​ᠪᠥᠬᠦ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠣᠷᠳᠣᠰ ᠬᠤᠲᠠ ᠶᠢᠨ ᠠᠷᠠᠳ   ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/11/24
                                         ᠤᠷᠳᠤᠰ ᠵᠠᠰᠠᠭ ᠳᠠᠷᠬᠠᠭᠠᠭᠰᠠᠨ〔2022〕54 ᠳ᠋ᠦ᠋ᠭᠡᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠤᠰᠤᠭᠠᠷ᠂ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠳᠠᠷᠬᠠᠭᠠᠬᠤ ﹇2022﹈ 4 ᠳ᠋ᠦ᠋ᠭᠡᠷ ᠲᠣᠭᠠᠲᠤ︶᠂   ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠳᠠᠷᠬᠠᠭᠠᠬᠤ ﹇2022﹈ 11 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠬᠤᠳᠠ ᠶᠢᠨ ᠬᠥᠷᠥᠰᠥ ᠰᠢᠷᠣᠢ ᠶᠢᠨ ᠡᠬᠢ ᠪᠠᠶᠠᠯᠢᠭ ᠤᠨ ᠪᠠᠶᠢᠳᠠᠯ ᠪᠣᠯᠣᠨ ᠬᠥᠷᠥᠰᠥ ᠰᠢᠷᠣᠢ ᠶᠢᠨ ᠶᠠᠰᠤ ᠴᠢᠨᠠᠷ ᠤᠨ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠳᠡᠬᠦ ᠶᠢᠨ ᠳᠤᠰᠠᠳᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ 2022 ᠣᠨ ᠠᠴᠠ ᠡᠬᠢᠯᠡᠨ ᠪᠦᠬᠦ ᠬᠤᠳᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠪᠠᠷ ᠳᠤᠭᠳᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ᠨᠡᠶᠢᠳᠡᠮ ᠪᠠᠶᠢᠴᠠᠭᠠᠯᠲᠠ ᠶᠢᠨ ᠰᠡᠳᠬᠢᠮᠵᠢ ᠬᠢᠭᠡᠳ ᠬᠠᠷᠠᠯᠲᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠬᠠᠮᠠᠭᠠᠯᠠᠯᠳᠠ ᠪᠠ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠭᠦᠨᠵᠡᠭᠡᠢ ᠨᠠᠶᠢᠳᠠᠪᠤᠷᠢᠵᠢᠭᠤᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠦᠬᠦ ᠲᠠᠯ᠎ᠠ ᠶᠢᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠤᠨ ᠵᠠᠷᠴᠢᠮ ᠢ ᠵᠢᠷᠤᠮᠯᠠᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢ ᠵᠣᠯᠭᠠᠭᠤᠯᠵᠤ᠂ ︽ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠣᠷᠤᠯᠴᠠᠬᠤ︾ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠪᠦᠬᠦ ᠲᠠᠯ᠎ᠠ  ᠪᠠᠷ ᠪᠠᠶᠢᠴᠠᠭᠠᠨ ᠲᠣᠳᠣᠷᠬᠠᠶᠢᠯᠠᠵᠤ᠂ ᠬᠥᠷᠥᠰᠥ ᠰᠢᠷᠣᠢ ᠶᠢᠨ ᠶᠠᠰᠤ ᠴᠢᠨᠠᠷ᠂ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠶᠢ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃     ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠬᠢᠭᠡᠳ ᠠᠭᠤᠯᠭ᠎ᠠ     ︵ᠨᠢᠭᠡ︶ ᠨᠡᠶᠢᠳᠡᠮ ᠪᠠᠶᠢᠴᠠᠭᠠᠬᠤ ᠡᠲᠡᠭᠡᠳ     ᠪᠥᠬᠦ ᠬᠤᠲᠠ ᠶᠢᠨ ᠲᠠᠷᠢᠶᠠᠨ ᠭᠠᠵᠠᠷ᠂  ᠴᠡᠴᠡᠷᠯᠢᠭᠵᠢᠭᠦᠯᠦᠭᠰᠡᠨ ᠭᠠᠵᠠᠷ᠂ ᠣᠶᠢᠲᠤ ᠭᠠᠵᠠᠷ᠂ ᠲᠠᠯ᠎ᠠ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠠ ᠬᠡᠰᠡᠭ ᠠᠰᠢᠭᠯᠠᠭᠠᠳᠤᠢ ᠭᠠᠵᠠᠷ ᠤᠨ ᠬᠥᠷᠥᠰᠥ ᠰᠢᠷᠣᠢ ᠪᠤᠯᠤᠨ᠎ᠠ᠃ ᠡᠭᠦᠨ ᠳᠤ ᠣᠶᠢᠲᠤ ᠭᠠᠵᠠᠷ᠂ ᠲᠠᠯ᠎ᠠ ᠭᠠᠵᠠᠷ ᠲᠤ ᠢᠳᠡᠭᠡᠨ ᠤ ᠦᠢᠯᠡᠳᠪᠦᠷᠢᠯᠡᠯ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠢᠭᠯᠠᠭᠠᠳᠤᠢ ᠭᠠᠵᠠᠷ ᠲᠤ ᠬᠠᠭᠠᠯᠪᠤᠷᠢᠯᠠᠨ ᠲᠠᠷᠢᠶᠠᠯᠠᠵᠦ ᠪᠣᠯᠬᠤ ᠡᠬᠢ ᠪᠠᠶᠠᠯᠢᠭ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠨ᠎ᠠ᠂ ᠵᠢᠱᠢᠶᠡᠯᠡᠪᠡᠯ ᠬᠤᠵᠢᠷᠯᠢᠭ ᠭᠠᠵᠠᠷ ᠵᠡᠷᠭᠡ ᠃    ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ    ᠡᠭᠦᠨ ᠳᠤ ᠭᠤᠣᠯᠳᠠᠭᠤ ᠬᠥᠷᠥᠰᠥ ᠰᠢᠷᠣᠢ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠲᠦᠷᠦᠯ ᠬᠡᠯᠪᠡᠷᠢ ᠶᠢᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠤᠨ ᠨᠡᠶᠢᠳᠡᠮ ᠪᠠᠶᠢᠴᠠᠭᠠᠯᠲᠠ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠵᠡᠷᠭᠡ ᠲᠦᠷᠪᠡᠨ ᠲᠠᠯ᠎ᠠ ᠪᠠᠭᠲᠠᠨ᠎ᠠ᠃    1. ᠬᠥᠷᠥᠰᠥ ᠰᠢᠷᠣᠢ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠬᠥᠷᠥᠰᠥ ᠰᠢᠷᠣᠢ ᠶᠢᠨ ᠥᠯᠢᠭᠡᠷ ᠡᠳ᠋ ᠢ ᠴᠤᠭᠯᠠᠭᠤᠯᠬᠤ ᠪᠠ ᠰᠢᠯᠭᠠᠨ ᠬᠡᠮᠵᠢᠬᠦ ᠪᠠᠷ ᠳᠡᠮᠵᠢᠨ᠂ ᠬᠥᠷᠥᠰᠥ ᠰᠢᠷᠣᠢ ᠶᠢᠨ ᠥᠩᠭᠡ᠂ ᠶᠠᠰᠤ ᠴᠢᠨᠠᠷ᠂ ᠣᠷᠭᠠᠨᠢᠭ ᠪᠣᠳᠠᠰ᠂ ᠬᠦᠴᠢᠯ ᠱᠦᠯᠲᠦ ᠶᠢᠨ ᠬᠡᠮᠵᠢᠶ᠎ᠡ᠂ ᠰᠢᠮ᠎ᠡ ᠲᠡᠵᠢᠭᠡᠯ᠂ ᠡᠵᠡᠯᠡᠭᠦᠨ ᠤ ᠬᠦᠨᠳᠦ᠂ ᠵᠠᠢ᠂ ᠬᠦᠨᠳᠦ ᠲᠡᠮᠦᠷᠯᠢᠭ ᠵᠡᠷᠭᠡ ᠬᠥᠷᠥᠰᠥ ᠰᠢᠷᠣᠢ ᠶᠢᠨ ᠹᠢᠽᠢᠺ ᠬᠢᠮᠢ ᠶᠢᠨ ᠭᠦᠢᠴᠡᠳᠭᠡᠯ ᠲᠤᠭ᠎ᠠ ᠵᠢᠴᠢ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠬᠠᠩᠭᠠᠬᠤ ᠪᠢᠴᠢᠯ ᠡᠯᠧᠮᠧᠨ᠋ᠲ ᠢ ᠨᠡᠶᠢᠳᠡᠮ ᠪᠠᠶᠢᠴᠠᠭᠠᠨ᠎ᠠ︔ ᠨᠡᠶᠢᠲᠡᠯᠢᠭ ᠣᠷᠣᠨ ᠪᠦᠰᠡ ᠳᠤ ᠤᠷᠭᠤᠮᠠᠯ ᠤᠨ ᠦᠨᠳᠦᠰᠦᠨ ᠤ ᠰᠢᠰᠲ᠋ᠧᠮ᠂ ᠠᠮᠢᠳᠠᠨ ᠤ ᠠᠵᠢᠯᠯᠠᠭ᠎ᠠ᠂ ᠮᠢᠺᠷᠣᠪ ᠤᠨ ᠲᠤᠭ᠎ᠠ ᠬᠡᠮᠵᠢᠶ᠎ᠡ᠂ ᠲᠦᠷᠦᠯ ᠬᠡᠯᠪᠡᠷᠢ᠂ ᠲᠠᠷᠬᠠᠯᠲᠠ ᠵᠡᠷᠭᠡ ᠬᠥᠷᠥᠰᠥᠨ ᠤ ᠠᠮᠢᠳᠤ ᠪᠣᠳᠠᠰ ᠤᠨ ᠤᠬᠠᠭᠠᠨ ᠤ  ᠭᠦᠢᠴᠡᠳᠬᠡᠯ ᠲᠤᠭ᠎ᠠ ᠶᠢ ᠨᠡᠶᠢᠳᠡᠮ ᠪᠠᠶᠢᠴᠠᠭᠠᠨ᠎ᠠ᠃    2. ᠬᠥᠷᠥᠰᠥ ᠰᠢᠷᠣᠢ ᠶᠢᠨ ᠲᠥᠷᠥᠯ ᠵᠦᠢᠯ ᠤᠨ ᠨᠡᠶᠢᠳᠡᠮ ᠪᠠᠶᠢᠴᠠᠭᠠᠯᠲᠠ᠃ ᠬᠤᠶᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠷ ᠰᠠᠭᠤᠷᠢ ᠪᠣᠯᠭᠠᠵᠤ᠂ ᠭᠤᠣᠯ ᠪᠣᠯᠬᠤ ᠬᠥᠷᠥᠰᠥ ᠰᠢᠷᠣᠢ ᠶᠢᠨ ᠲᠥᠷᠥᠯ ᠬᠡᠯᠪᠡᠷᠢ ᠳᠤ ᠤᠭᠲᠤᠯᠤᠭᠠᠰᠤ ᠶᠢ ᠠᠭᠤᠳᠠᠯᠤᠨ ᠠᠵᠢᠭᠯᠠᠬᠤ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠣᠯᠵᠤ᠂ ᠬᠥᠷᠥᠰᠥ ᠰᠢᠷᠣᠢ ᠶᠢᠨ ᠲᠥᠷᠥᠯ ᠵᠦᠢᠯ ᠢ ᠨᠥᠬᠦᠪᠦᠷᠢᠯᠡᠨ ᠲᠡᠭᠦᠯᠳᠡᠷᠵᠢᠭᠦᠯᠦᠨ᠎ᠡ᠃    3. ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠤᠨ ᠨᠡᠶᠢᠳᠡᠮ ᠪᠠᠶᠢᠴᠠᠭᠠᠯᠲᠠ᠃ ᠬᠡᠭᠡᠷ᠎ᠡ ᠶᠢᠨ ᠪᠠᠶᠢᠴᠠᠭᠠᠯᠲᠠ ᠶᠢᠨ ᠥᠯᠢᠭᠡᠷ ᠠᠪᠬᠤ ᠭᠠᠵᠠᠷ ᠤᠨ ᠪᠠᠶᠢᠭ᠎ᠠ ᠭᠠᠵᠠᠷ ᠣᠷᠣᠨ ᠤ ᠭᠠᠵᠠᠷ ᠤᠨ ᠪᠠᠶᠢᠴᠠ ᠭᠠᠵᠠᠷ ᠤᠨ  ᠭᠠᠳᠠᠷᠭᠤ᠂ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃    4. ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ᠃ ᠰᠠᠭᠤᠷᠢ ᠳᠦᠬᠦᠭᠡᠷᠦᠮᠵᠢ ᠶᠢᠨ ᠨᠥᠬᠦᠴᠡᠯ᠂ ᠳᠠᠷᠢᠬᠤ ᠳᠦᠷᠢᠮ᠂ ᠲᠠᠷᠢᠶᠠᠯᠠᠬᠤ ᠠᠷᠭ᠎ᠠ ᠮᠠᠶ᠋ᠢᠭ᠂ ᠤᠰᠤᠯᠠᠬᠤ ᠤᠰᠤ ᠭᠠᠳᠠᠭᠰᠢᠯᠠᠭᠤᠯᠬᠤ ᠳᠦᠬᠦᠭᠡᠷᠦᠮᠵᠢ ᠶᠢᠨ ᠪᠠᠶᠢᠳᠠᠯ᠂ ᠲᠠᠷᠢᠮᠠᠯ ᠤᠨ ᠭᠠᠷᠤᠯᠲᠠ ᠶᠢᠨ ᠬᠢᠷᠢ ᠬᠡᠮᠵᠢᠶ᠎ᠡ ᠵᠡᠷᠭᠡ ᠰᠠᠭᠤᠷᠢ ᠮᠡᠳᠡᠭᠡ ᠵᠠᠩᠭᠢ ᠪᠣᠯᠣᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠵᠤᠯᠤᠮ᠎ᠠ ᠵᠡᠷᠭᠡ ᠲᠠᠷᠢᠶᠠᠯᠠᠩ ᠳᠤ ᠣᠷᠣᠭᠤᠯᠬᠤ ᠡᠳ᠋ ᠤᠨ ᠬᠡᠷᠡᠭᠯᠡᠯᠲᠡ ᠶᠢᠨ ᠪᠠᠶᠢᠳᠠᠯ ᠢ ᠭᠤᠣᠯᠳᠠᠯᠭ᠎ᠠ ᠲᠠᠢ ᠨᠡᠶᠢᠳᠡᠮ ᠪᠠᠶᠢᠴᠠᠭᠠᠨ᠎ᠠ᠃   ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ    2022 ᠣᠨ ᠳᠤ᠂ ᠪᠥᠬᠦ ᠬᠤᠲᠠ ᠶᠢᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ ᠢ ᠳᠤᠭᠳᠠᠭᠠᠬᠤ ᠬᠡᠷᠡᠭᠳᠡᠢ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠨ ᠪᠥᠬᠦ ᠬᠤᠲᠠ ᠶᠢᠨ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃   2023-2024 ᠣᠨ ᠳᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠮᠡᠷᠭᠡᠵᠢᠯ ᠤᠨ ᠳᠠᠳᠤᠯᠭ᠎ᠠ ᠪᠤᠯᠪᠠᠰᠤᠷᠠᠯ ᠤᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠭᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠪᠠ ᠭᠡᠷ ᠳᠤᠳᠤᠷᠠᠬᠢ ᠠᠵᠢᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠢ ᠪᠣᠶ ᠪᠣᠯᠭᠠᠨ᠎ᠠ᠃ ᠡᠭᠦᠨ ᠳᠤ ᠬᠡᠬᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ᠂  ᠭᠡᠷ ᠳᠤᠳᠤᠷᠠᠬᠢ ᠠᠵᠢᠯ ᠤᠨ ᠰᠢᠯᠭᠠᠨ ᠪᠠᠶᠢᠴᠠᠭᠠᠵᠦ ᠰᠢᠨᠵᠢᠯᠡᠨ ᠰᠢᠯᠭᠠᠬᠤ ᠴᠠᠭ ᠢ 2024 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ ᠶᠠᠪᠤᠭᠳᠠᠭᠤᠯᠤᠨ᠎ᠠ᠃   2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠰᠢᠩᠭᠡᠭᠡᠨ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠬᠤᠳᠠ ᠶᠢᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠯᠭᠠᠨ ᠠᠪᠬᠤ᠂ ᠬᠤᠷᠢᠶᠠᠩᠭᠤᠶᠢᠯᠠᠨ ᠲᠤᠰᠢᠶᠠᠬᠤ ᠪᠠ ᠳ᠋ᠦᠩᠨᠡᠬᠦ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠪᠥᠬᠦ  ᠬᠤᠳᠠ ᠶᠢᠨ ᠲᠠᠷᠢᠶᠠᠨ ᠭᠠᠵᠠᠷ ᠤᠨ ᠶᠠᠰᠤ ᠴᠢᠨᠠᠷ ᠤᠨ ᠮᠡᠳᠡᠭᠦᠯᠦᠯᠲᠡ ᠪᠠ ᠪᠥᠬᠦ ᠬᠤᠳᠠ ᠶᠢᠨ ᠬᠥᠷᠥᠰᠥ ᠰᠢᠷᠣᠢ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃     ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ   ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠬᠦᠴᠦᠨ ᠤ ᠨᠢᠭᠡ ᠵᠦᠢᠯ ᠤᠨ ᠴᠢᠬᠤᠯᠠ ᠪᠠᠶᠢᠴᠠᠭᠠᠯᠲᠠ ᠪᠣᠯᠬᠤ ᠪᠥᠭᠡᠳ ᠬᠤᠯᠪᠣᠭᠳᠠᠬᠤ ᠬᠡᠪᠴᠢᠶ᠎ᠡ ᠨᠢ ᠥᠷᠭᠡᠨ᠂ ᠣᠷᠤᠯᠴᠠᠬᠤ ᠰᠠᠯᠠᠭ᠎ᠠ ᠮᠥᠴᠢᠷ ᠨᠢ ᠤᠯᠠᠨ᠂ ᠠᠵᠢᠯ ᠤᠨ ᠡᠭᠦᠷᠭᠡ ᠨᠢ ᠬᠦᠨᠳᠦ᠂ ᠮᠡᠷᠭᠡᠵᠢᠯ ᠤᠨ ᠱᠠᠭᠠᠷᠳᠠᠯᠭ᠎ᠠ ᠨᠢ ᠥᠨᠳᠥᠷ ᠪᠠᠶᠢᠳᠠᠭ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ᠂ ᠣᠷᠳᠣᠰ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ︵ᠳᠤᠤᠷ᠎ᠠ ᠠᠵᠢᠯ ᠤᠨ ᠳᠤᠭᠤᠶᠢᠯᠠᠩ ᠭᠡᠨ᠎ᠡ︶ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠠᠵᠢᠯᠯᠠᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ  ᠪᠠᠶᠢᠷᠢᠯᠠᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠨ᠎ᠠ᠃ ᠠᠯᠪᠠᠨ ᠭᠡᠷ ᠤᠨ ᠳᠣᠣᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠯᠠᠪᠯᠠᠯᠭ᠎ᠠ ᠥᠭᠬᠦ ᠳᠤᠭᠤᠶᠢᠯᠠᠩ ᠪᠠᠶᠢᠭᠤᠯᠵᠤ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠨᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠵᠢᠴᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠵᠦ᠂ ᠠᠵᠢᠯ ᠢᠶᠠᠨ ᠨᠢᠭᠡᠳᠦᠯᠲᠡᠢ ᠲᠥᠯᠥᠪᠯᠡᠬᠦ᠂ ᠠᠵᠢᠯᠲᠠᠨ ᠢᠶᠠᠨ ᠲᠣᠬᠢᠷᠠᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠪᠡᠯᠡ ᠮᠥᠩᠭᠦ ᠴᠤᠭᠯᠠᠭᠤᠯᠬᠤ ᠵᠡᠷᠭᠡ ᠶᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠮᠡᠷᠭᠡᠵᠢᠯᠲᠡᠨ ᠢᠶᠠᠷ ᠪᠦᠷᠢᠯᠳᠦᠵᠦ᠂ ᠠᠵᠢᠯ ᠤᠨ ᠬᠤᠪᠢᠶᠠᠷᠢᠯᠠᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠥᠬᠦ ᠬᠤᠲᠠ ᠶᠢᠨ ᠲᠠᠷᠢᠶᠠᠨ ᠭᠠᠵᠠᠷ ︵ᠴᠡᠴᠡᠷᠯᠢᠭᠵᠢᠭᠦᠯᠦᠭᠰᠡᠨ ᠭᠠᠵᠠᠷ ᠪᠠᠭᠲᠠᠨ᠎ᠠ︶ ᠤᠨ ᠬᠥᠷᠥᠰᠥ ᠰᠢᠷᠣᠢ᠂ ᠣᠶ ᠰᠢᠭᠤᠢ ᠨᠤᠳᠤᠭ ᠪᠡᠯᠴᠢᠭᠡᠷ᠂ ᠠᠰᠢᠭᠯᠠᠭᠠᠳᠤᠢ ᠭᠠᠵᠠᠷ ︵ᠭᠤᠣᠯᠳᠠᠯᠭ᠎ᠠ ᠲᠠᠢ ᠬᠤᠵᠢᠷᠯᠢᠭ ᠭᠠᠵᠠᠷ︶ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠲᠣᠰ ᠲᠣᠰ ᠬᠠᠷᠢᠭᠤᠴᠠᠨ᠎ᠠ︔ ᠲᠤᠰᠬᠠᠢ ᠮᠡᠷᠭᠡᠵᠢᠯᠲᠡᠨ ᠤ ᠯᠠᠪᠯᠠᠯᠭ᠎ᠠ ᠦᠭᠬᠦ ᠳᠤᠭᠤᠶᠢᠯᠠᠩ ᠨᠢ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠬᠠᠮᠢᠶ᠎ᠠ ᠪᠦᠬᠦᠢ ᠲᠥᠰᠥᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ᠂ ᠲᠤᠬᠠᠢ ᠶᠢᠨ ᠭᠠᠵᠠᠷ  ᠲᠤᠨᠢ ᠵᠢᠯᠤᠭᠤᠳᠬᠤ ᠵᠡᠷᠭᠡ ᠶᠢ ᠬᠠᠷᠢᠭᠤᠴᠠᠨ᠎ᠠ᠃ ᠡᠯ᠎ᠡ ᠳᠤᠭᠤᠶᠢᠯᠠᠩ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠨᠢᠭᠲᠠ ᠬᠠᠮᠵᠢᠯᠴᠠᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠲᠣᠰ ᠬᠤᠰᠢᠭᠤ ᠲᠤᠭᠤᠷᠢᠭ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠵᠣᠬᠢᠬᠤ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠰᠢᠰᠲ᠋ᠧᠮ ᠲᠠᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃    ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠳᠤᠯᠠᠭ᠎ᠠ    ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠡᠭᠦᠷᠭᠡᠯᠡᠭᠰᠡᠨ ᠠᠵᠢᠯ ᠤᠨ ᠡᠭᠦᠷᠭᠡ ᠪᠠᠷ ᠢᠶᠠᠨ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ ᠲᠣᠰ ᠣᠷᠣᠨ ᠪᠦᠰᠡ ᠶᠢᠨ ᠢᠶᠠᠨ ᠬᠡᠭᠡᠷ᠎ᠡ ᠶᠢᠨ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠭᠡᠷ ᠳᠤᠳᠤᠷᠠᠬᠢ ᠠᠵᠢᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ᠂ ᠮᠡᠷᠭᠡᠵᠢᠯ ᠤᠨ ᠪᠣᠯᠪᠠᠰᠤᠷᠠᠯ᠂ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ᠂ ᠦᠷ᠎ᠡ ᠪᠦᠲᠦᠭᠡᠯ ᠤᠨ ᠬᠤᠷᠢᠶᠠᠩᠭᠤᠶᠢᠯᠠᠯ ᠪᠠ ᠳ᠋ᠠᠶᠢᠲ᠋ᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠴᠠᠭ ᠲᠤᠬᠠᠢ ᠳᠤᠨᠢ ᠵᠣᠯᠭᠠᠭᠤᠯᠵᠤ ᠂ ᠵᠠᠷᠤᠳᠠᠯ ᠤᠨ ᠲᠥᠰᠥᠪ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠵᠠᠷᠤᠳᠠᠯ ᠢ ᠵᠣᠬᠢᠬᠤ ᠣᠨ ᠤ ᠲᠥᠰᠥᠪ ᠲᠤ ᠣᠷᠣᠭᠤᠯᠤᠨ ᠪᠠᠲᠤᠯᠠᠬᠤ ᠶᠢᠨ ᠬᠠᠮᠲᠤ ᠬᠢᠨᠠᠯᠲᠠ ᠲᠠᠯᠪᠢᠵᠤ ᠬᠢᠨᠠᠨ ᠪᠤᠳᠤᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠲᠤᠭᠤᠷᠢᠭ ᠨᠤᠭᠤᠳ ᠲᠣᠭᠲᠠᠭᠠᠯ ᠶᠣᠰᠣᠭᠠᠷ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠯᠡᠵᠦ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠢ  ᠳᠠᠮᠵᠢᠬᠦ ᠬᠡᠷᠡᠭᠳᠡᠢ᠃    ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ    ᠡᠯ᠎ᠡ ᠬᠤᠰᠢᠭᠤ ᠲᠤᠭᠤᠷᠢᠭ ᠨᠤᠭᠤᠳ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠵᠢᠯᠣᠭᠤᠳᠤᠯᠭ᠎ᠠ᠂ ᠲᠤᠰᠬᠠᠢ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢᠨ ᠪᠤᠯᠪᠠᠰᠤᠷᠠᠯ ᠢ ᠴᠢᠩᠭᠠᠳᠬᠠᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠰᠬᠠᠶᠢᠵᠢᠯᠲᠠ᠂ ᠪᠠᠷᠢᠮᠵᠢᠶᠠᠵᠢᠯᠲᠠ᠂ ᠵᠢᠷᠦᠮᠵᠢᠯᠲᠡ ᠶᠢ ᠦᠨᠡᠨᠬᠦ ᠪᠠᠲᠤᠯᠠᠬᠤ ᠬᠡᠷᠡᠭᠲᠡᠢ᠃ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠳᠤᠭᠲᠠᠯᠴᠠᠭ᠎ᠠ ᠪᠣᠯᠣᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠬᠢᠭᠡᠳ ᠲᠡᠭᠦᠨ ᠤ ᠠᠵᠢᠯᠲᠠᠳ ᠡᠷᠬᠡᠪᠰᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠣᠨᠣᠪᠴᠢᠲᠠᠶ᠂ ᠪᠦᠷᠢᠨ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠶᠠᠮᠠᠷᠪᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠪᠣᠯᠣᠨ ᠬᠤᠪᠢ ᠬᠥᠮᠥᠨ ᠭᠡᠳ ᠴᠥᠮ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂  ᠬᠤᠶᠢᠰᠢᠯᠠᠭᠤᠯᠤᠨ ᠮᠡᠳᠡᠭᠦᠯᠵᠦ ᠪᠣᠯᠬᠤ ᠦᠭᠡᠢ᠂ ᠬᠤᠳᠠᠯ ᠬᠠᠭᠤᠷᠮᠠᠭ ᠢᠶᠠᠷ ᠵᠣᠬᠢᠶᠠᠬᠤ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠥᠭᠡᠷᠡᠲᠦᠭᠦᠯᠵᠦ ᠪᠣᠯᠬᠤ ᠦᠭᠡᠢ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠳᠦᠯᠲᠡᠢ ᠠᠵᠢᠯ ᠤᠨ ᠲᠠᠪᠴᠠᠩ ᠵᠡᠷᠭᠡ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠮᠡᠳᠡᠭᠡ ᠵᠠᠩᠭᠢᠴᠢᠯᠠᠯᠳᠠ ᠶᠢᠨ ᠬᠢᠷᠢ ᠳᠦᠪᠰᠢᠨ ᠢᠶᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠬᠡᠷᠡᠭᠲᠡᠢ᠃ ᠰᠣᠨᠢᠨ ᠰᠡᠳᠬᠦᠯ᠂  ᠷᠠᠳᠢᠤ᠋ ᠨᠡᠪᠳᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠰᠠᠶᠢᠲᠤᠷ ᠬᠡᠷᠡᠭᠯᠡᠨ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠣᠯᠣᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠤᠯᠭᠠᠬᠤ ᠬᠡᠷᠡᠭᠳᠡᠢ᠃   ᠳᠠᠭᠠᠯᠳᠤᠭᠤᠯᠤᠯ᠄ ᠣᠷᠳᠣᠰ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ                                                                                                                            ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                     2022 ᠣᠨ ᠤ 4  ᠳ᠋ᠦ᠋ᠭᠡᠷ ᠰᠠᠷ᠎ᠠ ᠶᠢᠨ 20 ᠤ ᠡᠳᠦᠷ  ᠳᠠᠭᠠᠯᠳᠤᠭᠤᠯᠤᠯ   ᠣᠷᠳᠣᠰ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢ ᠨᠡᠶᠢᠳᠡᠮ ᠪᠠᠶᠢᠴᠠᠭᠠᠬᠤ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠡᠷᠳᠡᠨᠢᠪᠢᠯᠢᠭ    ᠬᠤᠲᠠ ᠶᠢᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠴᠧᠨ ᠰᠢ ᠷᠦᠩ    ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ      ᠵᠧᠦ ᠬᠦᠢ ᠷᠦᠩ     ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ      ᠮᠠ ᠡᠯ ᠰᠢ       ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠪᠦᠷᠢᠯᠳᠦᠭᠦᠨ᠄  ᠵᠠᠩ ᠶᠢᠨ ᠶᠢᠨ    ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠳᠤᠪᠴᠢᠶᠠᠨ ᠤ ᠳᠠᠷᠤᠭ᠎ᠠ      ᠫᠧᠩ ᠵᠢᠶᠠᠨ ᠮᠢᠨ    ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ      ᠦ᠋ ᠵᠢᠶᠠᠨ ᠰᠢᠨ    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ      ᠰᠤ᠋ ᠰᠢᠶᠠᠨ     ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠳᠤᠪᠴᠢᠶᠠᠨ ᠤ ᠳᠡᠳ᠋ ᠳᠠᠷᠤᠭ᠎ᠠ      ᠰᠦᠩ ᠿᠢ ᠱᠧᠩ    ᠬᠤᠳᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ      ᠪᠠᠢ ᠸᠠᠨ ᠹᠦ᠋    ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠳᠡᠳ᠋ ᠳᠠᠷᠤᠭ᠎ᠠ      ᠸᠠᠩ ᠵᠢᠩ   ᠬᠤᠲᠠ ᠶᠢᠨ ᠲᠤᠭ᠎ᠠ ᠪᠦᠷᠢᠳᠬᠡᠯ ᠤᠨ ᠳᠤᠪᠴᠢᠶᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ      ᠣᠶᠤᠨᠴᠡᠴᠡᠭ    ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠳᠤᠪᠴᠢᠶᠠᠨ ᠤ ᠳᠡᠳ᠋ ᠳᠠᠷᠤᠭ᠎ᠠ      ᠠᠵᠢᠯᠯᠠᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠤᠪᠴᠢᠶᠠᠨ ᠤ ᠳᠡᠳ᠋ ᠳᠠᠷᠤᠭ᠎ᠠ ᠪᠠᠢ ᠸᠠᠨ ᠹᠦ᠋ ᠬᠠᠪᠰᠤᠷᠭᠠᠨ ᠬᠠᠷᠢᠭᠤᠴᠠᠨ᠎ᠠ᠃ 
ᠢᠷᠡᠯᠲᠡ᠄ ᠤᠷᠳᠤᠰ ᠤᠨ ᠵᠠᠰᠠᠭ ᠤᠨ ᠤᠷᠳᠤᠨ ᠤ ᠰᠦᠯᠵᠢᠶ᠎ᠡ