2022 ᠣᠨ ᠤ ᠪᠥᠬᠦ ᠬᠤᠲᠠ ᠶᠢᠨ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠥᠯ ᠢ ​ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/24
                                  ᠣᠷᠳᠣᠰ ᠵᠠᠰᠠᠭ ᠠᠯᠪᠠᠨ ᠲᠠᠷᠬᠠᠭᠠᠭᠰᠠᠨ ﹇2022﹈ 51 ᠳ᠋ᠣᠭᠡᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ ᠶᠢᠨ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ 2022 ᠣᠨ ᠤ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                                                  ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2022 ᠣᠨ ᠤ 4 ᠳ᠋ᠣᠭᠡᠷ ᠰᠠᠷ᠎ᠠ ᠶᠢᠨ 20 ᠤ ᠡᠳᠦᠷ      ᠣᠷᠳᠣᠰ ᠬᠤᠲᠠ ᠶᠢᠨ ᠠᠷᠪᠠᠨ ᠶᠡᠭᠡ  ᠬᠦᠨᠳᠡᠢ ᠶᠢ ᠶᠡᠷᠦᠩᠬᠡᠶᠢᠯᠡᠨ ᠵᠠᠰᠠᠬᠤ 2022 ᠣᠨ ᠤ ᠬᠡᠷᠡᠭᠵᠢᠭᠦᠯᠬᠦ ᠲᠥᠰᠥᠯ    ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠠᠷᠪᠠᠨ ᠶᠡᠭᠡ ᠬᠦᠨᠳᠡᠢ  ᠶᠢᠨ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠢᠨ ᠲᠤᠰᠠᠳᠠ᠂ ᠪᠥᠬᠦ ᠬᠤᠲᠠ ᠶᠢᠨ  ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠠᠷᠪᠠᠨ ᠶᠡᠭᠡ ᠬᠦᠨᠳᠡᠢ ᠶᠢᠨ ᠠᠭᠤᠯᠠ ᠤᠰᠤ ᠤᠢ ᠲᠠᠷᠢᠶ᠎ᠠ ᠨᠤᠲᠤᠭ ᠪᠡᠯᠴᠢᠬᠡᠷ ᠡᠯᠡᠰᠦ ᠶᠢ ᠶᠡᠷᠦᠩᠬᠡᠶᠢᠯᠡᠨ᠂ ᠰᠢᠰᠲ᠋ᠧᠮ ᠲᠠᠢ᠂ ᠡᠬᠢ ᠡᠭᠦᠰᠦᠯ ᠠᠴᠠ ᠨᠢ ᠵᠠᠰᠠᠬᠤ ᠶᠢᠨ ᠲᠣᠭᠤᠷᠢᠨ ᠳᠤ᠂ ᠲᠣᠪᠣᠶᠢᠮ᠎ᠠ ᠠᠰᠠᠭᠤᠳᠠᠯ᠂ ᠬᠠᠷᠠᠯᠲᠠ ᠱᠠᠭᠠᠷᠳᠠᠯᠭ᠎ᠠ᠂ ᠢᠨᠵᠧᠨᠧᠷᠢᠩ ᠤᠨ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠬᠤᠯᠪᠤᠭᠠᠯᠠᠨ ᠬᠥᠳᠡᠯᠦᠯᠴᠡᠵᠦ᠂ ᠤᠰᠤ ᠡᠯᠡᠰᠦᠨ ᠤ ᠬᠠᠷᠢᠴᠠᠭ᠎ᠠ ᠶᠢ ᠵᠣᠬᠢᠴᠠᠭᠤᠯᠬᠤ ︽ᠵᠠᠩᠭᠢᠯᠠᠭ᠎ᠠ︾ ᠶᠢ ᠴᠢᠩᠭ᠎ᠠ ᠠᠳᠬᠤᠵᠤ᠂ ︽ᠵᠢᠷᠭᠤᠭᠠᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠤᠨ᠂ ᠠᠷᠪᠠᠨ ᠶᠡᠭᠡ  ᠬᠦᠨᠳᠡᠢ ᠶᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃   ᠬᠤᠶᠠᠷ᠂ ᠶᠡᠷᠦᠩᠬᠡᠢ ᠱᠠᠭᠠᠷᠳᠠᠯᠭ᠎ᠠ   ︵ᠨᠢᠭᠡ︶ ᠭᠤᠣᠯ ᠠᠰᠠᠭᠤᠳᠠᠯ᠃ ᠶᠡᠷᠦᠩᠬᠡᠢ ᠳᠤᠨᠢ ᠦᠵᠡᠪᠡᠯ᠂ ᠠᠷᠪᠠᠨ ᠶᠡᠭᠡ  ᠬᠦᠨᠳᠡᠢ ᠶᠢᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠬᠡᠪᠡᠷᠡᠭ᠂ ᠪᠠᠶᠢᠭᠠᠯᠢ ᠶᠢᠨ ᠲᠥᠷᠥᠯᠬᠢ ᠨᠥᠬᠦᠴᠡᠯ ᠨᠡᠯᠢᠶᠡᠳ ᠠᠨᠠᠢ᠂ ᠤᠰᠤ  ᠰᠢᠷᠤᠢ ᠲᠡᠩᠴᠡᠬᠦᠷᠢ ᠦᠬᠡᠢ᠂ ᠣᠶᠢᠷ᠎ᠠ ᠶᠢᠨ ᠵᠢᠯ ᠤᠳ ᠲᠤ ᠬᠡᠳᠦᠶᠢᠪᠡᠷ ᠶᠡᠭᠡ ᠬᠡᠮᠵᠢᠶᠡᠨ ᠤ ᠵᠠᠰᠠᠬᠤ ᠠᠵᠢᠯ ᠬᠢᠭᠰᠡᠨ ᠪᠣᠯᠪᠠᠴᠤ ᠦᠷ᠎ᠡ ᠪᠦᠲᠦᠮᠵᠢ ᠨᠢ ᠮᠥᠨ ᠬᠦ ᠢᠯᠡᠷᠬᠡᠢ ᠪᠢᠰᠢ ᠪᠠᠶᠢᠨ᠎ᠠ᠃ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠬᠡᠮᠵᠢᠯᠲᠡ ᠶᠢᠨ ᠠᠷᠭ᠎ᠠ ᠪᠠᠷᠢᠯ ᠢᠶᠠᠷ ᠳᠤᠲᠠᠮᠠᠭ ᠪᠠᠶᠢᠵᠤ᠂ ᠬᠠᠲᠤᠨ ᠭᠤᠤᠯ ᠳᠤ ᠣᠷᠣᠬᠤ ᠡᠯᠡᠰᠦ ᠰᠢᠪᠠᠷ ᠤᠨ ᠬᠡᠮᠵᠢᠶ᠎ᠡ ᠨᠢ ᠰᠢᠨᠵᠢᠯᠡᠬᠦ ᠤᠬᠠᠭᠠᠨᠴᠢ ᠪᠦᠷᠢᠳᠭᠡᠯ ᠤᠨ ᠲᠤᠭ᠎ᠠ ᠪᠠᠷᠢᠮᠲᠠ ᠦᠭᠡᠢ  ᠪᠠᠶᠢᠭᠰᠠᠭᠠᠷ᠃ ᠣᠷᠣᠨ ᠪᠦᠰᠡ ᠬᠤᠪᠢᠶᠠᠵᠤ ᠦᠵᠡᠪᠡᠯ᠄ ᠳᠡᠭᠡᠳᠦ ᠤᠷᠤᠰᠬᠠᠯ ᠤᠨ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠪᠠᠶᠢᠵᠤ᠂ ᠳᠡᠭᠡᠳᠦ ᠤᠷᠤᠰᠬᠠᠯ ᠤᠨ ᠭᠤᠸ ᠭᠠᠩᠭ᠎ᠠ ᠰᠦᠯᠵᠢᠯᠳᠦᠵᠦ᠂ ︽ᠳᠡᠯᠡᠬᠡᠢ ᠶᠢᠨ ᠪᠥᠮᠪᠥᠷᠴᠡᠭ ᠤᠨ ᠥᠮᠡᠨ︾ ᠬᠡᠮᠡᠭᠳᠡᠭᠰᠡᠨ ᠡᠯᠡᠰᠦᠨ ᠴᠢᠯᠠᠭᠤᠯᠢᠭ ᠲᠤ ᠬᠤᠴᠢᠭᠳᠠᠵᠤ᠂ ᠬᠥᠷᠥᠰᠥ ᠰᠢᠷᠣᠢ ᠶᠢᠨ ᠢᠳᠡᠭᠳᠡᠯ ᠢ ᠡᠰᠡᠷᠭᠦᠴᠡᠬᠦ ᠴᠢᠳᠠᠪᠤᠷᠢ ᠪᠠᠭᠤᠷᠠᠢ᠂ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠪᠦᠲᠦᠴᠡ ᠲᠠᠩ ᠴᠤᠯᠭᠤᠢ ᠪᠠᠶᠢᠵᠤ᠂ ᠵᠣᠨ ᠤ ᠤᠯᠠᠷᠢᠯ ᠳᠤ ᠪᠣᠷᠣᠭᠠᠨ ᠤ ᠳᠠᠷᠠᠭ᠎ᠠ ᠶᠡᠭᠡ ᠬᠡᠮᠵᠢᠶᠡᠨ ᠤ ᠪᠦᠳᠦᠭᠦᠯᠢᠭ ᠡᠯᠡᠰᠦ ᠪᠣᠶ ᠪᠣᠯᠵᠤ᠂ ᠪᠣᠷᠣᠭᠠᠨ ᠤ ᠤᠰᠤ ᠶᠢ ᠳᠠᠭᠠᠵᠤ ᠭᠤᠣᠯ ᠤᠨ ᠵᠠᠮ ᠢᠶᠠᠷ ᠤᠷᠤᠰᠤᠭᠳᠠᠨ ᠤᠷᠤᠳᠠᠭ᠃ ᠲᠡᠷᠡᠴᠢᠯᠡᠨ᠂ ᠳᠡᠭᠡᠳᠦ ᠤᠷᠤᠰᠬᠠᠯ ᠨᠢ ᠣᠷᠴᠢᠨ ᠲᠣᠭᠤᠷᠢᠨ ᠤ ᠨᠥᠬᠦᠴᠡᠯ ᠳᠤ ᠬᠢᠵᠠᠭᠠᠷᠯᠠᠭᠳᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠨᠢ ᠠᠮᠢ ᠠᠬᠤᠢ ᠶᠢᠨ ᠣᠷᠴᠢᠨ ᠲᠣᠭᠤᠷᠢᠨ ᠳᠤ ᠨᠥᠯᠥᠭᠡ  ᠦᠵᠡᠬᠦᠯᠳᠡᠭ᠃ ᠢᠯᠠᠩᠭᠤᠶ᠎ᠠ ᠵᠠᠷᠢᠮ ᠳᠡᠭᠡᠳᠦ ᠤᠷᠤᠰᠬᠠᠯ ᠤᠨ ᠣᠷᠣᠨ ᠳᠤ ᠠᠭᠤᠷᠬᠠᠢ ᠨᠡᠯᠢᠶᠡᠳ ᠠᠷᠪᠢᠨ ᠪᠠᠶᠢᠵᠤ᠂ ᠨᠡᠭᠡᠭᠡᠨ ᠮᠠᠯᠲᠠᠬᠤ ᠠᠵᠢᠯᠯᠠᠭ᠎ᠠ ᠠᠮᠢ ᠠᠬᠤᠢ ᠳᠠᠬᠢ ᠡᠪᠳᠡᠯᠬᠡ ᠨᠡᠩ ᠲᠣᠪᠣᠶᠢᠮ᠎ᠠ ᠪᠣᠯᠵᠤ ᠪᠠᠶᠢᠨ᠎ᠠ᠃ ᠳᠤᠮᠳᠠ ᠤᠷᠤᠰᠬᠠᠯ ᠤᠨ ᠡᠯᠡᠰᠦᠷᠬᠡᠭᠵᠢᠯ ᠬᠦᠨᠳᠦ ᠨᠣᠴᠢᠲᠠᠢ ᠪᠠᠶᠢᠵᠤ᠂ ᠬᠥᠪᠴᠢ ᠶᠢᠨ ᠡᠯᠡᠰᠦ ᠮᠠᠩᠬ᠎ᠠ ᠨᠢ ᠠᠷᠪᠠᠨ ᠶᠡᠭᠡ  ᠬᠦᠨᠳᠡᠢ ᠶᠢᠨ ᠳᠤᠮᠳᠠ ᠤᠷᠤᠰᠬᠠᠯ ᠢ ᠬᠥᠨᠳᠡᠯᠡᠨ ᠢᠶᠠᠷ ᠨᠡᠪᠲᠡᠯᠵᠦ᠂ ᠶᠡᠭᠡ ᠬᠡᠪᠴᠢᠶᠡᠨ ᠤ ᠨᠡᠭᠦᠳᠡᠯ ᠡᠯᠡᠰᠦᠨ ᠳᠣᠪᠤ ᠪᠠ ᠬᠠᠭᠠᠰ ᠲᠣᠭᠲᠠᠮᠠᠯ ᠡᠯᠡᠰᠦᠷᠬᠡᠭ ᠭᠠᠵᠠᠷ ᠲᠠᠢ ᠪᠠᠶᠢᠵᠤ᠂ ᠰᠠᠯᠬᠢᠨ ᠤ ᠬᠦᠴᠦᠨ ᠤ ᠦᠢᠯᠡᠳᠦᠯ ᠠᠴᠠ ᠪᠣᠯᠵᠤ ᠨᠡᠭᠦᠳᠡᠯ ᠡᠯᠡᠰᠦ ᠨᠢ ᠬᠦᠨᠳᠡᠢ ᠶᠢᠨ ᠬᠤᠶᠠᠷ ᠡᠷᠭᠢ ᠳᠤ ᠣᠪᠣᠭᠠᠷᠠᠵᠤ᠂ ᠰᠢᠷᠦᠬᠦᠨ ᠪᠣᠷᠣᠭᠠᠨ ᠣᠷᠣᠬᠤ ᠪᠦᠷᠢ ᠶᠡᠭᠡ ᠬᠡᠮᠵᠢᠶᠡᠨ ᠤ ᠡᠯᠡᠰᠦ ᠰᠢᠪᠠᠷ ᠨᠢ ᠭᠤᠣᠯ ᠤᠨ ᠵᠠᠮ ᠳᠤ ᠤᠷᠤᠰᠤᠭᠳᠠᠨ ᠤᠷᠤᠬᠤ ᠪᠦᠬᠡᠳ ᠡᠯᠡᠰᠦᠨ ᠴᠥᠯ ᠤᠨ ᠵᠢᠭᠤᠯᠴᠢᠯᠠᠯ ᠤᠨ ᠭᠤᠣᠯ ᠤᠨ ᠵᠠᠮ ᠳᠤ ᠦᠵᠡᠭᠦᠯᠬᠦ ᠨᠥᠯᠥᠭᠡ ᠶᠢ ᠴᠦ ᠣᠮᠲᠣᠭᠠᠶᠢᠯᠠᠵᠤ ᠪᠣᠯᠣᠰᠢ ᠦᠭᠡᠢ ᠶᠤᠮ᠃ ᠳᠣᠣᠷᠠᠳᠤ ᠤᠷᠤᠰᠬᠠᠯ ᠤᠨ ᠡᠯᠡᠰᠦ ᠰᠢᠪᠠᠷ ᠨᠢ ᠬᠦᠨᠳᠦ ᠨᠣᠴᠢᠲᠠᠢ ᠬᠤᠷᠠᠵᠤ ᠲᠤᠨᠤᠭᠰᠠᠨ ᠪᠠᠶᠢᠨ᠎ᠠ᠃ ᠳᠣᠷᠣᠭᠰᠢ ᠤᠷᠤᠰᠤᠭᠰᠠᠨ ᠦᠶᠡᠷ ᠤᠨ ᠤᠰᠤ ᠡᠯᠡᠰᠦ ᠰᠢᠪᠠᠷ ᠰᠢᠭᠤᠳ ᠬᠠᠲᠤᠨ ᠭᠤᠣᠯ ᠳᠤ ᠤᠷᠤᠰᠤᠭᠳᠠᠨ ᠣᠷᠣᠵᠤ᠂ ᠡᠯᠡᠰᠦ ᠰᠢᠪᠠᠷ ᠨᠢ ᠶᠡᠭᠡ ᠬᠡᠮᠵᠢᠶ᠎ᠡ ᠪᠠᠷ ᠬᠠᠲᠤᠨ ᠭᠤᠣᠯ ᠤᠨ ᠠᠮᠠ ᠪᠠ ᠭᠤᠯᠳᠤᠷᠢᠯ ᠳᠤ ᠬᠤᠷᠠᠵᠤ ᠲᠤᠨᠤᠪᠠ᠃ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠭᠤᠣᠯ ᠤᠨ ᠭᠤᠯᠳᠤᠷᠢᠯ ᠨᠢ ᠠᠪᠴᠢᠵᠤ᠂ ᠭᠤᠣᠯ ᠤᠨ ᠰᠠᠪᠠ ᠨᠢ ᠥᠨᠳᠥᠷᠵᠢᠵᠦ᠂ ᠭᠤᠣᠯ ᠤᠨ ᠤᠰᠤ ᠨᠢ ᠨᠢᠭᠰᠢᠷᠠᠵᠤ᠂ ᠤᠷᠤᠰᠬᠠᠯ ᠤᠨ ᠬᠤᠷᠳᠤᠴᠠ ᠨᠢ ᠤᠳᠠᠭᠠᠰᠢᠷᠠᠨ᠂ ︽ᠲᠡᠨᠦᠭᠦᠯ ᠴᠢᠨᠠᠷᠲᠠᠢ︾ ᠭᠤᠣᠯ ᠤᠨ ᠵᠠᠮ ᠢ ᠪᠣᠶ ᠪᠣᠯᠭᠠᠵᠤ᠂ ᠭᠤᠣᠯ ᠤᠨ ᠡᠷᠭᠢ ᠶᠢᠨ ᠢᠳᠡᠭᠳᠡᠯ ᠬᠦᠨᠳᠦ ᠨᠣᠴᠢᠲᠠᠢ ᠪᠣᠯᠵᠤ᠂ ᠠᠶᠤᠯᠲᠠᠢ ᠪᠠᠷᠢᠯᠭ᠎ᠠ ᠠᠶᠤᠯᠲᠠᠢ ᠬᠡᠰᠡᠭ ᠨᠢ ᠵᠢᠯ ᠳᠠᠷᠠᠭᠠᠯᠠᠨ ᠨᠡᠮᠡᠭᠳᠡᠵᠤ᠂ ᠭᠤᠣᠯ ᠤᠨ ᠵᠠᠮ ᠤᠨ ᠬᠤᠶᠠᠷ ᠡᠷᠭᠢ ᠪᠠ ᠳᠣᠣᠷᠠᠳᠤ ᠤᠷᠤᠰᠬᠠᠯ ᠤᠨ ᠲᠠᠯ᠎ᠠ ᠭᠠᠵᠠᠷ ᠤᠨ ᠣᠯᠠᠨ ᠲᠦᠮᠡᠨ ᠤ ᠠᠮᠢᠳᠤᠷᠠᠯ ᠪᠠ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠳᠤ ᠲᠤᠶᠢᠯ ᠤᠨ ᠶᠡᠭᠡ ᠬᠤᠣᠷ ᠬᠥᠨᠥᠭᠡᠯ  ᠣᠴᠠᠷᠠᠭᠤᠯᠤᠭᠰᠠᠨ ᠠᠴᠠ ᠵᠢᠯ ᠪᠦᠷᠢ ᠶᠢᠨ ᠦᠶᠡᠷ ᠢ ᠰᠡᠷᠭᠡᠶᠢᠯᠡᠵᠦ ᠰᠥᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠢ ᠲᠤᠶᠢᠯ ᠤᠨ ᠬᠦᠨᠳᠦ ᠨᠣᠴᠢᠲᠠᠢ ᠪᠣᠯᠭᠠᠵᠠᠢ᠃    ︵ᠬᠤᠶᠠᠷ︶ ᠬᠠᠷᠠᠯᠲᠠ ᠶᠢᠨ ᠱᠠᠭᠠᠷᠳᠠᠯᠭ᠎ᠠ     2022 ᠣᠨ ᠤ ᠡᠴᠦᠰ ᠪᠣᠯᠬᠤ ᠳᠤ᠂ ᠠᠷᠪᠠᠨ ᠶᠡᠭᠡ ᠬᠦᠨᠳᠡᠢ ᠶᠢᠨ ᠬᠠᠲᠤᠨ ᠭᠤᠤᠯ ᠳᠤ ᠤᠷᠤᠬᠤ ᠬᠡᠮᠵᠢᠶ᠎ᠡ ᠶᠢ ᠢᠯᠡᠳᠲᠡ ᠪᠠᠭᠠᠰᠬᠠᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠬᠡᠮᠵᠢᠶ᠎ᠡ ᠶᠢ 32.79% ᠪᠠᠶᠢᠭᠰᠠᠨ ᠠᠴᠠ 43.6% ᠪᠣᠯᠭᠠᠨ ᠳᠡᠭᠡᠭᠰᠢᠯᠡᠭᠦᠯᠦᠨ᠎ᠡ︔ ᠡᠯᠡᠰᠦ ᠰᠢᠪᠠᠷ ᠢ ᠬᠢᠨᠠᠨ ᠬᠡᠮᠵᠢᠬᠦ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠬᠠᠲᠤᠨ ᠭᠤᠤᠯ ᠤᠨ ᠠᠮᠠᠰᠠᠷ ᠲᠤ ᠣᠷᠣᠬᠤ ᠡᠯᠡᠰᠦ ᠰᠢᠪᠠᠷ ᠢ ᠬᠢᠨᠠᠨ ᠬᠡᠮᠵᠢᠬᠦ ᠥᠷᠲᠡᠭᠡ ᠶᠢ ᠪᠦᠬᠦᠨ ᠢ ᠪᠠᠶᠢᠭᠤᠯᠤᠨ ᠳᠠᠭᠤᠰᠬᠠᠵᠤ᠂ ᠬᠢᠨᠠᠨ ᠬᠡᠮᠵᠢᠬᠦ ᠲᠤᠭᠳᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠦᠨ᠎ᠡ︔ ᠭᠤᠣᠯᠳᠠᠯᠭ᠎ᠠ ᠲᠠᠢ ᠵᠢᠵᠢᠭ ᠰᠠᠪᠠ ᠭᠠᠵᠠᠷ ᠤᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠵᠤ᠂ ᠡᠯᠡᠰᠦ ᠶᠢ ᠬᠠᠰᠢᠵᠤ ᠤᠰᠤ ᠶᠢ ᠰᠣᠯᠢᠬᠤ ᠲᠤᠷᠰᠢᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ ᠨᠦᠯᠦᠮᠡᠯ ᠭᠠᠵᠠᠷ ᠤᠨ ᠬᠠᠰᠢᠯᠭ᠎ᠠ ᠶᠢᠨ ᠲᠤᠭᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠤᠣᠯ ᠪᠣᠯᠬᠤ ᠭᠤᠣᠯ ᠤᠨ ᠵᠠᠮ ᠢ ᠠᠮᠤᠷ ᠲᠦᠪᠰᠢᠨ ᠰᠠᠭᠠᠳ ᠦᠭᠡᠢ ᠨᠡᠪᠳᠡᠷᠡᠬᠦᠯᠦᠨ᠎ᠡ᠃   ︵ᠭᠤᠷᠪᠠ︶ ᠦᠨᠳᠦᠰᠦᠨ ᠵᠠᠷᠴᠢᠮ   1᠂ ᠨᠢᠭᠡᠳᠦᠯᠲᠡᠢ ᠣᠳᠣᠷᠢᠳᠴᠣ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠬᠦ ᠶᠢ ᠪᠠᠷᠢᠮᠲᠠᠯᠠᠨ᠎ᠠ᠃ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠣᠯᠠᠨ ᠰᠠᠯᠠᠭ᠎ᠠ ᠮᠥᠴᠢᠷ ᠤᠨ ᠪᠡᠯᠡ ᠮᠥᠩᠭᠦ ᠪᠠ ᠬᠦᠴᠦᠨ ᠢ ᠡᠮᠬᠢᠯᠡᠨ ᠨᠡᠶᠢᠯᠡᠭᠦᠯᠵᠦ᠂ ᠰᠢᠰᠲ᠋ᠧᠮᠲᠦ ᠰᠡᠳᠬᠢᠬᠦᠢ᠂ ᠨᠢᠭᠡᠳᠦᠯᠲᠡᠢ ᠲᠥᠯᠥᠪᠯᠡᠬᠦ ᠣᠨᠣᠯᠵᠢᠬᠤᠨ ᠢᠶᠠᠷ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠠᠷᠪᠠᠨ ᠶᠡᠭᠡ ᠬᠦᠨᠳᠡᠢ ᠶᠢ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠤᠯᠠᠨ ᠰᠠᠯᠠᠭ᠎ᠠ ᠮᠥᠴᠢᠷ ᠤᠨ ᠠᠰ ᠠᠰ ᠲᠠᠭᠠᠨ ᠡᠵᠡᠨ ᠮᠡᠳᠡᠬᠦ᠂ ᠲᠤᠰ ᠲᠤᠰ ᠲᠠᠭᠠᠨ ᠵᠠᠰᠠᠬᠤ ᠶᠠᠪᠤᠳᠠᠯ ᠢ ᠡᠷᠡᠰ ᠬᠤᠷᠢᠭᠯᠠᠵᠤ᠂ ᠡᠯ᠎ᠡ ᠰᠠᠯᠠᠭ᠎ᠠ ᠮᠥᠴᠢᠷ ᠤᠨ ᠠᠷᠪᠠᠨ ᠶᠡᠭᠡ ᠬᠦᠨᠳᠡᠢ ᠳᠠᠬᠢ  ᠢᠨᠵᠧᠨᠧᠷᠢᠩ ᠤᠨ ᠲᠦᠷᠦᠯ ᠵᠦᠢᠯ ᠢ ᠦᠨᠡᠨ ᠬᠦ ᠨᠢᠭᠡᠳᠦᠯᠲᠡᠢ ᠲᠥᠯᠥᠪᠯᠡᠨ᠎ᠡ᠃   2᠂ ᠬᠠᠮᠠᠭᠠᠯᠠᠬᠤ ᠪᠠᠷ ᠭᠤᠤᠯ ᠪᠣᠯᠭᠠᠬᠤ᠂ ᠵᠠᠰᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠣᠨᠣᠪᠴᠢᠲᠠᠶ ᠡᠵᠡᠮᠳᠡᠨ᠂ ᠤᠰᠤ ᠪᠠᠷ ᠲᠣᠭᠲᠠᠭᠠᠬᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠡᠷᠡᠰ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠬᠠᠲᠠᠭᠤ ᠬᠢᠵᠠᠭᠠᠷᠯᠠᠯ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠣᠳᠣᠬᠢᠴᠢᠯᠠᠯᠲᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃   3᠂ ᠰᠢᠨᠵᠢᠯᠡᠬᠦ ᠤᠬᠠᠭᠠᠨᠴᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠤ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠎ᠠ᠃ ᠰᠠᠪᠠ ᠭᠠᠵᠠᠷ ᠤᠨ ᠵᠠᠰᠠᠯᠲᠠ ᠶᠢᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠵᠢᠵᠢᠭ ᠰᠠᠪᠠ ᠭᠠᠵᠠᠷ ᠢᠶᠠᠷ ᠵᠠᠰᠠᠯᠲᠠ ᠶᠢᠨ ᠨᠢᠭᠡᠴᠢ ᠪᠣᠯᠭᠠᠨ᠂ ᠳᠡᠭᠡᠳᠦ ᠤᠷᠤᠰᠬᠠᠯ ᠤᠨ ᠳᠣᠪᠣᠷᠬᠠᠭ ᠭᠤᠸ ᠵᠢᠯᠠᠭ᠎ᠠ ᠶᠢᠨ ᠣᠷᠣᠨ᠂ ᠳᠤᠮᠳᠠ ᠤᠷᠤᠰᠬᠠᠯ ᠤᠨ ᠰᠠᠯᠬᠢ ᠰᠢᠭᠤᠷᠭ᠎ᠠ ᠶᠢᠨ ᠣᠷᠣᠨ ᠪᠠ ᠳᠣᠣᠷᠠᠳᠤ ᠤᠷᠤᠰᠬᠠᠯ ᠤᠨ ᠲᠠᠯ᠎ᠠ ᠭᠠᠵᠠᠷ ᠤᠨ ︽ᠭᠤᠷᠪᠠᠨ ᠣᠷᠣᠨ︾ ᠢ ᠲᠥᠷᠥᠯ ᠬᠤᠪᠢᠶᠠᠨ ᠣᠷᠣᠨ ᠬᠤᠪᠢᠶᠠᠵᠤ ᠬᠠᠮᠵᠢᠯᠴᠠᠨ ᠵᠠᠰᠠᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠯ ᠢ  ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ︽ᠳᠡᠭᠡᠳᠦ ᠳᠤᠮᠳᠠ ᠳᠣᠣᠷᠠᠳᠤ ᠤᠷᠤᠰᠬᠠᠯ ᠬᠤᠯᠪᠤᠭᠠᠯᠠᠨ ᠬᠥᠳᠡᠯᠦᠯᠴᠡᠬᠦ᠂ ᠵᠡᠭᠦᠨ ᠪᠠᠷᠠᠭᠤᠨ ᠡᠷᠭᠢ ᠶᠢ ᠨᠢᠭᠡ ᠴᠣᠭᠴᠠᠵᠢᠭᠤᠯᠬᠤ᠂ ᠭᠤᠣᠯ ᠰᠠᠯᠪᠤᠷᠢ ᠤᠷᠤᠰᠬᠠᠯ ᠢ ᠨᠢᠭᠡᠳᠦᠯᠲᠡᠢ ᠲᠥᠯᠥᠪᠯᠡᠬᠦ︾ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃   4᠂ ᠠᠷᠠᠳ ᠲᠦᠮᠡᠨ ᠢ ᠳᠡᠭᠡᠳᠦᠯᠡᠵᠦ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠨ᠎ᠠ᠃ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠯᠡᠵᠦ᠂ ᠬᠠᠲᠤᠨ ᠭᠤᠣᠯ᠂ ᠡᠨᠧᠷᠭᠢ ᠶᠢᠨ ᠰᠤᠷᠪᠤᠯᠵᠢ᠂ ᠠᠮᠤ ᠪᠤᠳᠠᠭ᠎ᠠ ᠪᠠ ᠠᠵᠤ ᠦᠢᠯᠡᠰ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠶᠡᠷᠦᠩᠬᠡᠶᠢᠯᠡᠨ ᠵᠠᠰᠠᠬᠤ ᠶᠢ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠯᠦᠭᠡ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠵᠤ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠬᠢᠨᠠᠮᠠᠭᠠᠢ  ᠭᠡᠷᠡᠭᠵᠢᠬᠦᠯᠵᠤ᠂ ᠮᠠᠯᠴᠢᠨ ᠲᠠᠷᠢᠶᠠᠴᠢᠳ ᠤᠨ ᠪᠠᠶᠠᠵᠢᠨ ᠴᠢᠨᠡᠬᠡᠯᠢᠭᠵᠢᠬᠦ ᠶᠢ ᠠᠬᠢᠭᠤᠯᠤᠨ᠎ᠠ᠃    ᠭᠤᠷᠪᠠ᠂ ᠭᠤᠣᠯ ᠠᠵᠢᠯᠯᠠᠭ᠎ᠠ ᠪᠠ ᠭᠤᠣᠯᠳᠠᠯᠭ᠎ᠠ ᠲᠠᠢ ᠢᠨᠵᠧᠨᠧᠷᠢᠩ    ︵ᠨᠢᠭᠡ︶ ᠰᠠᠪᠠ ᠭᠠᠵᠠᠷ ᠢ ᠵᠠᠰᠠᠬᠤ ᠪᠠ ᠡᠯᠡᠰᠦ ᠰᠢᠪᠠᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ    1᠂ ᠨᠦᠯᠦᠮᠡᠯ ᠭᠠᠵᠠᠷ ᠤᠨ ᠬᠠᠰᠢᠯᠭ᠎ᠠ ᠶᠢᠨ ᠲᠤᠭᠳᠠᠯᠴᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ᠃ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠭᠰᠢᠬᠦᠷᠢ ᠶᠢ ᠠᠷᠢᠯᠭᠠᠨ ᠪᠠᠬᠢᠵᠢᠬᠦᠯᠬᠦ ᠢᠨᠵᠧᠨᠧᠷᠢᠩ ᠢ ᠬᠡᠷᠡᠭᠵᠢᠭᠦᠯᠵᠦ᠂ ᠨᠦᠯᠦᠮᠡᠯ ᠭᠠᠵᠠᠷ ᠤᠨ ᠬᠠᠰᠢᠯᠭ᠎ᠠ ᠶᠢᠨ ︽ᠭᠤᠷᠪᠠᠨ ᠲᠣᠮᠣ ᠵᠦᠢᠯ︾ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂  ᠬᠠᠲᠤᠨ ᠭᠤᠤᠯ ᠳᠤ ᠣᠷᠣᠬᠤ ᠡᠯᠡᠰᠦ ᠰᠢᠪᠠᠷ ᠢ ᠪᠦᠲᠦᠮᠵᠢᠲᠡᠶ ᠪᠠᠷ ᠪᠠᠭᠠᠰᠬᠠᠨ᠎ᠠ᠃ ᠨᠦᠯᠦᠮᠡᠯ ᠭᠠᠵᠠᠷ ᠤᠨ ᠬᠠᠰᠢᠯᠭ᠎ᠠ ᠶᠢ ᠰᠢᠨ᠎ᠡ ᠪᠠᠷ 30 ᠪᠠᠶᠢᠭᠤᠯᠵᠤ᠂ ᠲᠦᠭᠰᠢᠬᠦᠷᠢ ᠶᠢ ᠠᠷᠢᠯᠭᠠᠨ  ᠪᠠᠬᠢᠵᠢᠬᠦᠯᠬᠦ ᠪᠠᠷᠢᠯᠭ᠎ᠠ ᠶᠢ 19 ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    2᠂ ᠬᠥᠪᠴᠢ ᠶᠢᠨ ᠡᠯᠡᠰᠦ ᠮᠠᠩᠬ᠎ᠠ ᠶᠢᠨ ᠬᠥᠪᠡᠭᠡ ᠶᠢ ᠪᠠᠬᠢᠵᠢᠬᠦᠯᠵᠤ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ᠃ ᠲᠤᠷᠤᠭ ᠮᠣᠳᠣ᠂ ᠪᠤᠳᠠ ᠮᠣᠳᠣ  ᠡᠪᠡᠰᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠬᠥᠪᠴᠢ ᠶᠢᠨ ᠡᠯᠡᠰᠦᠨ ᠴᠦᠯ ᠤᠨ ᠬᠦᠪᠡᠭᠡ ᠶᠢ  ᠪᠠᠬᠢᠵᠢᠬᠦᠯᠬᠦ ᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠠᠮᠢᠳᠤ ᠪᠣᠳᠠᠰ ᠤᠨ ᠬᠤᠷᠢᠭᠯᠠᠬᠤ ᠪᠦᠰᠡ ᠶᠢ ᠪᠦᠷᠢᠯᠳᠦᠭᠦᠯᠵᠦ᠂ ᠡᠯᠡᠰᠦᠨ ᠴᠦᠯ ᠤᠨ ᠤᠮᠠᠷᠠᠰᠢ ᠥᠷᠭᠡᠳᠬᠦ ᠶᠢ ᠬᠤᠷᠢᠭᠯᠠᠨ᠎ᠠ᠃ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠲᠥᠪ ᠤᠨ ᠡᠳ᠋ ᠤᠨ ᠵᠠᠰᠠᠭ ᠤᠨ ᠣᠶᠢᠵᠢᠭᠤᠯᠤᠯᠲᠠ ᠳᠤ ᠨᠥᠬᠦᠪᠦᠷᠢ ᠥᠭᠬᠦ ᠪᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠵᠦ᠂ ᠬᠥᠪᠴᠢ ᠶᠢᠨ ᠡᠯᠡᠰᠦᠨ ᠤ ᠴᠢᠬᠤᠯᠠ ᠵᠠᠩᠭᠢᠯᠠᠭ᠎ᠠ ᠶᠢᠨ ᠴᠡᠭ ᠤᠨ ᠬᠥᠪᠡᠭᠡ ᠶᠢ ᠪᠠᠬᠢᠵᠢᠬᠦᠯᠵᠤ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠪᠦᠲᠦᠭᠡᠨ ᠪᠠᠶᠢᠭᠤᠯᠵᠤ᠂ 4 ᠲᠦᠮᠡᠨ ᠮᠤ᠋ ᠶᠢᠨ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶    3᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ᠃ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠤ ᠪᠢᠲᠡᠭᠦᠮᠵᠢᠯᠡᠨ ᠴᠠᠭᠠᠵᠠᠯᠠᠵᠤ ᠵᠠᠰᠠᠬᠤ ᠶᠢ ᠠᠬᠢᠭᠤᠯᠵᠤ᠂ ᠶᠡᠷᠦᠩᠬᠡᠶᠢᠯᠡᠨ ᠵᠠᠰᠠᠬᠤ ᠣᠷᠣᠨ ᠤ ᠵᠠᠰᠠᠯᠲᠠ ᠶᠢ ᠴᠢᠩᠭᠠᠳᠬᠠᠨ᠂ ᠣᠷᠣᠨ ᠪᠦᠰᠡ ᠶᠢᠨ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭ᠎ᠠ ᠲᠠᠢ ᠢᠨᠵᠧᠨᠧᠷᠢᠩ ᠤᠨ 3 ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠡᠭᠦᠷᠭᠡ ᠶᠢ 101.1 ᠲᠡᠭᠰᠢ ᠳᠥᠷᠪᠡᠯᠵᠢᠨ ᠺᠢᠯᠣᠮᠧᠲᠷ ᠬᠡᠷᠡᠭᠵᠢᠭᠦᠯᠵᠦ᠂ ᠱᠠᠨ ᠰᠢ ᠱᠠᠨᠰᠢ ᠥᠪᠥᠷ ᠮᠣᠩᠭᠤᠯ ᠤᠨ ᠡᠯᠡᠰᠦᠨ ᠴᠢᠯᠠᠭᠤᠯᠢᠭ ᠤᠨ ᠣᠷᠣᠨ ᠤ ᠠᠷᠪᠠᠨ  ᠶᠡᠭᠡ ᠬᠦᠨᠳᠡᠢ ᠶᠢᠨ ᠴᠢᠴᠠᠷᠭᠠᠨ᠎ᠠ ᠶᠢᠨ ᠠᠮᠢ ᠠᠬᠤᠢ ᠶᠢᠨ ᠡᠯᠡᠰᠦ ᠶᠢ ᠬᠤᠷᠢᠭᠯᠠᠬᠤ ᠢᠨᠵᠧᠨᠧᠷᠢᠩ ᠳᠤ 153.3 ᠲᠡᠭᠰᠢ ᠳᠥᠷᠪᠡᠯᠵᠢᠨ ᠺᠢᠯᠣᠮᠧᠲᠷ ᠴᠢᠴᠠᠷᠭᠠᠨ᠎ᠠ ᠳᠠᠷᠢᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ 5 ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 100.1 ᠲᠡᠭᠰᠢ ᠳᠥᠷᠪᠡᠯᠵᠢᠨ ᠺᠢᠯᠣᠮᠧᠲᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    4᠂ ᠡᠯᠡᠰᠦ ᠬᠠᠰᠢᠵᠤ ᠤᠰᠤ ᠰᠣᠯᠢᠬᠤ ᠲᠤᠷᠰᠢᠯᠲᠠ ᠶᠢᠨ ᠴᠢᠭ᠋ ᠤᠨ ᠢᠨᠵᠧᠨᠧᠷᠢᠩ᠃ ᠡᠯᠡᠰᠦ ᠬᠠᠰᠢᠵᠤ ᠤᠰᠤ ᠰᠣᠯᠢᠬᠤ ᠲᠤᠷᠰᠢᠯᠲᠠ ᠶᠢᠨ ᠴᠢᠭ᠋ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠣᠳᠣᠬᠢ ᠪᠠᠶᠢᠳᠠᠯ ᠢ ᠪᠦᠲᠦᠮᠵᠢᠲᠡᠶ ᠨᠠᠮᠳᠠᠭᠤᠯᠤᠨ᠎ᠠ᠃ ᠬᠠᠮᠢᠶ᠎ᠠ ᠪᠦᠬᠦᠢ ᠬᠤᠰᠢᠭᠤ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠰᠢᠷᠣᠢ ᠲᠠᠲᠠᠪᠤᠷᠢᠯᠠᠬᠤ ᠠᠵᠢᠯ ᠢ ᠲᠦᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠦᠯᠡᠳᠡᠭᠰᠡᠨ 75 ᠡᠯᠡᠰᠦᠨ ᠬᠠᠰᠢᠯᠭ᠎ᠠ ᠪᠠ ᠦᠶᠡᠷ ᠢ ᠲᠠᠲᠠᠵᠤ ᠡᠯᠡᠰᠦ ᠶᠢ ᠲᠣᠭᠲᠠᠪᠤᠷᠢᠵᠢᠭᠤᠯᠬᠤ 1 ᠢᠨᠵᠧᠨᠧᠷᠢᠩ ᠢ ᠡᠷᠲᠡᠬᠡᠨ ᠪᠡᠶᠡᠯᠡᠭᠦᠯᠦᠨ᠎ᠡ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠠᠲᠤᠨ ᠭᠤᠣᠯ ᠳᠤ ᠤᠷᠤᠬᠤ ᠡᠯᠡᠰᠦ ᠰᠢᠪᠠᠷ ᠢ ᠬᠠᠰᠢᠵᠤ ᠪᠠᠭᠠᠰᠬᠠᠬᠤ ᠪᠠᠷ ᠳᠠᠮᠵᠢᠭᠤᠯᠤᠨ᠂ 2800 ᠲᠦᠮᠡᠨ ᠪᠣᠰᠤᠭ᠎ᠠ ᠳᠥᠷᠪᠡᠯᠵᠢᠨ ᠮᠧᠲᠷ ᠬᠠᠲᠤᠨ ᠭᠤᠣᠯ ᠤᠨ ᠤᠰᠤᠨ ᠤ ᠭᠦᠢᠴᠡᠳᠬᠡᠯ ᠲᠤᠭ᠎ᠠ ᠶᠢ ᠰᠣᠯᠢᠨ᠎ᠠ ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠷᠬᠡᠰᠢᠶᠡᠬᠦ ᠪᠦᠯᠦᠭᠯᠡᠯᠲᠦ ᠬᠢᠵᠠᠭᠠᠷᠲᠤ ᠺᠣᠮᠫᠠᠨᠢ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ︶    5. ᠬᠠᠲᠤᠨ ᠭᠤᠤᠯ ᠳᠤ ᠤᠷᠤᠬᠤ ᠠᠮᠠᠰᠠᠷ ᠢ ᠥᠭᠡᠷᠡᠴᠢᠯᠡᠨ  ᠰᠠᠶᠢᠵᠢᠷᠠᠭᠤᠯᠬᠤ ᠢᠨᠵᠧᠨᠧᠷᠢᠩ᠃ ᠬᠠᠰᠢᠯᠭ᠎ᠠ ᠳᠠᠯᠠᠩ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯ ᠤᠨ ᠵᠠᠮ  ᠢ ᠮᠠᠯᠲᠠᠵᠤ  ᠵᠠᠰᠠᠵᠤ ᠨᠡᠪᠳᠡᠷᠡᠬᠦᠯᠬᠦ ᠶᠢ ᠬᠡᠷᠡᠭᠵᠢᠭᠦᠯᠦᠨ᠂ ᠬᠤᠶᠠᠷ ᠡᠷᠭᠢ ᠶᠢᠨ ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ 4 ᠬᠦᠨᠳᠡᠢ ᠶᠢᠨ ᠬᠠᠲᠤᠨ ᠭᠤᠣᠯ  ᠳᠤ ᠤᠷᠤᠬᠤ ᠠᠮᠠᠰᠠᠷ ᠲᠤ  ᠰᠠᠶᠢᠵᠢᠷᠠᠭᠤᠯᠬᠤ ᠦᠬᠡᠷᠡᠴᠢᠯᠡᠯᠲᠡ ᠬᠢᠵᠤ᠂  ᠬᠠᠲᠤᠨ ᠭᠤᠣᠯ  ᠤᠨ ᠠᠮᠠᠰᠠᠷ ᠲᠤ ᠤᠷᠤᠬᠤ ᠰᠢᠪᠠᠷ ᠰᠢᠷᠣᠢ ᠶᠢ ᠴᠡᠪᠡᠷᠯᠡᠵᠦ᠂ ᠭᠤᠣᠯ ᠢ 4 ᠺᠢᠯᠣᠮᠧᠲᠷ ᠯᠠᠶᠢᠲᠠᠵᠤ ᠵᠠᠰᠠᠵᠤ ᠨᠡᠪᠳᠡᠷᠡᠬᠦᠯᠵᠤ᠂ ᠬᠠᠰᠢᠯᠭ᠎ᠠ ᠳᠠᠯᠠᠩ ᠢ 0᠂ 8 ᠺᠢᠯᠣᠮᠧᠲᠷ ᠨᠡᠮᠡᠵᠦ  ᠪᠠᠶᠢᠭᠤᠯᠤᠨ᠂ ᠣᠰᠣ ᠤᠷᠤᠭᠤᠯᠬᠤ ᠲᠠᠯ᠎ᠠ  ᠶᠢᠨ  ᠬᠠᠭᠤᠷᠠᠢ ᠦᠷᠦᠮᠡᠯ ᠴᠢᠯᠠᠭᠤ ᠶᠢᠨ ᠬᠠᠮᠠᠭᠠᠯᠠᠬᠤ ᠨᠠᠯᠠᠣ ᠶᠢ 3᠂ 5 ᠺᠢᠯᠣᠮᠧᠲᠷ ᠪᠠᠶᠢᠭᠤᠯᠵᠤ᠂ ᠬᠠᠰᠢᠯᠭ᠎ᠠ ᠬᠠᠮᠠᠭᠠᠯᠠᠬᠤ ᠤᠢ ᠶᠢ 4᠂ 35 ᠲᠦᠮᠡᠨ ᠰᠠᠭᠤᠷᠢ ᠲᠠᠷᠢᠨ᠎ᠠ᠃ ︵ᠬᠠᠷᠢᠭᠤᠴᠠᠯᠭᠠᠲᠤ ᠨᠢᠭᠡᠴᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    6᠂ ᠲᠠᠩ ᠭᠠᠵᠠᠷ  ᠤᠨ ᠰᠠᠭᠤᠭᠠᠯᠢ ᠠᠷᠠᠳ ᠤᠨ ᠨᠡᠭᠦᠯᠭᠡᠨ ᠪᠠᠶᠢᠭᠤᠯᠬᠤ ᠢᠨᠵᠧᠨ᠋ᠧᠷᠢᠩ᠃ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠠᠩ  ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠳᠠᠯᠠᠳ ᠬᠤᠰᠢᠭᠤᠨ ᠤ ᠸᠠᠩ ᠠᠢ ᠵᠣᠣ ᠪᠠᠯᠭᠠᠰᠤᠨ ᠤ ᠳ᠋ᠧ ᠱᠧᠩ ᠲᠠᠢ ᠲᠣᠰᠬᠤᠨ ᠤ ᠲᠢᠶᠠᠨ ᠵᠢᠶᠠ ᠭᠧ ᠳ᠋ᠠᠨ  ᠨᠢᠭᠡᠳᠦᠯ ᠤᠨ 674 ᠡᠷᠦᠬᠡ ᠶᠢᠨ 1561 ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠲᠥᠷᠥᠯ ᠵᠦᠢᠯ ᠢ  ᠡᠬᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    7. ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠬᠠᠳᠤᠨ ᠭᠤᠣᠯ ᠳᠠᠭᠠᠤ ᠶᠢᠨ ᠲᠡᠭᠡᠳᠦ ᠬᠤᠷᠳᠤᠴᠠᠲᠤ ᠵᠠᠰᠠᠮᠠᠯ ᠵᠠᠮ ᠤᠨ ᠬᠤᠶᠠᠷ ᠬᠠᠵᠠᠭᠤ ᠪᠠᠷ ᠭᠤᠣᠯᠳᠠᠯᠭ᠎ᠠ  ᠪᠤᠯᠭᠠᠵᠤ᠂ ᠬᠥᠮᠥᠨ ᠤ ᠬᠦᠴᠦ ᠪᠠᠷ ᠣᠶᠢᠵᠢᠭᠤᠯᠵᠤ ᠡᠪᠡᠰᠦ ᠲᠠᠷᠢᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ ᠶᠢ ᠠᠬᠢᠭᠤᠯᠵᠤ᠂ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠵᠠᠮ ᠤᠨ ᠪᠦᠲᠦᠭᠡᠨ ᠪᠠᠶᠢᠭᠤᠯᠤᠯᠲᠠ ᠶᠢ  ᠠᠬᠢᠭᠤᠯᠤᠨ᠎ᠠ᠃ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ  ᠪᠠ ᠲᠥᠪ ᠤᠨ ᠡᠳ᠋ ᠤᠨ ᠵᠠᠰᠠᠭ  ᠤᠨ ᠣᠶᠢᠵᠢᠭᠤᠯᠤᠯᠲᠠ ᠶᠢᠨ ᠨᠥᠬᠦᠪᠦᠷᠢ ᠪᠠᠷ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠤᠢ ᠶᠢ ᠥᠭᠡᠷᠡᠴᠢᠯᠡᠬᠦ ᠪᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠦᠷᠦᠯ ᠵᠦᠢᠯ ᠢ ᠬᠡᠷᠡᠭᠵᠢᠬᠦᠯᠵᠤ᠂ 6᠂ 55 ᠲᠦᠮᠡᠨ ᠮᠤ᠋  ᠶᠢᠨ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠂ ᠡᠭᠦᠨ ᠳᠤ 5᠂ 25 ᠲᠦᠮᠡᠨ  ᠮᠤ᠋ ᠰᠢᠨ᠎ᠡ ᠪᠠᠷ ᠣᠶᠢᠵᠢᠭᠤᠯᠵᠤ᠂ 1᠂ 3 ᠲᠦᠮᠡᠨ ᠮᠤ᠋ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠤᠢ ᠶᠢ ᠥᠭᠡᠷᠡᠴᠢᠯᠡᠵᠦ᠂ ᠲᠥᠪ ᠤᠨ ᠲᠥᠰᠥᠪ  ᠢ ᠴᠢᠷᠮᠠᠶᠢᠨ ᠤᠯᠵᠤ  ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ 19 ᠲᠦᠮᠡᠨ ᠮᠦ ᠵᠦᠢᠯᠡᠰ ᠢ ᠴᠢᠷᠮᠠᠶᠢᠨ ᠪᠦᠲᠦᠬᠡᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶   ︵ᠬᠤᠶᠠᠷ︶  ᠤᠰᠤ ᠪᠠᠷ ᠲᠣᠭᠲᠠᠭᠠᠬᠤ ᠪᠠ ᠤᠰᠤ ᠠᠷᠪᠢᠯᠠᠬᠤ ᠶᠢ ᠠᠬᠢᠭᠤᠯᠬᠤ ᠠᠵᠢᠯᠯᠠᠭ᠎ᠠ   1᠂ ᠭᠠᠵᠠᠷ ᠳᠣᠣᠷᠠᠬᠢ ᠤᠰᠤ ᠶᠢ  ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠢᠨᠵᠧᠨᠧᠷᠢᠩ᠃ ᠲᠠᠯᠠᠳ ᠬᠤᠰᠢᠭᠤᠨ ᠤ ᠬᠡᠲᠦᠷᠡᠲᠡᠯ᠎ᠡ ᠮᠠᠯᠲᠠᠭᠰᠠᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠳᠠᠯᠠᠳ ᠬᠤᠰᠢᠭᠤᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ 3 ᠣᠷᠣᠨ ᠤ 25 ᠲᠦᠮᠡᠨ ᠮᠦ ᠶᠢᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠠᠬᠢᠭᠤᠯᠵᠤ᠂ ᠭᠠᠵᠠᠷ ᠳᠣᠣᠷᠠᠬᠢ  ᠤᠰᠤᠨ ᠤ ᠨᠡᠭᠡᠭᠡᠨ ᠠᠰᠢᠭᠯᠠᠯᠲᠠ  ᠶᠢᠨ 2500 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠨ᠎ᠠ᠃ ᠬᠡᠲᠦᠷᠡᠲᠡᠯ᠎ᠡ ᠮᠠᠯᠲᠠᠭᠰᠠᠨ ᠣᠷᠣᠨ ᠤ ᠡᠷᠬᠢᠨ ᠲᠣᠭᠤᠷᠢᠨ ᠤ ᠨᠤᠲᠤᠭ ᠪᠡᠯᠴᠢᠭᠡᠷ᠂ ᠣᠶᠢᠲᠤ ᠭᠠᠵᠠᠷ  ᠢ ᠲᠣᠭᠲᠠᠭᠠᠯ ᠠᠴᠠ ᠵᠥᠷᠢᠴᠡᠨ ᠬᠠᠭᠠᠯᠪᠤᠷᠢᠯᠠᠭᠰᠠᠨ ᠥᠢᠯᠡ ᠠᠵᠢᠯᠯᠠᠭ᠎ᠠ ᠶᠢ ᠵᠠᠰᠠᠬᠤ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠤᠰᠤᠯᠠᠭᠰᠠᠨ ᠲᠠᠯᠠᠪᠠᠢ ᠶᠢ 5 ᠲᠦᠮᠡᠨ  ᠮᠤ᠋ ᠪᠠᠭᠠᠰᠬᠠᠨ᠂ ᠭᠠᠵᠠᠷ ᠳᠣᠣᠷᠠᠬᠢ ᠣᠰᠣᠨ ᠤ ᠨᠡᠭᠡᠭᠡᠨ ᠠᠰᠢᠭᠯᠠᠯᠲᠠ ᠶᠢ 1500 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠨ᠎ᠠ ᠃ ︵ᠬᠠᠷᠢᠭᠤᠴᠠᠯᠭᠠᠲᠤ ᠨᠢᠭᠡᠴᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    2᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ︽ᠪᠠᠶᠢᠭᠤᠯᠬᠤ ᠶᠣᠰᠣᠲᠠᠢ ᠶᠢ ᠨᠢ ᠴᠥᠮ ᠪᠠᠶᠢᠭᠤᠯᠬᠤ︾᠂ ︽ᠶᠠᠭᠤ ᠳᠤᠲᠠᠭᠳᠠᠪᠠᠯ ᠶᠠᠭᠤ ᠶᠢ ᠨᠢ ᠨᠥᠬᠦᠪᠦᠷᠢᠯᠡᠬᠦ︾ ᠵᠠᠷᠴᠢᠮ ᠶᠣᠰᠣᠭᠠᠷ᠂ ᠨᠥᠬᠦᠴᠡᠯ ᠳᠤ ᠨᠡᠶᠢᠴᠡᠬᠦ ᠭᠠᠵᠠᠷ ᠤᠨ ᠬᠡᠰᠡᠭ ᠢ ᠣᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠲᠠᠷᠢᠶ᠎ᠠ᠂ ᠰᠢᠷᠣᠢ᠂ ᠤᠰᠤ᠂ ᠵᠠᠮ᠂ ᠤᠢ ᠰᠢᠭᠤᠢ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠶᠢ ᠶᠡᠷᠦᠩᠬᠡᠶᠢᠯᠡᠨ ᠢᠵᠢ ᠪᠦᠷᠢᠳᠦᠭᠦᠯᠬᠦ ᠶᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠦᠴᠦ ᠰᠢᠮ᠎ᠡ ᠪᠠ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ 2022 ᠣᠨ ᠤ ᠠᠷᠪᠠᠨ ᠶᠡᠭᠡ ᠬᠦᠨᠳᠡᠢ ᠶᠢᠨ ᠰᠠᠪᠠ ᠭᠠᠵᠠᠷ ᠤᠨ ᠬᠡᠪᠴᠢᠶᠡᠨ ᠳᠤ 5᠂ 8 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠢ ᠰᠢᠨ᠎ᠡ ᠪᠠᠷ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶    3᠂ ᠤᠰᠤ ᠠᠷᠪᠢᠯᠠᠬᠤ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠣᠰᠣᠨ ᠤ ᠬᠡᠮᠵᠢᠶ᠎ᠡ ᠪᠠᠷ ᠲᠤᠭᠳᠠᠭᠠᠬᠤ︾ ᠵᠠᠷᠴᠢᠮ ᠶᠣᠰᠣᠭᠠᠷ᠂ ᠭᠤᠤᠯᠳᠠᠭᠤ  ᠲᠤᠰᠤᠭᠠᠨ  ᠤᠰᠤᠯᠠᠬᠤ᠂ ᠰᠦᠷᠴᠢᠨ ᠤᠰᠤᠯᠠᠬᠤ᠂ ᠬᠠᠳᠤᠨ ᠭᠤᠣᠯ ᠳᠠᠭᠠᠤ  ᠲᠤᠳᠤᠷᠯᠠᠬᠤ ᠪᠦᠲᠦᠴᠡ ᠪᠠᠷᠢᠬᠤ ᠪᠠᠷ ᠭᠤᠣᠯ ᠠᠷᠭ᠎ᠠ ᠬᠡᠮᠵᠢᠶ᠎ᠡ ᠪᠣᠯᠭᠠᠨ᠂ ᠤᠰᠤ ᠠᠷᠪᠢᠯᠠᠬᠤ ᠤᠰᠤᠯᠠᠯᠲᠠ ᠶᠢ ᠶᠡᠬᠡᠪᠡᠷ ᠠᠬᠢᠭᠤᠯᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠮᠠᠯ ᠠᠵᠤ ᠠᠬᠤᠢ ᠵᠢᠭᠠᠰᠤᠨ ᠠᠵᠤ ᠠᠬᠤᠢ ᠤᠢ ᠰᠢᠭᠤᠢ ᠶᠢᠨ ᠦᠢᠯᠡᠰ  ᠤᠨ ᠤᠰᠤ ᠠᠷᠪᠢᠯᠠᠬᠤ ᠠᠷᠭ᠎ᠠ  ᠮᠠᠶ᠋ᠢᠭ ᠢ ᠢᠳᠡᠪᠬᠢᠲᠡᠢ ᠪᠠᠷ ᠳᠡᠯᠭᠡᠷᠡᠭᠦᠯᠵᠦ᠂ ᠲᠠᠷᠢᠶᠠᠯᠠᠩ  ᠳᠤ ᠬᠡᠷᠡᠭᠯᠡᠬᠦ ᠤᠰᠤᠨ ᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠦᠨ᠎ᠡ᠃ 2022 ᠣᠨ ᠳᠤ ᠮᠣᠩᠭᠤᠯ ᠠᠮᠤ ᠶᠢᠨ ᠦᠷ᠎ᠡ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 4500 ᠮᠦ ᠬᠡᠷᠡᠭᠵᠢᠭᠦᠯᠵᠦ᠂ ᠵᠢᠵᠢᠭ ᠬᠤᠯᠢᠮᠠᠭ ᠠᠮᠤ ᠶᠢᠨ ᠡᠭᠦᠯᠳᠡᠷ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ ᠢ 100 ᠮᠦ ᠬᠡᠷᠡᠭᠵᠢᠭᠦᠯᠦᠨ᠎ᠡ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠪᠣᠯᠬᠤ ᠳᠤ᠂ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠢ ᠠᠩᠬ᠎ᠠ ᠠᠯᠬᠤᠮ ᠪᠠᠶᠢᠭᠤᠯᠵᠤ᠂ ᠬᠡᠪ ᠤᠨ ᠪᠤᠰᠤ ᠤᠰᠤᠨ ᠤ ᠠᠰᠢᠭᠯᠠᠯᠲᠠ ᠶᠢᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    ︵ᠭᠤᠷᠪᠠ︶ ᠤᠯᠤᠰ ᠤᠨ ᠨᠤᠲᠤᠭ ᠲᠡᠪᠢᠰᠭᠡᠷ ᠢ ᠨᠣᠭᠤᠭᠠᠷᠠᠭᠤᠯᠬᠤ ᠪᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯᠯᠠᠭ᠎ᠠ    1᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢᠨ ᠲᠣᠭᠤᠷᠢᠨ ᠳᠤ᠂ ᠬᠠᠲᠤᠨ ᠭᠤᠣᠯ ᠤᠨ ᠰᠠᠪᠠ ᠭᠠᠵᠠᠷ᠂ ᠬᠤᠲᠠ ᠪᠠᠯᠭᠠᠰᠤ ᠠᠶᠢᠯ ᠲᠣᠰᠬᠤᠨ ᠤ ᠡᠷᠬᠢᠨ ᠲᠣᠭᠤᠷᠢᠨ ᠪᠠ ᠴᠢᠬᠤᠯᠠ ᠵᠠᠮ ᠬᠠᠷᠢᠯᠴᠠᠭᠠᠨ ᠤ ᠭᠤᠣᠯ ᠱᠤᠭᠤᠮ ᠤᠨ ᠬᠤᠶᠠᠷ ᠬᠠᠵᠠᠭᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠣᠶᠢᠵᠢᠭᠤᠯᠵᠤ ᠨᠣᠭᠤᠭᠠᠷᠠᠭᠤᠯᠬᠤ ᠶᠢ ᠠᠬᠢᠭᠤᠯᠵᠤ᠂  ᠬᠠᠨᠲᠠᠢ ᠶᠢᠨ ᠭᠤᠤᠯ ᠤᠨ ᠰᠠᠪᠠ ᠭᠠᠵᠠᠷ᠂ ᠱᠠᠭᠵᠠᠮᠤᠨᠢ ᠪᠠᠯᠭᠠᠰᠤ᠂  ᠽᠠᠨᠳᠠᠨ ᠵᠤᠤ ᠰᠤᠮᠤ ᠵᠡᠷᠭᠡ ᠬᠤᠲᠠ ᠪᠠᠯᠭᠠᠰᠤ ᠶᠢᠨ ᠡᠷᠬᠢᠨ ᠲᠣᠭᠤᠷᠢᠨ᠂ ᠴᠢᠬᠤᠯᠠ ᠵᠠᠮ ᠬᠠᠷᠢᠯᠴᠠᠭᠠᠨ ᠤ ᠭᠤᠣᠯ ᠱᠤᠭᠤᠮ ᠳᠤ 2300 ᠮᠦ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶     2᠂ ᠬᠥᠪᠴᠢ ᠶᠢᠨ ᠡᠯᠡᠰᠦ ᠮᠠᠩᠬ᠎ᠠ ᠶᠢ ᠵᠠᠰᠠᠬᠤ ᠢᠨᠵᠧᠨᠧᠷᠢᠩ᠃ ︽ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠬᠢᠵᠦ᠂ ᠣᠶᠢᠷ᠎ᠠ ᠠᠴᠠ ᠬᠤᠯᠠ ᠳᠤ ᠬᠦᠷᠭᠡᠬᠦ᠂ ᠬᠥᠪᠡᠭᠡ ᠶᠢ ᠨᠢ ᠪᠠᠬᠢᠵᠢᠬᠦᠯᠵᠤ᠂ ᠣᠷᠣᠨ ᠬᠤᠪᠢᠶᠠᠨ ᠵᠠᠰᠠᠬᠤ᠂ ᠪᠦᠬᠦᠯᠢ ᠴᠣᠭᠴᠠ ᠪᠠᠷ ᠨᠢ ᠠᠬᠢᠭᠤᠯᠬᠤ︾ ᠵᠠᠷᠴᠢᠮ ᠶᠣᠰᠣᠭᠠᠷ᠂ ︽ᠡᠮᠦᠨ᠎ᠡ  ᠠᠴᠠ ᠨᠢ ᠪᠦᠰᠡᠯᠡᠵᠦ  ᠠᠷᠤ ᠠᠴᠠ ᠨᠢ ᠬᠠᠭᠠᠵᠤ ᠭᠤᠤᠯ ᠢᠶᠠᠷ ᠨᠢ ᠤᠭᠲᠤᠯᠬᠤ︾ ᠠᠷᠭ᠎ᠠ ᠮᠠᠶ᠋ᠢᠭ ᠢ ᠠᠪᠴᠤ᠂ ᠬᠥᠪᠴᠢ ᠶᠢᠨ ᠡᠯᠡᠰᠦ ᠮᠠᠩᠬ᠎ᠠ ᠶᠢ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ ᠂ ᠲᠥᠪ ᠤᠨ ᠡᠳ᠋ ᠤᠨ ᠵᠠᠰᠠᠭ ᠠᠴᠠ ᠣᠶᠢᠵᠢᠭᠤᠯᠤᠯᠲᠠ ᠶᠢᠨ ᠨᠥᠬᠦᠪᠦᠷᠢ  ᠪᠠᠷ ᠴᠢᠨᠠᠷ ᠮᠠᠭᠤ ᠦᠷ᠎ᠡ ᠠᠰᠢᠭ ᠮᠠᠭᠤᠲᠠᠢ ᠣᠶ ᠰᠢᠭᠤᠢ ᠶᠢ ᠥᠭᠡᠷᠡᠴᠢᠯᠡᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ ᠢ ᠬᠡᠷᠡᠭᠵᠢᠬᠦᠯᠵᠤ᠂ 31.8 ᠲᠦᠮᠡᠨ ᠮᠦ ᠶᠢᠨ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠡᠭᠦᠨ ᠳᠤ ᠰᠢᠨ᠎ᠡ ᠪᠠᠷ 20 ᠲᠦᠮᠡᠨ ᠮᠦ ᠣᠶᠢᠵᠢᠭᠤᠯᠵᠤ᠂  ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ 5 ᠲᠦᠮᠡᠨ ᠮᠦ  ᠥᠭᠡᠷᠡᠴᠢᠯᠡᠨ ᠰᠠᠶᠢᠵᠢᠷᠠᠭᠤᠯᠵᠤ᠂ 6 ᠲᠦᠮᠡᠨ ᠮᠦ ᠶᠢᠨ ᠣᠶ ᠰᠢᠭᠤᠢ ᠶᠢ ᠠᠷᠠᠴᠢᠯᠠᠨ ᠪᠣᠶᠢᠵᠢᠭᠤᠯᠵᠤ᠂ 0.8 ᠲᠦᠮᠡᠨ ᠮᠦ ᠶᠢᠨ ᠮᠠᠭᠤᠵᠢᠷᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ ᠲᠥᠪ ᠤᠨ ᠲᠥᠰᠥᠪ ᠤᠨ ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠ ᠡᠯᠡᠰᠦ ᠶᠢ ᠰᠡᠷᠭᠡᠶᠢᠯᠡᠨ ᠵᠠᠰᠠᠬᠤ  ᠲᠥᠷᠥᠯ ᠵᠦᠢᠯ ᠢ 14 ᠲᠦᠮᠡᠨ ᠮᠦ ᠬᠡᠷᠡᠭᠵᠢᠬᠦᠯᠵᠤ᠂ ᠡᠸᠦ᠋ᠷᠦᠫᠡ ᠲᠢᠪ ᠤᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠬᠠᠲᠤᠨ ᠭᠤᠣᠯ ᠤᠨ ᠰᠠᠪᠠ ᠭᠠᠵᠠᠷ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠦᠷᠭᠦᠯᠵᠢᠯᠡᠨ 18 ᠲᠦᠮᠡᠨ ᠮᠦ ᠵᠠᠰᠠᠨ᠎ᠠ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶    3᠂ ᠳᠤᠮᠳᠠᠳᠤ ᠳᠡᠭᠡᠳᠦ ᠤᠷᠤᠰᠬᠠᠯ ᠤᠨ ᠭᠠᠵᠠᠷ ‍ᠤᠨ‌ᠣᠷᠴᠢᠨ ᠲᠣᠭᠤᠷᠢᠨ ᠢ ᠰᠡᠷᠭᠦᠭᠡᠬᠦ ᠢᠨᠵᠧᠨᠧᠷᠢᠩ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠠᠭᠤᠷᠬᠠᠢ ᠶᠢ ᠰᠡᠷᠭᠦᠭᠡᠬᠦ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠬᠡᠷᠡᠭᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠬᠤ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠳᠤ ᠣᠷᠣᠭᠤᠯᠵᠤ᠂ ᠵᠠᠰᠠᠬᠤ ᠲᠥᠰᠥᠯ ᠢ ᠤᠷᠢᠳᠴᠢᠯᠠᠨ ᠨᠠᠶᠢᠷᠠᠭᠤᠯᠤᠨ ᠵᠣᠬᠢᠶᠠᠵᠤ᠂ ᠵᠠᠰᠠᠬᠤ ᠪᠡᠯᠡ ᠮᠥᠩᠭᠦ ᠶᠢ ᠢᠳᠡᠪᠬᠢᠯᠡᠨ ᠣᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶   ︵ᠳᠥᠷᠪᠡ︶ ᠪᠣᠬᠢᠷᠳᠤᠯ ᠢ ᠰᠡᠷᠭᠡᠶᠢᠯᠡᠨ ᠵᠠᠰᠠᠬᠤ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ   1᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠃ ᠠᠮᠢ ᠠᠬᠤᠢ ᠶᠢ ᠰᠡᠷᠭᠦᠭᠡᠬᠦ ᠳᠦᠷᠢᠮ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠪᠤᠳᠤᠵᠤ ᠭᠠᠷᠭᠠᠨ ᠠᠪᠴᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢ ᠥᠷᠨᠢᠭᠦᠯᠦᠨ᠎ᠡ᠃ ᠲᠠᠯᠠᠳ ᠬᠤᠰᠢᠭᠤᠨ ᠤ 3 ᠠᠭᠤᠷᠬᠠᠢ ᠶᠢᠨ ᠠᠵᠤ ᠠᠬᠤᠶᠢᠯᠠᠯ ᠢ ᠵᠢᠯᠣᠭᠤᠳᠤᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶   2᠂ ᠰᠠᠪᠠ ᠭᠠᠵᠠᠷ  ᠤᠨ ᠪᠣᠬᠢᠷᠳᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠢᠨᠵᠧᠨᠧᠷᠢᠩ᠃ ᠠᠷᠪᠠᠨ ᠶᠡᠭᠡ  ᠬᠦᠨᠳᠡᠢ ᠶᠢᠨ ᠬᠠᠲᠤᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠲᠤᠬᠠᠢ ᠶᠢᠨ ᠲᠠᠯᠠᠪᠠᠶ ᠳᠤᠨᠢ ᠵᠢᠭᠰᠠᠭᠠᠨ ᠪᠠᠶᠢᠴᠠᠭᠠᠬᠤ᠂ ᠬᠢᠨᠠᠨ ᠰᠢᠨᠵᠢᠵᠦ ᠡᠬᠢ ᠡᠭᠦᠰᠦᠯ ᠢ ᠨᠢ ᠡᠷᠢᠬᠦ ᠪᠠ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠵᠢᠯ ᠤᠨ ᠳᠣᠲᠣᠷ᠎ᠠ ᠲᠤᠬᠠᠢ ᠶᠢᠨ ᠲᠠᠯᠠᠪᠠᠶ ᠳᠤᠨᠢ ᠵᠢᠭᠰᠠᠭᠠᠨ ᠪᠠᠶᠢᠴᠠᠭᠠᠬᠤ ᠪᠠ ᠬᠢᠨᠠᠨ ᠰᠢᠨᠵᠢᠵᠦ ᠡᠬᠢ ᠡᠭᠦᠰᠦᠯ ᠢ ᠨᠢ ᠡᠷᠢᠬᠦ ᠠᠵᠢᠯ ᠢ ᠪᠡᠶᠡᠯᠡᠭᠦᠯᠵᠦ᠂ ᠬᠠᠰᠢᠯᠭ᠎ᠠ ᠭᠤᠣᠯ ᠤᠨ ᠬᠤᠶᠢᠲᠤ ᠲᠡᠭᠦᠷᠭᠡ ᠶᠢᠨ ᠬᠠᠲᠤᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠪᠠ ᠭᠤᠸ ᠲᠧᠦ ᠶᠣᠣ ᠨᠡᠭᠦᠷᠡᠰᠦᠨ ᠠᠭᠤᠷᠬᠠᠢ ᠶᠢᠨ ᠬᠠᠲᠤᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢᠨ ᠤᠰᠤᠨ ᠤ ᠴᠢᠨᠠᠷ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠵᠢᠴᠢ ᠪᠤᠴᠠᠭᠠᠨ ᠬᠡᠷᠡᠭᠯᠡᠬᠦ ᠢᠨᠵᠧᠨᠧᠷᠢᠩ ᠢ ᠠᠬᠢᠭᠤᠯᠤᠨ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠠᠰᠢᠭᠲᠠᠢ ᠪᠠᠷ ᠠᠷᠪᠢᠯᠠᠨ ᠠᠰᠢᠭᠯᠠᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶   3᠂ ᠲᠠᠷᠢᠶᠠᠯᠠᠩ  ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠢᠨᠵᠧᠨᠧᠷᠢᠩ᠃ ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢ ᠲᠦᠷᠭᠡᠪᠴᠢᠯᠡᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠬᠢᠵᠠᠭᠠᠷᠯᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠳᠠᠯᠠᠳ ᠬᠤᠰᠢᠭᠤᠨ ᠤ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠣᠷᠣᠨ ᠪᠦᠰᠡ ᠶᠢᠨ ᠨᠥᠬᠦᠪᠦᠷᠢ ᠶᠢᠨ ᠳᠦᠷᠢᠮ ᠤᠨ ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ ᠬᠡᠷᠡᠭᠵᠢᠬᠦᠯᠦᠨ᠎ᠡ᠃ ᠪᠥᠬᠦ ᠠᠮᠢᠳᠤ ᠪᠣᠳᠠᠰ ᠤᠨ ᠵᠠᠳᠠᠷᠠᠭᠤᠯᠬᠤ ᠪᠦᠷᠬᠦᠭᠦᠯ ᠢ 2.1 ᠲᠦᠮᠡᠨ ᠮᠦ ᠳᠡᠯᠭᠡᠷᠡᠭᠦᠯᠵᠦ᠂ ᠦᠯᠡᠳᠡᠭᠳᠡᠯ ᠪᠦᠷᠬᠦᠭᠦᠯ ᠢ ᠳᠠᠬᠢᠨ 2100 ᠲᠣᠨ ᠠᠰᠢᠭᠯᠠᠬᠤ ᠶᠢ ᠪᠡᠶᠡᠯᠡᠭᠦᠯᠦᠨ᠎ᠡ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠦᠷᠦᠯ ᠵᠦᠢᠯ ᠢ 5 ᠲᠦᠮᠡᠨ ᠮᠦ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶   4᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ᠃ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠠᠷᠠᠳ ᠤᠨ ᠲᠥᠯᠥᠭᠡ ᠪᠠᠶᠢᠭᠤᠯᠬᠤ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ ᠵᠠᠷᠴᠢᠮ ᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠰᠢᠨᠡᠴᠢᠯᠡᠯᠲᠡ ᠶᠢ ᠲᠣᠬᠢᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠱᠠᠲᠤ ᠱᠠᠲᠤ ᠪᠠᠷ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ  ᠰᠠᠶᠢᠵᠢᠷᠠᠭᠤᠯᠤᠨ᠎ᠠ᠃ 300 ᠠᠷᠢᠭᠤᠨ ᠴᠡᠪᠡᠷ ᠡᠷᠦᠬᠡ ᠶᠢᠨ ᠵᠣᠷᠯᠣᠩ᠂ 60 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠭᠤᠷᠪᠠᠨ ᠮᠢᠩᠭᠠᠨ 5 ᠪᠣᠰᠤᠭ᠎ᠠ ᠳᠥᠷᠪᠡᠯᠵᠢᠨ ᠮᠧᠲᠷ ᠤᠨ ᠬᠤᠭ ᠨᠣᠪᠰᠢ ᠬᠤᠷᠢᠶᠠᠨ ᠬᠠᠳᠠᠭᠠᠯᠠᠬᠤ ᠬᠠᠶᠢᠷᠴᠠᠭ᠂ ᠠᠷᠪᠠᠨ ᠨᠠᠢᠮᠠᠨ 5 ᠪᠣᠰᠤᠭ᠎ᠠ ᠳᠥᠷᠪᠡᠯᠵᠢᠨ ᠮᠧᠲᠷ ᠤᠨ ᠴᠡᠪᠡᠷᠯᠡᠨ ᠲᠡᠭᠡᠭᠡᠪᠦᠷᠢᠯᠡᠬᠦ ᠲᠡᠷᠭᠡ ᠂ 90 ᠬᠤᠭ ᠨᠣᠪᠰᠢ ᠶᠢ ᠮᠠᠰᠢᠨ ᠢᠶᠠᠷ ᠱᠦᠭᠦᠷᠳᠡᠬᠦ ᠲᠡᠷᠭᠡ ᠶᠢ ᠢᠵᠢ ᠪᠦᠷᠢᠳᠦᠭᠦᠯᠬᠦ ᠶᠢ ᠳᠡᠮᠵᠢᠵᠦ᠂ ᠲᠡᠯᠡᠳ ᠬᠤᠰᠢᠭᠤᠨ ᠤ ᠪᠠᠢ ᠨᠢ ᠵᠢᠩ ᠪᠠᠯᠭᠠᠰᠤ᠂ ᠵᠥᠩ ᠾᠧ ᠰᠢ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ 2 ᠪᠡᠯᠡᠳᠬᠡᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠵᠦ᠂  15 ᠭᠠᠴᠠᠭ᠎ᠠ ᠲᠤᠰᠬᠤᠨ ᠳᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶   ︵ᠲᠠᠪᠤ︶ ᠠᠮᠢ ᠠᠬᠤᠢ ᠶᠢ ᠰᠡᠷᠭᠦᠭᠡᠬᠦ ᠪᠠ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ   1᠂ ᠪᠠᠶᠢᠭᠠᠯᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠨᠥᠬᠦᠵᠦ ᠳᠠᠷᠢᠵᠤ ᠨᠥᠬᠦᠵᠦ ᠤᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶ ᠮᠣᠳᠣ ᠪᠣᠶᠢᠵᠢᠭᠤᠯᠬᠤ᠂ ᠨᠢᠯᠬ᠎ᠠ ᠪᠦᠲᠦᠬᠦᠷᠡᠭᠡ ᠦᠬᠡᠢ ᠮᠣᠳᠣ ᠶᠢ ᠠᠷᠠᠴᠢᠯᠠᠨ ᠪᠣᠶᠢᠵᠢᠭᠤᠯᠬᠤ᠂ ᠪᠣᠳᠠ ᠰᠥᠭᠡᠭ ᠮᠣᠳᠣ ᠶᠢ ᠲᠡᠭᠰᠢ ᠭᠤᠤᠷᠰᠤ ᠪᠠᠷ ᠢᠳᠡᠷᠵᠢᠭᠦᠯᠬᠦ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ ᠡᠪᠡᠰᠦᠨ ᠤ ᠦᠷ᠎ᠡ ᠶᠢ ᠦᠷᠡᠵᠢᠭᠦᠯᠦᠨ ᠪᠣᠶᠢᠵᠢᠭᠤᠯᠬᠤ᠂ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠮᠠᠭᠤᠳᠠᠭᠰᠠᠨ ᠣᠶ ᠰᠢᠭᠤᠢ ᠶᠢ ᠬᠡᠰᠡᠭᠯᠡᠨ ᠰᠡᠷᠭᠦᠭᠡᠬᠦ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠠᠷᠪᠠᠨ ᠶᠡᠭᠡ ᠬᠦᠨᠳᠡᠢ ᠶᠢᠨ ᠰᠠᠪᠠ ᠭᠠᠵᠠᠷ ᠲᠤ ᠣᠶ ᠰᠢᠭᠤᠢ ᠡᠪᠡᠰᠦᠨ ᠤ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ 12.2 ᠲᠦᠮᠡᠨ ᠮᠦ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶    2᠂ ᠣᠶ ᠰᠢᠭᠤᠢ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠢᠨᠵᠧᠨᠧᠷᠢᠩ᠃ ᠣᠶ ᠰᠢᠭᠤᠢ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠪᠠᠨ ᠶᠡᠭᠡ  ᠬᠦᠨᠳᠡᠢ ᠶᠢᠨ ᠰᠠᠪᠠ ᠭᠠᠵᠠᠷ ᠲᠤ ᠴᠢᠴᠠᠷᠭᠠᠨ᠎ᠠ᠂ ᠤᠯᠠᠭᠠᠨ ᠴᠢᠪᠠᠭ᠎ᠠ᠂ ᠠᠯᠮᠤᠷᠠᠳ ᠵᠡᠷᠭᠡ ᠣᠶ ᠰᠢᠭᠤᠢ ᠡᠯᠡᠰᠦᠨ ᠤ ᠣᠨᠴᠠᠯᠢᠭᠲᠤ ᠠᠵᠤ ᠠᠬᠤᠢ ᠶᠢᠨ ᠣᠶ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠪᠤᠷᠭᠠᠰᠤᠨ ᠤ  ᠰᠢᠷᠮᠠᠳᠠᠭ ᠬᠠᠪᠲᠠᠰᠤ ᠪᠠ  ᠨᠠᠶᠢᠯᠵᠠᠭᠤᠷ ᠬᠠᠷᠠᠭᠠᠨ᠎ᠠ᠂ ᠬᠦᠷᠡᠩ ᠴᠠᠷᠭᠠᠰᠤ ᠶᠢᠨ ᠡᠪᠡᠰᠦ ᠪᠣᠷᠳᠤᠭ᠎ᠠ ᠶᠢ ᠡᠳ᠋ᠰᠢᠭᠦᠯᠬᠦ ᠵᠡᠷᠭᠡ ᠣᠶ ᠰᠢᠭᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠢ ᠬᠥᠭᠵᠢᠭᠦᠯᠦᠨ᠎ᠡ᠃ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣᠨ ᠤ ᠦᠢᠯᠡᠳᠪᠦᠷᠢᠯᠡᠯ ᠡᠵᠡᠩᠨᠡᠯᠲᠡ ᠶᠢ ᠳᠡᠮᠵᠢᠨ ᠬᠥᠭᠵᠢᠭᠦᠯᠵᠦ᠂ ᠡᠯᠡᠰᠦᠨ ᠪᠤᠷᠭᠠᠰᠤᠨ ᠤ ᠦᠷ᠎ᠡ ᠪᠠ ᠵᠤᠯᠵᠠᠭ᠎ᠠ ᠮᠣᠳᠣᠨ ᠤ ᠰᠠᠭᠤᠷᠢᠨ ᠭᠠᠵᠠᠷ ᠢ ᠳᠡᠯᠭᠡᠷᠡᠭᠦᠯᠦᠨ᠂ ᠠᠭᠤᠯᠠ ᠬᠦᠳᠡᠭᠡ ᠶᠢᠨ ᠠᠵᠤ ᠠᠬᠤᠢ ᠶᠢ ᠳᠡᠮᠵᠢᠨ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶    3᠂ ᠣᠨᠴᠠᠯᠢᠭᠲᠤ ᠠᠵᠤ ᠦᠢᠯᠡᠰ ᠢ ᠪᠣᠶᠢᠵᠢᠭᠤᠯᠬᠤ ᠢᠨᠵᠧᠨᠧᠷᠢᠩ᠃ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠵᠠᠷᠴᠢᠮ ᠶᠣᠰᠣᠭᠠᠷ᠂ ᠲᠠᠯᠠᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ᠂ ᠬᠡᠪᠴᠢᠶᠡᠵᠢᠭᠰᠡᠨ᠂ ᠡᠷᠴᠢᠮᠵᠢᠭᠰᠡᠨ᠂ ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠬᠦᠴᠦᠷᠬᠡᠭ ᠪᠠᠯᠭᠠᠰᠤ᠂ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠭᠤᠣᠯᠳᠠᠯᠭ᠎ᠠ ᠲᠠᠢ ᠲᠡᠳᠬᠦᠨ ᠪᠠᠶᠢᠭᠤᠯᠵᠤ᠂ ᠲᠠᠭᠠᠭᠤᠯᠤᠭᠴᠢ ᠠᠵᠤ ᠠᠬᠤᠶᠢᠯᠠᠯ᠂ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ᠂ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠲᠠᠯ᠎ᠠ ᠪᠠᠷ ᠲᠠᠯᠠᠳ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠡᠷᠴᠢᠮ ᠢᠶᠠᠨ ᠢᠳᠡᠪᠬᠢᠲᠡᠢ ᠪᠠᠷ ᠴᠢᠩᠭᠠᠷᠠᠭᠤᠯᠤᠨ᠎ᠠ᠃ ᠤᠯᠤᠰ ᠤᠨ ᠲᠠᠰ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ 1 ᠡᠭᠦᠳᠦᠨ ᠪᠠᠶᠢᠭᠤᠯᠵᠤ᠂ ᠰᠠᠭᠠᠯᠢ ᠶᠢᠨ ᠦᠨᠢᠶ᠎ᠡ ᠶᠢᠨ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ ᠨᠥᠬᠦᠪᠦᠷᠢ ᠶᠢᠨ ᠲᠥᠷᠥᠯ ᠵᠦᠢᠯ ᠢ ᠬᠡᠷᠡᠭᠵᠢᠭᠦᠯᠦᠨ᠂ ᠬᠤᠲᠠ ᠶᠢᠨ ᠱᠠᠲᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠵᠡᠷᠭᠡ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠬᠦ ᠲᠥᠷᠥᠯ ᠵᠦᠢᠯ ᠢ ᠲᠡᠳᠬᠦᠨ  ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶    4᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠢᠨᠵᠧᠨᠧᠷᠢᠩ᠃ ᠠᠷᠪᠠᠨ ᠶᠡᠭᠡ ᠬᠦᠨᠳᠡᠢ ᠶᠢᠨ ᠰᠠᠪᠠ ᠭᠠᠵᠠᠷ ᠤᠨ ᠬᠠᠲᠤᠨ ᠭᠤᠣᠯ ᠤᠨ ᠰᠣᠶᠣᠯ ᠢ ᠬᠠᠮᠠᠭᠠᠯᠠᠨ ᠵᠠᠯᠭᠠᠮᠵᠢᠯᠠᠨ ᠪᠠᠳᠠᠷᠠᠭᠤᠯᠵᠤ᠂ ᠠᠷᠪᠠᠨ ᠶᠡᠭᠡ  ᠬᠦᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠵᠡᠷᠭᠡ ᠪᠣᠳᠠᠲᠤ ᠠᠬᠤᠢ ᠶᠢᠨ ᠰᠡᠳᠦᠪ ᠤᠨ ᠲᠣᠭᠤᠷᠢᠨ ᠳᠤ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠭᠠᠷᠭᠠᠨ᠎ᠠ᠃  ᠠᠷᠪᠠᠨ ᠶᠡᠭᠡ ᠬᠦᠨᠳᠡᠢ ᠶᠢᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂  ᠪᠤᠳᠠᠰ ᠤᠨ ᠪᠤᠰᠤ ᠰᠤᠶᠤᠯ ᠤᠨ ᠦᠪ ᠢ ᠵᠠᠯᠭᠠᠮᠵᠢᠯᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠵᠤ ᠂ ᠠᠷᠪᠠᠨ ᠶᠡᠭᠡ ᠬᠦᠨᠳᠡᠢ ᠶᠢᠨ ᠣᠷᠣᠨ ᠤ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠲᠤᠨ ᠭᠤᠣᠯ ᠳᠠᠭᠠᠤ ᠡᠯᠡᠰᠦᠨ ᠴᠥᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠨ᠎ᠠ᠃ ᠡᠩᠬᠡᠪᠸᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠥᠪᠥᠷ ᠮᠣᠩᠭᠤᠯ ᠤᠨ ᠣᠷᠳᠣᠰ ᠤᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠩᠬᠡᠪᠸᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︔ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶    5᠂ ᠬᠡᠷᠡᠯ ᠴᠡᠨᠡᠭ ᠢᠶᠠᠷ ᠡᠯᠡᠰᠦ ᠶᠢ ᠵᠠᠰᠠᠵᠤ ᠰᠡᠷᠭᠦᠭᠡᠬᠦ ᠢᠨᠵᠧᠨᠧᠷᠢᠩ᠃ ︽ᠬᠡᠷᠡᠯ ᠴᠡᠨᠡᠭ ᠢᠶᠠᠷ ᠰᠡᠭᠦᠳᠡᠷ ᠬᠠᠯᠬᠠᠯᠠᠬᠤ᠂ ᠬᠠᠪᠲᠠᠰᠤᠨ ᠳᠡᠭᠡᠷ᠎ᠡ  ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠳᠠᠷᠢᠬᠤ᠂ ᠬᠠᠪᠲᠠᠰᠤᠨ ᠵᠠᠪᠰᠠᠷ ᠲᠤ ᠲᠡᠵᠢᠭᠡᠨ ᠦᠷᠡᠵᠢᠭᠦᠯᠬᠦ᠂ ᠬᠡᠷᠡᠯ ᠴᠡᠨᠡᠭ ᠤᠨ ᠰᠡᠯᠪᠢᠭ ᠲᠣᠨᠤᠭ ᠢ ᠤᠬᠢᠶᠠᠨ ᠴᠡᠪᠡᠷᠯᠡᠬᠦ ᠪᠠ ᠴᠠᠬᠢᠯᠭᠠᠨ ᠥᠷᠲᠡᠭᠡ ᠶᠢ ᠬᠠᠷᠢᠯᠴᠠᠨ ᠤᠶᠠᠯᠳᠤᠭᠤᠯᠬᠤ︾ ᠵᠠᠭᠪᠤᠷ ᠢ ᠠᠪᠴᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠶᠢ ᠠᠬᠢᠭᠤᠯᠵᠤ᠂ ᠤᠯᠤᠰ ᠤᠨ ᠲᠣᠮᠣ ᠬᠡᠯᠪᠡᠷᠢ ᠶᠢᠨ ᠰᠠᠭᠤᠷᠢᠨ ᠭᠠᠵᠠᠷ ᠤᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠢ ᠴᠠᠬᠢᠯᠭᠠᠨ ᠲᠣᠣᠷ ᠢ ᠨᠡᠶᠢᠯᠡᠭᠦᠯᠬᠦ ᠲᠥᠷᠥᠯ ᠵᠦᠢᠯ᠂ ᠰᠢᠨ᠎ᠡ ᠡᠨᠧᠷᠭᠢ ᠪᠠᠷ ᠤᠰᠤᠲᠥ᠋ᠷᠥᠭᠴᠢ ᠶᠢ ᠦᠶᠯᠡᠳᠬᠦ ᠲᠥᠷᠥᠯ ᠵᠦᠢᠯ᠂ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠨᠠᠩ ᠣᠯᠠᠨ ᠣᠯᠬᠤ ᠪᠠᠷ ᠴᠢᠷᠮᠠᠶᠢᠨ᠎ᠠ᠃ ᠵᠢᠯ ᠤᠨ ᠳᠣᠲᠣᠷ᠎ᠠ ᠬᠡᠷᠡᠯ ᠴᠡᠨᠡᠭ ᠢᠶᠠᠷ ᠡᠯᠡᠰᠦ ᠶᠢ ᠵᠠᠰᠠᠬᠤ 5 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 310 ᠲᠦᠮᠡᠨ ᠺᠢᠯᠣᠸᠠᠲ ᠲᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠡᠨᠧᠷᠭᠢ ᠶᠢᠨ ᠲᠣᠪᠴᠢᠶ᠎ᠠ︶    6᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠃ ᠨᠤᠲᠤᠭ ᠪᠡᠯᠴᠢᠭᠡᠷ  ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠷᠪᠠᠨ ᠶᠡᠭᠡ ᠬᠦᠨᠳᠡᠢ ᠶᠢᠨ ᠰᠠᠪᠠ ᠭᠠᠵᠠᠷ ᠤᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠭᠠᠨ ᠬᠤᠪᠢᠶᠠᠷᠢᠯᠠᠨ ᠲᠣᠭᠲᠠᠭᠠᠵᠤ᠂ ᠪᠥᠬᠦ ᠵᠢᠯ  ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠂ ᠨᠤᠲᠤᠭ ᠪᠡᠯᠴᠢᠭᠡᠷ  ᠤᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠵᠤ᠂ ᠲᠠᠷᠢᠶᠠᠴᠢᠨ ᠮᠠᠯᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ  ᠴᠢᠩᠭᠠᠳᠬᠠᠵᠤ᠂ ᠨᠤᠲᠤᠭ ᠪᠡᠯᠴᠢᠭᠡᠷ ᠤᠨ ᠠᠶᠠᠨᠳᠠᠭᠠᠨ  ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠶᠢ ᠯᠠᠪᠳᠠᠭᠤᠨ ᠢᠶᠠᠷ ᠨᠡᠮᠡᠭᠳᠡᠭᠦᠯᠦᠨ᠎ᠡ᠃ ᠵᠢᠯ ᠤᠨ ᠳᠣᠲᠣᠷ᠎ᠠ ᠲᠥᠪ ᠤᠨ ᠡᠳ᠋ ᠤᠨ ᠵᠠᠰᠠᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠦᠷᠢ ᠪᠡᠯᠡ ᠮᠥᠩᠭᠦ ᠶᠢ 1.36 ᠳ᠋ᠦᠩᠰᠢᠭᠤᠷ ᠲᠥᠭᠦᠷᠢᠭ ᠴᠢᠷᠮᠠᠶᠢᠨ ᠨᠠᠶᠢᠳᠠᠪᠤᠷᠢᠵᠢᠭᠤᠯᠵᠤ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠲᠠᠯᠠᠪᠠᠶ ᠶᠢ 780 ᠲᠦᠮᠡᠨ ᠮᠦ ᠵᠣᠬᠢᠴᠠᠭᠤᠯᠤᠨ ᠣᠷᠣᠭᠤᠯᠵᠤ᠂ ᠲᠥᠪ ᠤᠨ ᠡᠳ᠋ ᠤᠨ ᠵᠠᠰᠠᠭ ᠤᠨ ᠣᠶ ᠰᠢᠭᠤᠢ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠪᠡᠯᠡ ᠮᠥᠩᠭᠦ ᠶᠢᠨ ᠳᠡᠮᠵᠢᠯᠭᠡ  ᠲᠠᠢ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠪᠡᠯᠡ ᠮᠥᠩᠭᠦ ᠶᠢ 1.2 ᠳ᠋ᠦᠩᠰᠢᠭᠤᠷ ᠲᠦᠬᠦᠷᠢᠭ ᠤᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶    ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ    1᠂ ᠬᠠᠲᠤᠨ ᠭᠤᠣᠯ ᠳᠤ ᠤᠷᠤᠬᠤ ᠡᠯᠡᠰᠦ ᠰᠢᠪᠠᠷ ᠢ ᠬᠢᠨᠠᠨ ᠬᠡᠮᠵᠢᠬᠦ ᠢᠨᠵᠧᠨᠧᠷᠢᠩ᠃ ᠪᠥᠬᠦ ᠬᠤᠲᠠ ᠶᠢᠨ ᠬᠠᠲᠤᠨ ᠭᠤᠤᠯ ᠳᠤ ᠤᠷᠤᠬᠤ ᠰᠢᠪᠠᠷ ︵ᠰᠠᠯᠬᠢ︶ ᠡᠯᠡᠰᠦᠨ  ᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠣᠰᠣᠭᠠᠷ᠂ ᠠᠷᠪᠠᠨ ᠶᠡᠭᠡ  ᠬᠦᠨᠳᠡᠢ ᠶᠢᠨ ᠬᠠᠲᠤᠨ ᠭᠤᠣᠯ ᠳᠤ ᠣᠷᠣᠬᠤ ᠠᠮᠠᠰᠠᠷ ᠪᠦᠷᠢ ᠳᠤ 1 ᠡᠯᠡᠰᠦ ᠰᠢᠪᠠᠷ ᠢ ᠬᠢᠨᠠᠨ ᠬᠡᠮᠵᠢᠬᠦ ᠥᠷᠲᠡᠭᠡ ᠪᠠᠶᠢᠭᠤᠯᠵᠤ᠂ ᠬᠠᠲᠤᠨ ᠭᠤᠣᠯ ᠳᠠᠭᠠᠤ  ᠳᠤ 11 ᠡᠯᠡᠰᠦ ᠰᠢᠪᠠᠷ ᠢ ᠬᠢᠨᠠᠨ ᠬᠡᠮᠵᠢᠬᠦ ᠥᠷᠲᠡᠭᠡ ᠪᠠᠶᠢᠭᠤᠯᠬᠤ ᠪᠠᠷ ᠲᠥᠯᠥᠪᠵᠢᠭᠦᠯᠦᠨ᠎ᠡ᠃ ᠤᠰᠤᠨ ᠠᠰᠢᠭᠯᠠᠯᠲᠠ ᠶᠢᠨ ᠶᠠᠮᠤᠨ ᠤ ᠡᠯᠡᠰᠦ ᠰᠢᠪᠠᠷ ᠤᠨ ᠰᠤᠳᠤᠯᠭᠠᠨ ᠤ ᠪᠣᠯᠪᠠᠰᠤᠷᠠᠯ ᠤᠨ ᠲᠥᠪ ᠪᠠ ᠴᠢᠩᠬᠤᠸᠠ ᠶᠡᠭᠡ ᠰᠤᠷᠭᠠᠭᠤᠯᠢ ᠶᠢ ᠤᠷᠢᠵᠤ ᠪᠦᠬᠦ ᠬᠤᠲᠠ ᠶᠢᠨ ᠬᠠᠲᠤᠨ ᠭᠤᠣᠯ ᠤᠨ ᠡᠯᠡᠰᠦ ᠰᠢᠪᠠᠷ ᠤᠨ ᠬᠡᠮᠵᠢᠶ᠎ᠡ ᠪᠠ ᠡᠯᠡᠰᠦ ᠤᠷᠤᠰᠬᠠᠬᠤ ᠵᠢᠮ᠎ᠡ ᠶᠣᠰᠣ ᠶᠢ ᠵᠠᠳᠠᠯᠤᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶    2᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠬᠤ ᠢᠨᠵᠧᠨᠧᠷᠢᠩ᠃ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠡᠷᠴᠢᠮᠵᠢᠭᠦᠯᠦᠨ ᠠᠰᠢᠭᠯᠠᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠥᠷᠨᠢᠭᠦᠯᠦᠨ᠎ᠡ᠃ ︽ᠣᠷᠳᠣᠰ ᠤᠨ ᠬᠥᠳᠡᠭᠡ ᠲᠣᠰᠬᠤᠨ ᠢ ᠬᠦᠭᠵᠢᠬᠦᠯᠬᠦ ᠰᠤᠳᠤᠯᠭᠠᠨ ᠤ ᠬᠦᠷᠢᠶᠡᠯᠡᠩ︾ ︵ᠲᠦᠷ  ᠬᠡᠷᠡᠭᠯᠡᠬᠦ ᠨᠡᠷ᠎ᠡ︶ ᠪᠠᠶᠢᠭᠤᠯᠵᠤ᠂ ᠨᠢᠭᠡᠨᠲᠡ ᠲᠥᠷᠥᠯ ᠵᠦᠢᠯ ᠲᠣᠭᠲᠠᠭᠠᠭᠰᠠᠨ ᠠᠷᠪᠠᠨ ᠶᠡᠭᠡ  ᠬᠦᠨᠳᠡᠢ ᠶᠢ ᠶᠡᠷᠦᠩᠬᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠦᠷ᠎ᠡ ᠪᠦᠲᠦᠮᠵᠢᠲᠡᠶ ᠠᠰᠢᠭᠯᠠᠬᠤ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ᠂ ᠣᠲᠣ ᠦᠶ᠎ᠡ ᠶᠢᠨ ᠲᠠᠷᠢᠶᠠᠯᠠᠩ ᠤᠨ ᠤᠰᠤ ᠠᠷᠪᠢᠯᠠᠬᠤ ᠪᠠ ᠤᠰᠤ ᠪᠣᠷᠳᠣᠭᠤᠷ ᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ ᠠᠰᠢᠭᠯᠠᠬᠤ ᠮᠡᠷᠭᠡᠵᠢᠯ ᠤᠨ ᠰᠤᠳᠤᠯᠭᠠᠨ ᠪᠠ ᠵᠢᠱᠢᠶ᠎ᠡ ᠦᠵᠡᠭᠦᠯᠬᠦ᠂ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠯᠠᠯᠲᠠ ᠪᠠ ᠤᠰᠤ ᠲᠠᠲᠠᠷᠠᠭᠤᠯᠬᠤ ᠶᠢ ᠬᠠᠮᠵᠢᠯᠴᠠᠨ ᠲᠣᠬᠢᠷᠠᠭᠤᠯᠤᠨ ᠡᠵᠡᠮᠳᠡᠬᠦ ᠪᠠ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠵᠢᠱᠢᠶ᠎ᠡ ᠦᠵᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠪᠠᠨ ᠶᠡᠭᠡ  ᠬᠦᠨᠳᠡᠢ ᠶᠢᠨ ᠤᠰᠤ ᠡᠯᠡᠰᠦᠨ ᠤ  ᠵᠣᠬᠢᠴᠠᠯ ᠢ ᠰᠣᠳᠣᠯᠬᠤ᠂ ᠶᠡᠷᠦᠩᠬᠡᠶᠢᠯᠡᠨ ᠵᠠᠰᠠᠬᠤ᠂ ᠭᠤᠣᠯ ᠨᠠᠭᠤᠷ ᠤᠨ ᠤᠰᠤ ᠶᠢ ᠶᠡᠷᠦᠩᠬᠡᠶᠢᠯᠡᠨ ᠵᠠᠰᠠᠬᠤ ᠰᠤᠳᠤᠯᠭᠠᠨ ᠤ ᠵᠢᠱᠢᠶ᠎ᠡ ᠦᠵᠡᠭᠦᠯᠬᠦ ᠵᠡᠷᠭᠡ ᠰᠡᠳᠦᠪ ᠤᠨ ᠰᠤᠳᠤᠯᠭᠠᠨ ᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠯᠲᠠ ᠲᠠᠯᠪᠢᠬᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶    ᠳᠥᠷᠪᠡ᠂ ᠢᠨᠵᠧᠨᠧᠷᠢᠩ ᠤᠨ ᠪᠡᠯᠡ ᠣᠷᠣᠭᠤᠯᠤᠯᠲᠠ    2022 ᠣᠨ ᠳᠤ᠂ ᠠᠷᠪᠠᠨ ᠶᠡᠭᠡ ᠬᠦᠨᠳᠡᠢ ᠶᠢᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠂ ᠡᠬᠢ ᠡᠭᠦᠰᠦᠯ ᠠᠴᠠ ᠨᠢ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠶᠡᠭᠡ ᠠᠵᠢᠯᠯᠠᠭ᠎ᠠ︾ ᠶᠢ ᠪᠥᠬᠦ ᠬᠦᠴᠦᠨ ᠢᠶᠠᠷ ᠨᠠᠶᠢᠳᠠᠪᠤᠷᠢᠵᠢᠭᠤᠯᠤᠨ᠂ 25 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 17.7 ᠳ᠋ᠦᠩᠰᠢᠭᠤᠷ ︵ᠡᠨᠧᠷᠭᠢ ᠶᠢᠨ ᠲᠣᠪᠴᠢᠶ᠎ᠠ ᠶᠢᠨ ᠬᠡᠷᠡᠯ ᠴᠡᠨᠡᠭ ᠢᠶᠠᠷ ᠡᠯᠡᠰᠦ ᠶᠢ ᠵᠠᠰᠠᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠪᠡᠯᠡ ᠣᠷᠣᠭᠤᠯᠤᠯᠲᠠ ᠶᠢ ᠪᠦᠷᠢᠳᠬᠡᠭᠰᠡᠨ ᠦᠭᠡᠢ︶ ᠪᠠᠶᠢᠵᠤ᠂ ᠪᠡᠯᠡ ᠮᠥᠩᠭᠦ ᠶᠢᠨ ᠢᠷᠡᠯᠲᠡ ᠪᠠᠷ ᠬᠤᠪᠢᠶᠠᠷᠢᠯᠠᠪᠠᠯ᠄ ᠲᠥᠪ ᠤᠨ 5.78 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ 2.26 ᠳ᠋ᠦᠩᠰᠢᠭᠤᠷ ᠲᠥᠭᠦᠷᠢᠭ᠂ ᠬᠤᠲᠠ ᠶᠢᠨ ᠲᠣᠰ ᠱᠠᠲᠤᠨ ᠤ 4.92 ᠳ᠋ᠦᠩᠰᠢᠭᠤᠷ ᠲᠥᠭᠦᠷᠢᠭ᠂ ᠬᠤᠰᠢᠭᠤ ᠲᠤᠭᠤᠷᠢᠭ ᠤᠨ 1.17 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠡᠯᠡ ᠣᠷᠣᠭᠤᠯᠤᠯᠲᠠ 3.57 ᠳ᠋ᠦᠩᠰᠢᠭᠤᠷ ᠲᠥᠭᠦᠷᠢᠭ ᠪᠣᠯᠣᠨ᠎ᠠ᠃ ᠰᠠᠯᠠᠭ᠎ᠠ ᠮᠥᠴᠢᠷ  ᠢᠶᠠᠷ ᠬᠤᠪᠢᠶᠠᠷᠢᠯᠠᠪᠠᠯ᠄ ᠤᠰᠤᠨ ᠠᠰᠢᠭᠯᠠᠯᠲᠠ ᠠᠴᠠ 8.91 ᠳ᠋ᠦᠩᠰᠢᠭᠤᠷ ᠲᠥᠭᠦᠷᠢᠭ᠂ ᠣᠶ ᠰᠢᠭᠤᠢ ᠡᠪᠡᠰᠦ ᠪᠡᠯᠴᠢᠭᠡᠷ ᠠᠴᠠ 5.22 ᠳ᠋ᠦᠩᠰᠢᠭᠤᠷ ᠲᠥᠭᠦᠷᠢᠭ᠂ ᠲᠠᠷᠢᠶᠠᠯᠠᠩ ᠮᠠᠯ ᠠᠵᠤ ᠠᠬᠤᠢ ᠠᠴᠠ1.46 ᠳ᠋ᠦᠩᠰᠢᠭᠤᠷ ᠲᠥᠭᠦᠷᠢᠭ᠂ ᠪᠠᠶᠢᠭᠠᠯᠢ ᠶᠢᠨ ᠡᠬᠢ ᠪᠠᠶᠠᠯᠢᠭ ᠠᠴᠠ 0.16 ᠳ᠋ᠦᠩᠰᠢᠭᠤᠷ ᠲᠥᠭᠦᠷᠢᠭ᠂ ᠠᠮᠢ ᠠᠬᠤᠢ  ᠣᠷᠴᠢᠨ ᠲᠣᠭᠤᠷᠢᠨ  ᠠᠴᠠ 1.19 ᠳ᠋ᠦᠩᠰᠢᠭᠤᠷ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ  ᠠᠴᠠ 0.3 ᠳ᠋ᠦᠩᠰᠢᠭᠤᠷ ᠲᠥᠭᠦᠷᠢᠭ᠂ ᠰᠣᠶᠣᠯ ᠵᠢᠭᠤᠯᠴᠢᠯᠠᠯ  ᠠᠴᠠ 0.13 ᠳ᠋ᠦᠩᠰᠢᠭᠤᠷ ᠲᠥᠭᠦᠷᠢᠭ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠠᠴᠠ 0.33 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠬᠤᠪᠢᠶᠠᠷᠢᠯᠠᠪᠠᠯ᠄ ᠨᠢᠭᠡᠨᠲᠡ 17 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠲᠡᠭᠡᠷ᠎ᠡ 0.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠤᠲᠠᠭᠳᠠᠵᠤ ᠪᠠᠶᠢᠨ᠎ᠠ᠃ ᠡᠯᠡᠰᠦ ᠬᠠᠰᠢᠵᠤ ᠤᠰᠤ ᠰᠣᠯᠢᠬᠤ ᠲᠤᠷᠰᠢᠯᠲᠠ ᠶᠢᠨ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 6.43 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠤᠰᠤᠨ ᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠪᠠᠷ ᠳᠡᠮᠵᠢᠨ 4.2 ᠳ᠋ᠦᠩᠰᠢᠭᠤᠷ ᠲᠥᠭᠦᠷᠢᠭ ᠴᠤᠭᠯᠠᠭᠤᠯᠵᠤ᠂ ᠬᠤᠲᠠ ᠶᠢᠨ ᠡᠳ᠋ ᠤᠨ ᠵᠠᠰᠠᠭ  ᠠᠴᠠ 2.23 ᠳ᠋ᠦᠩᠰᠢᠭᠤᠷ ᠲᠥᠭᠦᠷᠢᠭ ᠢ ᠢᠵᠢ ᠪᠦᠷᠢᠳᠦᠭᠦᠯᠦᠨ ᠰᠢᠢᠳᠪᠦᠷᠢᠯᠡᠵᠦ᠂ ᠬᠤᠲᠠ ᠶᠢᠨ ᠡᠳ᠋ ᠤᠨ ᠵᠠᠰᠠᠭ ᠠᠴᠠ ᠨᠢᠭᠡᠨᠲᠡ ᠬᠤᠲᠠ ᠶᠢᠨ ᠱᠠᠲᠤᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠰᠦᠢᠳᠬᠡᠯ ᠤᠨ ᠳᠣᠲᠣᠷ᠎ᠠ  ᠠᠴᠠ 1.5 ᠳ᠋ᠦᠩᠰᠢᠭᠤᠷ ᠲᠥᠭᠦᠷᠢᠭ ᠲᠣᠬᠢᠷᠠᠭᠤᠯᠤᠨ᠂ 2022 ᠣᠨ ᠳᠤ ᠲᠣᠬᠢᠷᠠᠭᠤᠯᠤᠭᠰᠠᠨ ᠬᠤᠲᠠ ᠶᠢᠨ ᠱᠠᠲᠤᠨ ᠤ ᠬᠥᠷᠥᠰᠥ ᠰᠢᠷᠣᠢ ᠶᠢ ᠬᠠᠮᠠᠭᠠᠯᠠᠬᠤ 1.6 ᠳ᠋ᠦᠩᠰᠢᠭᠤᠷ ᠲᠥᠭᠦᠷᠢᠭ  ᠤᠨ  ᠪᠡᠯᠡ ᠮᠥᠩᠭᠦ ᠶᠢ  ᠪᠦᠬᠦᠨ ᠢ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠬᠤᠲᠠ ᠶᠢᠨ ᠡᠳ᠋ ᠤᠨ ᠵᠠᠰᠠᠭ  ᠠᠴᠠ ᠠᠰ ᠲᠤᠨᠢ 0.7 ᠳ᠋ᠦᠩᠰᠢᠭᠤᠷ ᠲᠥᠭᠦᠷᠢᠭ ᠲᠣᠬᠢᠷᠠᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃    ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ︵2022 ᠣᠨ ᠤ 2 ᠳ᠋ᠣᠭᠠᠷ ᠰᠠᠷ᠎ᠠ  ᠠᠴᠠ 2022 ᠣᠨ ᠤ 4  ᠳ᠋ᠣᠭᠡᠷ ᠰᠠᠷ᠎ᠠ  ᠪᠣᠯᠲᠠᠯ᠎ᠠ︶᠃ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ᠂  ᠲᠦᠷᠦᠯ ᠵᠦᠢᠯ ᠪᠠᠶᠢᠭᠤᠯᠤᠨ ᠬᠢᠨᠠᠨ  ᠵᠦᠪᠰᠢᠶᠡᠷᠡᠬᠦᠯᠬᠦ ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠦᠨ᠎ᠡ᠃ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 712 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ  ᠠᠴᠠ ᠰᠢᠭᠤᠳ ᠪᠡᠯᠡ ᠣᠷᠣᠭᠤᠯᠬᠤ᠂ ᠬᠥᠷᠥᠩᠭᠡ ᠮᠥᠩᠭᠦ ᠣᠷᠣᠭᠤᠯᠬᠤ ᠠᠷᠭ᠎ᠠ ᠮᠠᠶ᠋ᠢᠭ ᠢᠶᠠᠷ ᠪᠡᠯᠡ ᠤᠷᠤᠭᠤᠯᠤᠭᠰᠠᠨ ᠲᠥᠷᠥᠯ ᠵᠦᠢᠯ ︵ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ ᠵᠦᠢᠯ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠳᠤ᠂ ᠲᠥᠷᠥᠯ ᠵᠦᠢᠯ ᠤᠨ ᠨᠢᠭᠡᠴᠡ ᠨᠢ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠡᠷᠬᠡ ᠮᠡᠳᠡᠯ ᠪᠠ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ᠂ ᠪᠡᠯᠡ ᠣᠷᠣᠭᠤᠯᠤᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ ᠲᠡᠷᠡᠴᠢᠯᠡᠨ ᠭᠠᠵᠠᠷ ᠰᠢᠷᠣᠢ᠂ ᠣᠶ ᠰᠢᠭᠤᠢ ᠡᠪᠡᠰᠦ ᠪᠡᠯᠴᠢᠭᠡᠷ᠂ ᠣᠷᠴᠢᠨ ᠲᠣᠭᠤᠷᠢᠨ ᠤ ᠨᠦᠯᠦᠬᠡᠨ ᠤ ᠦᠨᠡᠯᠡᠯᠲᠡ᠂ ᠠᠭᠤᠷᠬᠠᠢ ᠶᠢᠨ ᠨᠡᠬᠡᠬᠡᠨ ᠠᠰᠢᠭᠯᠠᠯᠲᠠ ᠶᠢᠨ ᠬᠠᠭᠠᠭᠳᠠᠯ᠂ ᠨᠡᠶᠢᠭᠡᠮ ᠤᠨ ᠲᠣᠭᠲᠠᠭᠤᠨ ᠴᠢᠨᠠᠷ ᠤᠨ ᠵᠠᠳᠠᠯᠤᠯᠲᠠ ᠵᠡᠷᠭᠡ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠴᠢᠬᠤᠯᠠᠲᠠᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠠᠤᠯᠢ ᠲᠣᠭᠲᠠᠭᠠᠯ ᠶᠣᠰᠣᠭᠠᠷ ᠣᠷᠣᠨ ᠨᠤᠲᠤᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠳᠡᠰ ᠳᠠᠷᠠᠭᠠᠯᠠᠯ ᠢ ᠳᠥᠭᠦᠮᠴᠢᠯᠡᠵᠦ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠡᠷᠡᠭᠵᠢᠭᠦᠯᠦᠭᠰᠡᠨ ᠨᠦᠯᠦᠮᠡᠯ ᠭᠠᠵᠠᠷ ᠤᠨ ᠬᠠᠰᠢᠯᠭ᠎ᠠ ᠪᠠ ᠨᠠᠯᠠᠤ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ  ᠪᠠᠷᠢᠯ ᠢᠶᠠᠷ ᠯᠠᠪᠯᠠᠯᠲᠠ ᠪᠣᠯᠭᠠᠵᠤ᠂ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠬᠠᠮᠲᠤᠷᠠᠨ ᠳᠠᠷᠤᠮᠠᠯᠯᠠᠨ ᠲᠠᠷᠬᠠᠭᠠᠵᠤ᠂ ᠡᠯ᠎ᠡ ᠬᠤᠰᠢᠭᠤ ᠲᠣᠭᠤᠷᠢᠭ ᠨᠢ ᠬᠡᠷᠡᠭᠵᠢᠭᠦᠯᠬᠦ ᠲᠥᠰᠥᠯ ᠳᠤ ᠲᠣᠭᠲᠠᠭᠠᠭᠰᠠᠨ ᠬᠡᠷᠡᠭᠵᠢᠭᠦᠯᠬᠦ ᠬᠡᠪᠴᠢᠶ᠎ᠡ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠠᠭᠤᠯᠭ᠎ᠠ ᠪᠠ ᠪᠡᠯᠡ ᠣᠷᠣᠭᠤᠯᠤᠯᠲᠠ ᠶᠢᠨ ᠪᠠᠷᠢᠮᠵᠢᠶ᠎ᠠ ᠵᠡᠷᠭᠡ ᠶᠢ ᠦᠨᠳᠦᠰᠦᠯᠡᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ  ᠠᠴᠠ ᠵᠣᠬᠢᠶᠠᠨ ᠪᠠᠶᠢᠭᠤᠯᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠴᠣᠬᠤᠯᠠᠪᠤᠷᠢᠯᠠᠭᠤᠯᠤᠨ᠎ᠠ᠃ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ᠎ᠠ᠃ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠬᠤᠰᠢᠭᠤ ᠲᠣᠭᠤᠷᠢᠭ ᠢᠶᠠᠷ ᠨᠢᠭᠡᠴᠢ ᠪᠣᠯᠭᠠᠨ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠢ ᠪᠠᠶᠢᠭᠤᠯᠤᠨ᠎ᠠ᠃ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠵᠢᠯ ᠢ ᠲᠥᠪᠯᠡᠷᠡᠭᠦᠯᠦᠨ ᠡᠬᠢᠯᠡᠭᠦᠯᠬᠦ ᠶᠣᠰᠣᠯᠠᠯ ᠢ ᠶᠠᠪᠤᠭᠳᠠᠭᠤᠯᠤᠨ᠎ᠠ᠃    ︵ᠬᠤᠶᠠᠷ︶ ᠶᠡᠷᠦᠩᠬᠡᠶᠢᠯᠡᠨ ᠵᠠᠰᠠᠬᠤ ᠱᠠᠲᠤ ᠦᠶ᠎ᠡ ︵2022 ᠣᠨ ᠤ 4  ᠳ᠋ᠣᠭᠡᠷ ᠰᠠᠷ᠎ᠠ  ᠠᠴᠠ 2022 ᠣᠨ ᠤ 11 ᠳ᠋ᠣᠭᠡᠷ ᠰᠠᠷ᠎ᠠ ᠪᠣᠯᠲᠠᠯ᠎ᠠ︶᠃ ᠥᠷᠭᠡᠨ ᠢᠶᠠᠷ ᠲᠠᠶᠢᠴᠢᠯᠠᠵᠦ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠤᠶᠤᠨ ᠴᠢᠳᠠᠯ ᠢᠶᠠᠨ ᠰᠢᠪᠬᠠᠵᠤ᠂ ᠠᠷᠪᠠᠨ ᠶᠡᠭᠡ  ᠬᠦᠨᠳᠡᠢ ᠶᠢ  ᠶᠡᠷᠦᠩᠬᠡᠶᠢᠯᠡᠨ ᠵᠠᠰᠠᠬᠤ  ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠬᠦᠯᠦᠨ᠎ᠡ᠃ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠷᠭᠢᠯᠡᠵᠦ᠂ ᠵᠠᠰᠠᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠤᠳᠤᠯᠵᠤ ᠰᠢᠢᠳᠪᠦᠷᠢᠯᠡᠨ᠎ᠡ᠃    ︵ᠭᠤᠷᠪᠠ︶ ᠳ᠋ᠦᠩᠨᠡᠵᠦ ᠰᠢᠯᠭᠠᠨ ᠠᠪᠬᠤ ᠱᠠᠲᠤ ᠦᠶ᠎ᠡ ︵2022 ᠣᠨ ᠤ 12 ᠳ᠋ᠤᠭᠠᠷ ᠰᠠᠷ᠎ᠠ︶᠃ ᠶᠡᠷᠦᠩᠬᠡᠶᠢᠯᠡᠨ ᠵᠠᠰᠠᠭᠰᠠᠨ ᠪᠠᠶᠢᠳᠠᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠣᠨ ᠤ ᠠᠵᠢᠯ ᠤᠨ ᠮᠡᠳᠡᠭᠦᠯᠦᠯᠲᠡ ᠶᠢ ᠪᠤᠢ ᠪᠣᠯᠭᠠᠨ᠎ᠠ᠃ ᠲᠥᠷᠥᠯ ᠵᠦᠢᠯ ᠤᠨ ᠱᠠᠲᠤ ᠦᠶ᠎ᠡ ᠶᠢᠨ ᠴᠢᠨᠠᠷᠲᠠᠢ ᠬᠢᠨᠠᠨ ᠪᠤᠳᠤᠵᠤ ᠰᠢᠯᠭᠠᠨ ᠠᠪᠬᠤ ᠶᠢ ᠵᠡᠷᠭᠡ ᠳᠤᠨᠢ ᠠᠬᠢᠭᠤᠯᠵᠤ᠂ ᠵᠠᠰᠠᠭᠰᠠᠨ ᠲᠤᠷᠰᠢᠯᠭ᠎ᠠ ᠪᠠᠨ ᠳ᠋ᠦᠩᠨᠡᠨ᠂ ᠵᠠᠰᠠᠬᠤ ᠵᠠᠭᠪᠤᠷ ᠢ ᠢᠳᠡᠪᠬᠢᠲᠡᠢ ᠳᠡᠯᠭᠡᠷᠡᠭᠦᠯᠦᠨ᠎ᠡ᠃ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠷᠪᠠᠨ ᠶᠡᠭᠡ ᠲᠥᠯᠦᠪᠵᠢᠭᠦᠯᠭᠡ ᠶᠢ ᠦᠨᠳᠦᠰᠦᠯᠡᠨ᠂  ᠲᠠᠷᠠᠭ᠎ᠠ  ᠵᠢᠯ ᠤᠨ ᠠᠵᠢᠯ ᠤᠨ ᠬᠡᠷᠡᠭᠵᠢᠭᠦᠯᠬᠦ ᠲᠥᠯᠥᠪᠯᠡᠭᠡ ᠪᠠ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃    ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠡᠯ᠎ᠡ ᠬᠠᠮᠢᠶ᠎ᠠ ᠪᠦᠬᠦᠢ ᠬᠤᠲᠠ ᠶᠢᠨ ᠱᠠᠲᠤᠨ ᠤ  ᠬᠦᠨᠳᠡᠢ ᠶᠢᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠠᠬᠢᠭᠤᠯᠤᠨ᠎ᠠ᠃    ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠡᠯ᠎ᠡ ᠬᠤᠯᠪᠣᠭᠳᠠᠯ ᠪᠦᠬᠦᠢ ᠬᠤᠰᠢᠭᠤ  ᠲᠤᠭᠤᠷᠢᠭ ᠤᠨ ᠬᠢᠨ ᠵᠣᠬᠢᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠵᠠᠰᠠᠬᠤ ᠲᠥᠰᠥᠯ ᠪᠠ ᠬᠡᠷᠡᠭᠵᠢᠭᠦᠯᠬᠦ ᠲᠥᠯᠥᠪᠯᠡᠭᠡ ᠶᠢ ᠬᠢᠨᠠᠮᠠᠭᠠᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ  ᠶᠣᠰᠣᠭᠠᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠨ᠂ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠬᠦᠴᠦ ᠪᠠᠨ ᠬᠠᠮᠲᠤᠳᠬᠠᠨ  ᠠᠬᠢᠭᠤᠯᠤᠨ᠎ᠠ᠃    ︵ᠭᠤᠷᠪᠠ︶ ᠪᠡᠯᠡ ᠮᠥᠩᠭᠦ ᠶᠢᠨ ᠠᠷᠭ᠎ᠠ ᠵᠠᠮ ᠢ ᠥᠷᠭᠡᠳᠬᠡᠨ᠎ᠡ᠃ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠠᠯ᠎ᠠ ᠪᠠᠷ ᠣᠷᠣᠭᠤᠯᠤᠯᠲᠠ ᠬᠢᠵᠦ᠂ ᠪᠡᠯᠡ ᠮᠥᠩᠭᠦ ᠶᠢᠨ ᠢᠷᠡᠯᠲᠡ ᠶᠢ  ᠴᠢᠨᠠᠭᠰᠢᠳᠠ ᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ᠂ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠦᠷᠢ ᠵᠠᠷᠤᠳᠠᠯ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠪᠡᠯᠡ ᠮᠥᠩᠭᠦ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠠᠲᠤᠯᠠᠨ᠂ ᠪᠡᠯᠡ ᠮᠥᠩᠭᠦ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠪᠣᠶ ᠪᠣᠯᠭᠠᠨ᠎ᠠ᠃    ︵ᠳᠥᠷᠪᠡ︶ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠤᠳᠤᠷᠢᠳᠬᠤ ᠺᠠᠳ᠋ᠷ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠳᠦᠷᠢᠮ ᠢ ᠪᠠᠶᠢᠭᠤᠯᠵᠤ᠂ ᠲᠤᠰᠬᠠᠢ ᠠᠩᠭᠢ ᠶᠢ ᠵᠣᠬᠢᠶᠠᠨ ᠪᠠᠶᠢᠭᠤᠯᠤᠨ ᠲᠥᠪᠯᠡᠷᠡᠭᠦᠯᠦᠨ  ᠠᠵᠢᠯᠯᠠᠭᠤᠯᠵᠤ ᠶᠡᠷᠦᠩᠬᠡᠶᠢᠯᠡᠨ ᠵᠠᠰᠠᠬᠤ ᠠᠵᠢᠯ ᠢ  ᠠᠬᠢᠭᠤᠯᠵᠤ᠂ ᠡᠳᠦᠷ ᠲᠤᠲᠤᠮ ᠤᠨ ᠲᠣᠬᠢᠷᠠᠭᠤᠯᠤᠯᠲᠠ ᠬᠢᠬᠦ᠂ ᠰᠠᠯᠠᠭ᠎ᠠ ᠮᠥᠴᠢᠷ ᠬᠠᠮᠵᠢᠯᠴᠠᠬᠤ᠂ ᠬᠤᠯᠪᠤᠭᠠᠯᠠᠨ ᠬᠠᠮᠵᠢᠯᠴᠠᠬᠤ᠂ ᠮᠡᠳᠡᠭᠡ ᠵᠠᠩᠭᠢ ᠶᠢ ᠮᠡᠳᠡᠭᠡᠯᠡᠬᠦ ᠵᠡᠷᠭᠡ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠦᠨ᠎ᠡ᠃ ᠥᠨᠳᠥᠷ ᠢᠯᠭᠠᠮᠵᠢᠲᠤ ᠳᠠᠭᠠᠭᠤᠯᠢ ᠣᠳᠣᠨ ᠤ ᠲᠥᠪ᠂ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠵᠡᠷᠭᠡ ᠶᠢ ᠭᠦᠢᠴᠡᠳ ᠠᠰᠢᠭᠯᠠᠨ᠂ ᠬᠢᠨᠠᠨ ᠬᠠᠮᠢᠶᠠᠷᠴᠤ ᠬᠢᠨᠠᠨ ᠬᠡᠮᠵᠢᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠦᠨ᠎ᠡ᠃   ︵ᠲᠠᠪᠤ︶ ᠰᠢᠯᠭᠠᠨ ᠬᠢᠨᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠷᠠᠭᠤᠯᠤᠨ᠎ᠠ᠃ ᠠᠰᠠᠭᠤᠳᠠᠯ᠂ ᠦᠷ᠎ᠡ ᠪᠦᠲᠦᠮᠵᠢ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠯᠭᠠᠨ ᠬᠢᠨᠠᠬᠤ ᠬᠠᠷᠠᠯᠲᠠ ᠶᠢ ᠲᠣᠳᠣᠷᠬᠠᠶᠢᠯᠠᠵᠤ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ᠂ ᠲᠣᠰ ᠠᠵᠢᠯ ᠢ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠲᠠᠪᠤ ᠶᠢ ᠨᠢᠭᠡ ᠴᠣᠭᠴᠠᠵᠢᠭᠤᠯᠬᠤ︾ ᠪᠣᠳᠠᠲᠤ ᠠᠮᠵᠢᠯᠲᠠ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ᠂ ᠪᠣᠳᠠᠲᠠᠢ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃   ︵ᠵᠢᠷᠭᠤᠭ᠎ᠠ︶ ᠥᠷᠭᠡᠨ ᠢᠶᠠᠷ ᠤᠬᠠᠭᠤᠯᠤᠨ ᠲᠠᠶᠢᠴᠢᠯᠠᠨ᠎ᠠ᠃ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠡᠯᠴᠢᠭᠡᠷᠯᠡᠭᠦᠯᠬᠦ ᠶᠢ  ᠴᠠᠭᠠᠵᠠᠯᠠᠵᠤ ᠰᠡᠯᠬᠦᠨ ᠮᠠᠯᠵᠢᠬᠤ᠂ ᠲᠠᠩ ᠭᠠᠵᠠᠷ ᠲᠤ ᠲᠠᠷᠢᠬᠤ ᠶᠢ  ᠬᠢᠵᠠᠭᠠᠷᠯᠠᠬᠤ ᠪᠠ ᠴᠠᠭᠠᠵᠠᠯᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠶᠡᠷᠦᠩᠬᠡᠶᠢᠯᠡᠨ ᠵᠠᠰᠠᠬᠤ ᠠᠵᠢᠯ ᠳᠤ ᠣᠷᠤᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠶᠡᠷᠦᠩᠬᠡᠶᠢᠯᠡᠨ ᠵᠠᠰᠠᠬᠤ ᠠᠵᠢᠯ ᠢ ᠪᠥᠬᠦ ᠨᠡᠶᠢᠭᠡᠮ ᠢᠶᠠᠷ ᠢᠶᠠᠨ ᠳᠡᠮᠵᠢᠬᠦ᠂ ᠬᠠᠯᠠᠮᠵᠢᠯᠠᠬᠤ᠂ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃                                                                                    ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                    2022 ᠣᠨ ᠤ 4 ᠳ᠋ᠣᠭᠡᠷ ᠰᠠᠷ᠎ᠠ ᠶᠢᠨ 21 ᠤ ᠡᠳᠦᠷ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ