᠲᠠ ᠶᠢᠨ ᠪᠠᠶᠢᠴᠠᠭᠠᠯᠲᠠ ᠶᠢᠨ ᠭᠦᠢᠴᠡᠳᠬᠡᠯ ᠲᠤᠭ᠎ᠠ ᠶᠢᠨ  ᠲᠤᠭᠳᠠᠯᠴᠠᠭ᠎ᠠ ᠶᠢ ᠪᠠᠶᠢᠭᠤᠯᠬᠤ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠪᠤᠯᠪᠠᠰᠣᠷᠠᠯ ᠢ ᠵᠣᠬᠢᠶᠠᠨ ᠪᠠᠶᠢᠭᠤᠯᠬᠤ᠂ ᠬᠤᠲᠠ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ᠂ ᠣᠨ ᠤ ᠥᠪᠡᠷ ᠤᠨ ᠪᠡᠶ᠎ᠡ ᠶᠢᠨ ᠪᠠᠶᠢᠴᠠᠭᠠᠯᠲᠠ ᠵᠢᠨ‌ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠪᠠᠶᠢᠴᠠᠭᠠᠯᠲᠠ ᠶᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠲᠦᠷᠦᠬᠦᠯᠡᠨ ᠦᠷᠨᠢᠬᠦᠯᠦᠨ᠎ᠡ᠃ ᠠᠵᠢᠯ ᠤᠨ ᠳᠤᠮᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠬᠦᠷᠭᠡᠯᠡᠬᠦ ᠪᠡᠯᠡ ᠮᠥᠩᠭᠦ ᠶᠢ ᠪᠠᠲᠤᠯᠠᠬᠤ ᠠᠵᠢᠯ ᠢ ᠬᠠᠷᠢᠭᠤᠴᠠᠨ᠎ᠠ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠬᠤ ᠭᠦᠢᠴᠡᠳᠬᠡᠯ ᠲᠤᠭ᠎ᠠ ᠶᠢᠨ ᠲᠤᠭᠳᠠᠯᠴᠠᠭ᠎ᠠ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠲᠦᠷᠦᠭᠦᠯᠡᠨ ᠬᠠᠷᠢᠭᠤᠴᠠᠵᠤ᠂ ᠬᠤᠲᠠ ᠶᠢᠨ ᠪᠠᠶᠢᠴᠠᠭᠠᠯᠲᠠ ᠶᠢᠨ ᠪᠠᠶᠢᠴᠠᠭᠠᠯᠲᠠ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠭᠤᠤᠯ ᠲᠥᠪ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠵᠢᠴᠢ ᠪᠤᠰᠤᠳ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃              
ᠢᠷᠡᠯᠲᠡ᠄ ᠤᠷᠳᠤᠰ ᠤᠨ ᠵᠠᠰᠠᠭ ᠤᠨ ᠤᠷᠳᠤᠨ ᠤ ᠰᠦᠯᠵᠢᠶ᠎ᠡ