ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ  ᠶᠢ  ᠴᠠᠭᠠᠵᠠᠯᠠᠬᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠬᠤᠳᠠ ᠶᠢᠨ ᠠᠷᠠᠳ  ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/11/24
                                           ᠤᠷᠳᠤᠰ ᠵᠠᠰᠠᠭ ᠲᠠᠷᠬᠠᠭᠠᠭᠰᠠᠨ  ﹇2022﹈ 24  ᠳ᠋ᠣᠭᠡᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠠᠰᠢᠭᠯᠠᠨ᠂ ᠠᠮᠢ ᠠᠬᠤᠢ ᠶᠢᠨ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ᠪᠥᠬᠦ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠴᠢᠨᠠᠭᠰᠢᠳᠠ ᠴᠢᠩᠭᠠᠳᠬᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ     ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠥᠷᠨᠢᠭᠦᠯᠬᠦ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠠᠶᠢᠵᠤ᠂ ᠮᠠᠨ ᠤ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠪᠦᠲᠦᠮᠵᠢᠲᠡᠶ ᠠᠷᠭ᠎ᠠ ᠵᠠᠮ ᠮᠥᠨ᠂  ᠨᠢᠬᠡᠨ ᠦᠶ᠎ᠡ  ᠶᠢᠨ ᠴᠢᠷᠮᠠᠶᠢᠯᠠᠭ᠎ᠠ ᠪᠠᠷ ᠮᠢᠩᠭᠠᠨ ᠦᠶ᠎ᠡ ᠪᠠᠷ ᠢᠶᠠᠨ ᠠᠰᠢᠭ ᠬᠦᠷᠲᠡᠬᠦ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ  ᠪᠤᠯᠤᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠥᠬᠦ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠭᠡ ᠲᠠᠯ᠎ᠠ ᠠᠴᠠ ᠡᠭᠦᠰᠴᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠰᠡᠯᠬᠦᠨ ᠮᠠᠯᠵᠢᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠣᠳᠣᠬᠠᠨ ᠳᠤ᠂ ᠤᠯᠤᠰ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠪᠠᠶᠢᠭ᠎ᠠ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ  ᠴᠢᠨᠠᠭᠰᠢᠳᠠ  ᠲᠡᠬᠦᠯᠳᠡᠷᠵᠢᠬᠦᠯᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠠᠵᠢᠯ ᠢ ᠦᠨᠡᠨᠬᠦ ᠣᠷᠳᠣ ᠬᠤᠭᠤᠴᠠᠭᠠᠨ ᠤ ᠬᠥᠭᠵᠢᠯᠲᠡ ᠶᠢᠨ ᠶᠡᠭᠡ ᠪᠣᠳᠣᠯᠭ᠎ᠠ ᠪᠣᠯᠭᠠᠨ ᠴᠢᠩᠭ᠎ᠠ ᠠᠳᠬᠤᠵᠤ ᠨᠠᠷᠢᠯᠢᠭ ᠠᠳᠬᠤᠬᠤ ᠬᠡᠷᠡᠭᠲᠡᠢ᠃    ᠬᠤᠶᠠᠷ᠂ ᠠᠵᠢᠯ  ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ    ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ  ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠳᠤ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠷᠢᠶ᠎ᠠ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠬᠤᠪᠢᠶᠠᠷᠢᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠳᠠᠷᠠᠭᠠᠯᠠᠨ ᠭᠠᠷ ᠤᠨ ᠥᠰᠥᠭ ᠵᠢᠷᠤᠵᠤ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃    ᠭᠤᠷᠪᠠ᠂ ᠠᠵᠢᠯ  ᠤᠨ ᠭᠤᠣᠯᠳᠠᠯᠭ᠎ᠠ ᠶᠢ ᠡᠵᠡᠮᠳᠡᠬᠦ ᠬᠡᠷᠡᠭᠲᠡᠢ    ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠬᠤᠰᠢᠭᠤ  ᠲᠤᠭᠤᠷᠢᠭ ᠤᠨ ᠢᠶᠠᠨ  ᠪᠤᠲᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠨᠠᠷᠢᠯᠢᠭ ᠣᠨᠣᠴᠠᠲᠠᠢ ᠪᠠᠷ ᠬᠤᠪᠢᠶᠠᠷᠢᠯᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠪᠠ ᠴᠠᠭ ᠬᠤᠭᠤᠴᠠᠭ᠎ᠠ ᠶᠢ ᠨᠡᠶᠢᠭᠡᠮ ᠨᠡᠶᠢᠲᠡ ᠳᠤ ᠴᠠᠭ ᠲᠤᠬᠠᠢ ᠳᠤᠨᠢ ᠨᠡᠶᠢᠲᠡᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠭᠤᠣᠯ ᠪᠣᠯᠬᠤ ᠭᠠᠵᠠᠷ ᠲᠤ ᠢᠯᠡ ᠲᠣᠳᠣ ᠲᠡᠮᠳᠡᠭ ᠪᠠ ᠫᠠᠶᠢᠰᠠ ᠪᠣᠰᠬᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠨᠢ ᠪᠥᠬᠦ ᠵᠢᠯ ᠳᠤ ᠪᠡᠯᠴᠢᠭᠡᠷᠯᠡᠭᠦᠯᠵᠦ ᠪᠣᠯᠬᠤ ᠦᠭᠡᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠨᠢ ᠵᠢᠯ ᠪᠦᠷᠢ ᠶᠢᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠰᠡᠯᠬᠦᠨ ᠮᠠᠯᠵᠢᠬᠤ  ᠮᠦᠷᠲᠡᠭᠡᠨ ᠠᠳᠠᠭ ᠲᠠᠭᠠᠨ ᠭᠤᠷᠪᠠᠨ ᠰᠠᠷ᠎ᠠ  ᠰᠡᠯᠬᠦᠨ ᠮᠠᠯᠵᠢᠬᠤ ᠬᠡᠷᠡᠭᠲᠠᠢ᠃ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠬᠤ ᠬᠢᠨᠠᠨ ᠬᠠᠮᠢᠶᠠᠷᠬᠤ ᠲᠥᠰᠥᠯ ᠢ ᠲᠤᠭᠳᠠᠭᠠᠵᠤ᠂ ᠲᠤᠰᠬᠠᠢ ᠬᠥᠮᠥᠨ ᠢᠶᠠᠷ  ᠲᠠᠭᠠᠴᠢᠯᠠᠭᠤᠯᠤᠨ ᠬᠠᠮᠢᠶᠠᠷᠤᠭᠤᠯᠬᠤ ᠳᠦᠷᠢᠮ ᠢ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠡᠭᠦᠷᠭᠡ ᠪᠠᠨ ᠲᠣᠭᠲᠠᠭᠰᠠᠨ ᠴᠠᠭ ᠬᠤᠭᠤᠴᠠᠭᠠᠨ ᠳᠤ ᠪᠡᠶᠡᠯᠡᠭᠦᠯᠦᠭᠰᠡᠨ ᠦᠭᠡᠢ ᠪᠤᠶᠤ ᠳᠠᠬᠢᠨ ᠬᠠᠭᠠᠯᠪᠤᠷᠢᠯᠠᠬᠤ᠂ ᠳᠠᠬᠢᠨ ᠳᠠᠷᠢᠬᠤ ᠵᠡᠷᠭᠡ ᠦᠵᠡᠭᠳᠡᠯ ᠭᠠᠷᠤᠭᠰᠠᠨ ᠪᠠᠶᠢᠪᠠᠯ᠂ ᠬᠡᠷᠡᠭ ᠢ ᠳᠠᠭᠠᠭᠠᠴᠢᠯᠠᠭᠰᠠᠨ ᠬᠠᠷᠢᠭᠤᠴᠠᠯᠭᠠᠲᠠᠨ ᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ  ᠨᠡᠬᠡᠮᠵᠢᠯᠡᠬᠦ ᠬᠡᠷᠡᠭᠲᠠᠢ᠃    ᠳᠥᠷᠪᠡ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠠᠢ    ︽ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠥᠭᠡᠷᠡᠴᠢᠯᠡᠯᠲᠡ ᠠᠯᠪᠠᠨ ᠲᠠᠷᠬᠠᠭᠠᠭᠰᠠᠨ  ﹇2021﹈  95 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ  ᠲᠤᠭᠤᠷᠢᠭ ᠤᠳ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠳ ᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠢᠳᠬᠠᠨ ᠰᠤᠷᠭᠠᠵᠤ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠮᠠᠨ ᠤ ᠬᠤᠲᠠ ᠶᠢᠨ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠬᠢᠨ ᠬᠠᠮᠠᠭᠠᠯᠠᠬᠤ ᠬᠡᠷᠡᠭᠲᠡᠢ᠃   ᠲᠠᠪᠤ᠂ ᠪᠠᠲᠤᠯᠠᠭ᠎ᠠ  ᠶᠢᠨ ᠠᠷᠭ᠎ᠠ ᠬᠡᠮᠵᠢᠶ᠎ᠡ  ᠶᠢ ᠴᠢᠩᠭᠠᠳᠬᠠᠬᠤ ᠬᠡᠷᠡᠭᠲᠡᠢ   ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠬᠦᠨ ᠮᠠᠯᠵᠢᠬᠤ ᠠᠵᠢᠯ ᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠠᠵᠢᠯ ᠤᠨ ᠬᠡᠪ ᠤᠨ ᠡᠷᠭᠢᠯᠲᠡ ᠶᠢ ᠦᠨᠡᠨᠬᠦ ᠪᠠᠲᠤᠯᠠᠬᠤ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠱᠠᠲᠤᠨ ᠤ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠡᠮᠡᠭᠳᠡᠬᠦᠯᠵᠤ᠂ ᠲᠡᠵᠢᠭᠡᠯ ᠡᠪᠡᠰᠦ᠂ ᠲᠡᠵᠢᠭᠡᠯ ᠪᠣᠷᠳᠤᠭ᠎ᠠ ᠵᠡᠷᠭᠡ ᠶᠢ ᠨᠥᠭᠡᠴᠡᠯᠡᠨ ᠬᠠᠩᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂  ᠪᠡᠯᠴᠢᠬᠡᠷᠯᠡᠬᠦᠯᠬᠦ ᠴᠠᠭᠠᠵᠠᠯᠠᠬᠤ ᠰᠡᠯᠬᠦᠨ ᠮᠠᠯᠵᠢᠬᠤ ᠠᠵᠢᠯ ᠢ ᠤᠷᠤᠭᠰᠢᠲᠠᠢ ᠥᠷᠨᠢᠭᠦᠯᠬᠦ ᠳᠤ ᠠᠰᠢᠭᠲᠠᠢ ᠨᠥᠬᠦᠴᠡᠯ ᠢ ᠡᠭᠦᠳᠦᠨ ᠥᠭᠴᠦ᠂ ︽ᠴᠠᠭᠠᠵᠠᠯᠠᠵᠤ ᠳᠡᠶᠢᠯᠬᠦ᠂ ᠰᠠᠶᠢᠲᠤᠷ ᠬᠠᠮᠢᠶᠠᠷᠴᠤ ᠳᠡᠶᠢᠯᠬᠦ᠂ ᠳᠠᠬᠢᠨ ᠰᠡᠷᠭᠦᠭᠡᠬᠦ ᠦᠭᠡᠢ ᠪᠠᠶᠢᠬᠤ︾ ᠶᠢ ᠦᠨᠡᠨᠬᠦ ᠪᠠᠲᠤᠯᠠᠬᠤ ᠬᠡᠷᠡᠭᠲᠡᠢ᠃   ᠵᠢᠷᠭᠤᠭ᠎ᠠ᠂ ᠤᠬᠠᠭᠤᠯᠭ᠎ᠠ ᠬᠥᠮᠦᠵᠢᠯ  ᠢ ᠴᠢᠩᠭᠠᠳᠬᠠᠬᠤ ᠬᠡᠷᠡᠭᠲᠡᠢ   ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠷᠠᠳᠢᠣ᠋ ᠲᠧᠯᠸᠢᠰ᠂ ᠸᠢᠴᠠᠲ ᠤᠨ ᠲᠠᠪᠴᠠᠩ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠵᠤ᠂ ᠲᠤᠬᠠᠢ ᠶᠢᠨ ᠲᠠᠯᠠᠪᠠᠶ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠷᠢᠶ᠎ᠠ ᠯᠣᠽᠦ᠋ᠩ ᠨᠠᠭᠠᠬᠤ᠂ ᠠᠶᠢᠯ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠲᠠᠢ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ  ᠰᠡᠯᠬᠦᠨ ᠮᠠᠯᠵᠢᠬᠤ ᠳᠦᠷᠢᠮ᠂ ᠨᠤᠲᠤᠭ ᠪᠡᠯᠴᠢᠭᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ᠬᠠᠰᠢᠶᠠᠯᠠᠨ ᠲᠡᠵᠢᠭᠡᠬᠦ᠂ ᠲᠣᠭᠤᠷᠢᠭ ᠬᠤᠪᠢᠶᠠᠨ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠮᠡᠷᠭᠡᠵᠢᠯ ᠢ ᠢᠳᠡᠪᠬᠢᠲᠡᠢ ᠳᠡᠯᠬᠡᠷᠡᠬᠦᠯᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠵᠦᠢ ᠵᠣᠬᠢᠰᠲᠠᠢ ᠪᠠᠷ ᠠᠰᠢᠭᠯᠠᠭᠤᠯᠤᠨ᠂ ᠮᠠᠯᠴᠢᠨ ᠲᠠᠷᠢᠶᠠᠴᠢᠳ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ  ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠢ ᠬᠠᠯᠠᠮᠵᠢᠯᠠᠬᠤ᠂ ᠨᠤᠲᠤᠭ ᠪᠡᠯᠴᠢᠭᠡᠷ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃                                                                                                            ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                2022 ᠣᠨ ᠤ 3 ᠳ᠋ᠣᠭᠠᠷ ᠰᠠᠷ᠎ᠠ ᠶᠢᠨ 15 ᠤ ᠡᠳᠦᠷ  
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ