ᠡᠬᠡ ᠨᠢᠯᠬᠠᠰ ᠤᠨ ᠡᠷᠡᠬᠦᠯ ᠮᠡᠨᠳᠦ  ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ  ᠴᠢᠨᠠᠭᠰᠢᠳᠠ ᠴᠢᠩᠭᠠᠳᠬᠠᠬᠤ ᠬᠡᠷᠡᠭᠵᠢᠬᠦᠯᠬᠦ ᠳᠥᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ 
ᠨᠡᠶᠢᠲᠡᠯᠡᠭᠰᠡᠨ ᠴᠠᠭ᠄
2022/11/24
                                   ᠣᠷᠳᠣᠰ ᠵᠠᠰᠠᠭ ᠠᠯᠪᠠᠨ ᠲᠠᠷᠬᠠᠭᠠᠭᠰᠠᠨ  ﹇2022 ﹈ 29 ᠳ᠋ᠣᠭᠡᠷ ᠲᠣᠭᠠᠲᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ︽ᠣᠷᠳᠣᠰ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                                                                                                                                                ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                             2022 ᠣᠨ ᠤ 3 ᠳ᠋ᠣᠭᠠᠷ ᠰᠠᠷ᠎ᠠ ᠶᠢᠨ 19 ᠤ ᠡᠳᠦᠷᠤᠷᠳᠤᠰ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ  ᠤ ᠲᠤᠭᠳᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠬᠡᠷᠡᠭᠵᠢᠬᠦᠯᠬᠦ ᠳᠥᠰᠦᠯ     ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 17 ᠳ᠋ᠤᠭᠠᠷ ᠲᠣᠭᠠᠲᠤ︶ ᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠡᠷᠡᠭᠦᠯ ᠡᠩᠬᠡ ᠣᠷᠳᠣᠰ ᠤᠨ ᠠᠵᠢᠯᠯᠠᠭ᠎ᠠ ᠶᠢ ᠬᠦᠴᠦᠲᠡᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠰᠥᠯ ᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠬᠡᠦᠬᠡᠳ ᠠᠪᠴᠤ ᠪᠤᠯᠬᠤ︾ ᠦᠷᠡᠵᠢᠯ ᠤᠨ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠦᠷᠡᠵᠢᠯ ᠤᠨ ᠦᠢᠯᠡᠴᠢᠯᠡᠭᠡᠨ ᠤ  ᠲᠤᠭᠳᠠᠯᠴᠠᠭ᠎ᠠ ᠶᠢ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠦᠷᠡᠵᠢᠯ ᠲᠠᠢ ᠬᠤᠯᠪᠣᠭᠳᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠪᠥᠬᠦ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃    ᠬᠤᠶᠠᠷ᠂ ᠬᠥᠭᠵᠢᠯᠲᠡ ᠶᠢᠨ ᠬᠠᠷᠠᠯᠲᠠ    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠪᠠᠷ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠪᠠᠷ ᠲᠥᠪ ᠪᠣᠯᠭᠠᠵᠤ ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠤᠯᠭᠠᠭᠰᠠᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠢ ᠡᠮᠨᠡᠯᠭᠡ ᠶᠢᠨ ᠬᠤᠷᠢᠶ᠎ᠠ ᠪᠠᠷ ᠲᠤᠯᠭᠠᠭᠤᠷᠢᠯᠠᠯ  ᠪᠤᠯᠭᠠᠭᠰᠠᠨ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠪᠠᠷ ᠨᠥᠬᠦᠪᠦᠷᠢ  ᠪᠤᠯᠭᠠᠭᠰᠠᠨ᠂ ᠡᠷᠡᠬᠦᠯᠵᠢᠯ ᠬᠢᠬᠡᠳ ᠡᠮᠴᠢᠯᠡᠭᠡ ᠶᠢ ᠬᠠᠷᠢᠯᠴᠠᠨ ᠣᠶᠠᠯᠳᠤᠭᠤᠯᠤᠭᠰᠠᠨ᠂ ᠪᠥᠬᠦ ᠬᠤᠲᠠ ᠶᠢ ᠬᠠᠮᠤᠷᠤᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃    ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ    1᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠎ᠠ᠃ ᠡᠯ᠎ᠡ ᠬᠤᠰᠢᠭᠤ ᠲᠤᠭᠤᠷᠢᠭ ᠤᠨ  ᠬᠢᠨ ᠡᠬᠡ ᠨᠢᠯᠬᠠᠰ ᠤᠨ  ᠡᠷᠡᠬᠦᠯᠵᠢᠯ ᠤᠨ ᠪᠠᠶᠢᠭᠤᠯᠤᠮᠵᠢ ᠶᠢ ᠲᠤᠬᠠᠢ ᠶᠢᠨ ᠭᠠᠵᠠᠷ ᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ᠪᠠ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ︵ᠪᠦᠲᠦᠭᠡᠨ ᠪᠠᠶᠢᠭᠤᠯᠤᠯᠲᠠ ﹇2017﹈ 248 ᠳ᠋ᠤᠭᠠᠷ ᠲᠣᠭᠠᠲᠤ︶᠂ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠬᠢᠭᠡᠳ ᠵᠢᠷᠤᠮᠵᠢᠭᠤᠯᠬᠤ ᠬᠠᠮᠢᠶᠠᠷᠤᠯᠲᠠ ᠶᠢᠨ ᠲᠤᠬᠠᠢ ᠵᠢᠯᠤᠭᠤᠳᠬᠤ ᠰᠠᠨᠠᠯ︾ ︵ᠤᠯᠤᠰ ᠡᠷᠡᠭᠦᠯ ᠬᠠᠮᠠᠭᠠᠯᠠᠯ ᠡᠬᠡ ᠨᠢᠯᠬᠠᠰ ᠲᠠᠷᠬᠠᠭᠠᠭᠰᠠᠨ ﹇2015﹈ 54 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠬᠤᠲᠠ᠂ ᠬᠤᠰᠢᠭᠤ ᠲᠣᠭᠤᠷᠢᠭ ᠪᠦᠬᠦᠨ ᠳᠤ ᠡᠬᠡ ᠨᠢᠯᠬᠠᠰ ᠤᠨ ᠡᠷᠡᠬᠦᠯᠵᠢᠯ ᠤᠨ ᠪᠠᠷᠢᠮᠵᠢᠶᠠᠵᠢᠭᠰᠠᠨ ᠪᠠᠶᠢᠭᠤᠯᠤᠮᠵᠢ ᠪᠠᠶᠢᠭᠤᠯᠬᠤ ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠠᠷ᠂ ᠬᠤᠲᠠ ᠶᠢᠨ ᠲᠠᠰ ᠪᠠ ᠡᠵᠡᠨ ᠬᠤᠷᠤᠭ᠎ᠠ ᠬᠤᠰᠢᠭᠤ᠂ ᠳᠠᠯᠠᠳ ᠬᠤᠰᠢᠭᠤᠨ ᠤ ᠡᠬᠡ ᠨᠢᠯᠬᠠᠰ ‍ᠤᠨ‌ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠡᠬᠡ ᠨᠢᠯᠬᠠᠰ ᠤᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ ᠪᠣᠯᠭᠠᠨ ᠪᠠᠶᠢᠭᠤᠯᠵᠤ᠂ ᠦᠦᠰᠢᠨ ᠬᠤᠰᠢᠭᠤ᠂ ᠳ᠋ᠦᠩᠱᠧᠩ ᠲᠣᠭᠤᠷᠢᠭ ᠤᠨ ᠡᠬᠡ ᠨᠢᠯᠬᠠᠰ  ᠤᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠡᠬᠡ ᠨᠢᠯᠬᠠᠰ ᠤᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ  ᠪᠣᠯᠭᠠᠨ ᠪᠠᠶᠢᠭᠤᠯᠵᠤ᠂ ᠪᠤᠰᠤᠳ ᠬᠤᠰᠢᠭᠤ ᠲᠣᠭᠤᠷᠢᠭ ᠲᠤ ᠴᠥᠮ ᠬᠤᠶᠠᠳᠤᠭᠠᠷ ᠳᠡᠰ ᠤᠨ ᠡᠬᠡ ᠨᠢᠯᠬᠠᠰ ᠤᠨ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ  ᠪᠣᠯᠭᠠᠨ ᠪᠠᠶᠢᠭᠤᠯᠤᠨ᠎ᠠ᠃    2᠂ ᠬᠥᠩᠭᠡᠵᠢᠭᠦᠯᠬᠦ ᠡᠮᠨᠡᠯᠬᠡ ᠶᠢᠨ ᠪᠠᠶᠢᠭᠤᠯᠤᠮᠵᠢ ᠶᠢᠨ ᠬᠥᠩᠭᠡᠵᠢᠭᠦᠯᠬᠦ ᠡᠮᠨᠡᠯᠬᠡ ᠶᠢᠨ ᠰᠠᠯᠠᠭ᠎ᠠ ᠪᠣᠯᠣᠨ ᠬᠡᠦᠬᠡᠳ ᠤᠨ ᠡᠮᠨᠡᠯᠬᠡ ᠶᠢᠨ ᠰᠠᠯᠠᠭᠠᠨ ᠤ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠬᠥᠩᠭᠡᠵᠢᠭᠦᠯᠬᠦ  ᠡᠮᠨᠡᠯᠬᠡ ᠶᠢᠨ ᠪᠠᠶᠢᠭᠤᠯᠤᠮᠵᠢ ᠶᠢᠨ ᠡᠮᠡᠭᠲᠡᠢ ᠶᠢᠨ ᠡᠮᠨᠡᠯᠬᠡ ᠶᠢᠨ ᠰᠠᠯᠠᠭ᠎ᠠ᠂ ᠬᠡᠦᠬᠡᠳ ᠤᠨ ᠡᠮᠨᠡᠯᠬᠡ ᠶᠢᠨ ᠰᠠᠯᠠᠭ᠎ᠠ ᠵᠡᠷᠭᠡ ᠲᠤᠰᠬᠠᠢ ᠮᠡᠷᠭᠡᠵᠢᠯ ᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠳᠤ ᠣᠷᠣᠭᠤᠯᠵᠤ᠂  ᠡᠮᠡᠭᠲᠠᠢ ᠶᠢᠨ ᠡᠮᠨᠡᠯᠬᠡ ᠶᠢᠨ ᠰᠠᠯᠠᠭ᠎ᠠ᠂ ᠬᠦᠩᠬᠡᠵᠢᠬᠦᠯᠬᠦ ᠡᠮᠨᠡᠯᠬᠡ ᠶᠢᠨ ᠰᠠᠯᠠᠭ᠎ᠠ᠂ ᠬᠡᠦᠬᠡᠳ ᠤᠨ ᠡᠮᠨᠡᠯᠬᠡ ᠶᠢᠨ ᠰᠠᠯᠠᠭᠠᠨ ᠤ ᠰᠠᠯᠠᠭ᠎ᠠ ᠲᠠᠰᠤᠭ ᠤᠨ ᠪᠠᠶᠢᠭᠤᠯᠤᠯᠲᠠ  ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠳᠤ᠂ ᠭᠤᠷᠪᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠥᠩᠭᠡᠵᠢᠭᠦᠯᠬᠦ ᠡᠮᠨᠡᠯᠬᠡ ᠶᠢᠨ ᠰᠠᠯᠠᠭ᠎ᠠ ᠶᠢ ᠰᠠᠯᠭᠠᠨ ᠪᠠᠶᠢᠷᠢᠯᠠᠭᠤᠯᠵᠤ᠂ ᠪᠣᠶ ᠪᠦᠬᠦᠢ ᠬᠤᠶᠠᠳᠤᠭᠠᠷ ᠳᠡᠰ ᠵᠢᠴᠢ ᠬᠤᠶᠠᠳᠤᠭᠠᠷ ᠳᠡᠰ ᠠᠴᠠ ᠳᠡᠭᠡᠭᠰᠢᠬᠢ ᠬᠥᠩᠭᠡᠵᠢᠭᠦᠯᠬᠦ ᠦᠢᠯᠡᠴᠢᠯᠡᠭᠡ ᠲᠠᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠴᠥᠮ ᠪᠡᠶ᠎ᠡ ᠪᠠᠨ ᠳᠠᠭᠠᠭᠠᠭᠰᠠᠨ ᠨᠢᠷᠠᠢ ᠬᠡᠦᠬᠡᠳ ᠤᠨ ᠡᠮᠨᠡᠯᠬᠡ ᠶᠢᠨ ᠰᠠᠯᠠᠭ᠎ᠠ ︵ᠲᠠᠰᠤᠭ︶ ᠲᠣᠬᠢᠷᠠᠭᠤᠯᠵᠤ᠂ ᠬᠤᠰᠢᠭᠤ ᠲᠣᠭᠤᠷᠢᠭ ᠨᠢᠭᠡᠪᠦᠷᠢ ᠳᠤ ᠨᠠᠭᠠᠲᠤ ᠵᠠᠬ᠎ᠠ ᠳᠠᠭᠠᠨ 1 ᠬᠤᠰᠢᠭᠤ ᠲᠣᠭᠤᠷᠢᠭ ᠤᠨ ᠲᠠᠰ ᠤᠨ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠰᠠᠯᠠᠭ᠎ᠠ ᠳᠤ ᠵᠣᠬᠢᠬᠤ ᠲᠣᠭᠠᠨ ᠤ ᠡᠪᠡᠳᠴᠢᠲᠡᠨ ᠤ ᠥᠷᠥᠭᠡ ᠲᠣᠬᠢᠷᠠᠭᠤᠯᠵᠤ᠂ ᠪᠣᠶ ᠪᠦᠬᠦᠢ ᠬᠤᠰᠢᠭᠤ ᠲᠣᠭᠤᠷᠢᠭ ᠤᠨ ᠲᠠᠰ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠳᠤ ᠴᠥᠮ ᠬᠥᠩᠭᠡᠵᠢᠭᠦᠯᠬᠦ ᠡᠮᠨᠡᠯᠬᠡ ᠶᠢᠨ ᠰᠠᠯᠠᠭ᠎ᠠ᠂ ᠬᠡᠦᠬᠡᠳ ᠤᠨ ᠡᠮᠨᠡᠯᠬᠡ ᠶᠢᠨ ᠰᠠᠯᠠᠭ᠎ᠠ ᠭᠠᠷᠭᠠᠨ᠎ᠠ︔ ᠮᠢᠩᠭᠠᠨ ᠬᠡᠦᠬᠡᠳ ᠪᠦᠷᠢ ᠳᠤ ᠨᠣᠭᠳᠠᠬᠤ ᠬᠡᠦᠬᠡᠳ ᠤᠨ ᠰᠠᠯᠠᠭᠠᠨ ᠤ ᠡᠮᠴᠢ ᠶᠢᠨ ᠲᠤᠭ᠎ᠠ ᠶᠢ 0.8 ᠳᠤ ᠬᠦᠷᠭᠡᠵᠦ᠂ ᠮᠢᠩᠭᠠᠨ ᠬᠡᠦᠬᠡᠳ ᠪᠦᠷᠢ ᠳᠤ ᠨᠣᠭᠳᠠᠬᠤ ᠬᠦᠩᠬᠡᠵᠢᠬᠦᠯᠬᠦ ᠡᠮᠨᠡᠯᠬᠡ ᠶᠢᠨ ᠰᠠᠯᠠᠭᠠᠨ ᠤ ᠡᠪᠡᠳᠴᠢᠲᠡᠨ ᠤ ᠣᠷᠣ ᠶᠢᠨ ᠲᠤᠭ᠎ᠠ ᠶᠢ 17 ᠳᠤ ᠬᠦᠷᠭᠡᠵᠦ᠂ ᠮᠢᠩᠭᠠᠨ ᠬᠡᠦᠬᠡᠳ  ᠪᠦᠷᠢ ᠳᠤ ᠨᠣᠭᠳᠠᠬᠤ ᠬᠡᠦᠬᠡᠳ ᠤᠨ ᠡᠪᠡᠳᠴᠢᠲᠡᠨ ᠤ ᠣᠷᠣ ᠶᠢᠨ ᠲᠤᠭ᠎ᠠ ᠶᠢ 2.2  ᠲᠤ ᠬᠦᠷᠭᠡᠨ᠎ᠡ᠃    3᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠦᠯᠵᠢᠶᠡᠨ ᠤ ᠰᠠᠭᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠬᠦᠯᠵᠢᠯ ᠤᠨ ᠠᠵᠢᠯ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠡᠬᠡ ᠨᠢᠯᠬᠠᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠤᠮᠵᠢ ᠲᠠᠢ᠂ ᠠᠵᠢᠯᠲᠠᠨ ᠲᠠᠢ᠂ ᠴᠢᠳᠠᠪᠤᠷᠢ ᠲᠠᠢ ᠨᠠᠶᠢᠳᠠᠪᠤᠷᠢᠵᠢᠭᠤᠯᠬᠤ ᠶᠢ ᠦᠨᠡᠨᠬᠦ  ᠪᠠᠲᠤᠯᠠᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ᢭ ᠤᠨ ᠦᠢᠯᠡᠴᠢᠯᠡᠭᠡᠨ ᠤ ᠲᠥᠪ ᠨᠢ ᠡᠬᠡ ᠨᠢᠯᠬᠠᠰ ᠤᠨ ᠡᠷᠡᠬᠦᠯᠵᠢᠯ ᠤᠨ ᠲᠤᠰᠬᠠᠢ ᠮᠡᠷᠭᠡᠵᠢᠯ᢭ ᠤᠨ ᠠᠵᠢᠯᠲᠠᠨ ᠢ  ᠪᠦᠷᠢᠨ ᠲᠣᠬᠢᠷᠠᠭᠤᠯᠵᠤ᠂ ᠡᠬᠡ ᠨᠢᠯᠬᠠᠰ ᠤᠨ ᠡᠷᠡᠬᠦᠯᠵᠢᠯ ᠤᠨ ᠠᠵᠢᠯ ᠢ ᠲᠤᠰᠬᠠᠶᠢᠯᠠᠨ ᠬᠢᠨ᠎ᠡ᠃    4᠂ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ  ᠴᠢᠩᠭᠠᠳᠬᠠᠨ᠎ᠠ᠃ ᠪᠦᠬᠦ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠬᠦᠯᠳᠡᠷᠵᠢᠬᠦᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯᠵᠢᠯ ᠤᠨ ᠪᠠᠶᠢᠭᠤᠯᠤᠮᠵᠢ ᠨᠤᠭᠤᠳ ᠴᠥᠮ ᠪᠦᠬᠦ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠡᠷᠡᠭᠦᠯ ᠡᠩᠬᠡ ᠣᠷᠳᠣᠰ ᠤᠨ APP ︵ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠷ ᠠᠪᠤᠯᠭ᠎ᠠ ᠶᠢᠨ APP︶ ᠶᠢ ᠬᠡᠷᠡᠭᠯᠡᠵᠦ᠂ ᠡᠮᠴᠢᠯᠡᠭᠡᠨ ᠤ ᠲᠤᠭ᠎ᠠ ᠪᠠᠷᠢᠮᠲᠠ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠬᠢᠭᠡᠳ ᠪᠥᠬᠦ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠵᠣᠯᠭᠠᠭᠤᠯᠵᠤ᠂ ᠡᠮᠴᠢᠯᠡᠭᠡ ᠬᠢᠭᠡᠳ ᠡᠷᠡᠭᠦᠯᠵᠢᠯ ᠤᠨ ᠲᠤᠭ᠎ᠠ ᠪᠠᠷᠢᠮᠲᠠ ᠶᠢ ᠬᠠᠷᠢᠯᠴᠠᠨ ᠭᠠᠷᠭᠠᠨ ᠠᠪᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠤᠲᠠ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠭᠤᠷᠪᠠᠨ ᠱᠠᠲᠤᠨ ᠤ ᠰᠦᠯᠵᠢᠶᠡᠨ ᠤ ᠮᠡᠳᠡᠭᠡ ᠵᠠᠩᠬᠢᠴᠢᠯᠠᠯᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾ ᠶᠢᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠠᠯᠤᠰ ᠡᠵᠡᠮᠰᠢᠯᠲᠦ ᠡᠮᠴᠢᠯᠡᠭᠡ᠂  ᠰᠦᠯᠵᠢᠶ᠎ᠡ ᠪᠠᠷ ᠣᠨᠣᠰᠢᠯᠠᠨ ᠡᠮᠨᠡᠬᠦ᠂ ᠪᠣᠯᠵᠣᠵᠤ ᠣᠨᠣᠰᠢᠯᠠᠨ ᠡᠮᠨᠡᠬᠦ᠂ ᠮᠡᠷᠭᠡᠵᠢᠯ ᠤᠨ ᠪᠤᠯᠪᠠᠰᠣᠷᠠᠯ ᠬᠦᠷᠲᠡᠬᠡᠬᠦ ᠪᠠ ᠲᠤᠬᠠᠶᠢᠯᠠᠭᠰᠠᠨ ᠠᠵᠢᠯ ᠤᠨ ᠵᠢᠭᠠᠨ ᠵᠢᠯᠤᠭᠤᠳᠬᠤ ᠠᠵᠢᠯ ᠢ ᠥᠷᠨᠢᠭᠦᠯᠦᠨ᠎ᠡ᠃   ︵ᠬᠤᠶᠠᠷ︶ ᠡᠬᠡ ᠨᠢᠯᠬᠠᠰ ᠤᠨ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ    1᠂ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠡᠬᠡ ᠨᠢᠯᠬᠠᠰ ᠤᠨ ᠡᠷᠡᠬᠦᠯᠵᠢᠯ ᠪᠠ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢᠲᠠᠨ ᠢ ᠪᠥᠬᠦ ᠬᠤᠲᠠ ᠶᠢᠨ ᠡᠮᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ  ᠪᠤᠯᠪᠠᠰᠣᠷᠠᠯ ᠤᠨ ᠲᠥᠯᠦᠪᠵᠢᠭᠦᠯᠭᠡ ᠳᠤ ᠣᠷᠣᠭᠤᠯᠵᠤ᠂ ᠣᠬᠤᠷ ᠬᠤᠭᠤᠴᠠᠭᠠᠨ ᠤ ᠳᠠᠪᠲᠠᠨ  ᠪᠤᠯᠪᠠᠰᠣᠷᠠᠬᠤ᠂ ᠠᠵᠢᠯ ᠤᠨ ᠪᠠᠶᠢᠷᠢ ᠶᠢ ᠨᠢ ᠰᠣᠯᠢᠵᠤ ᠪᠤᠯᠪᠠᠰᠣᠷᠠᠯ ᠬᠦᠷᠲᠡᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠡ ᠨᠢᠯᠬᠠᠰ ᠤᠨ  ᠡᠷᠡᠬᠦᠯᠵᠢᠯ ᠪᠠ ᠡᠮᠴᠢᠯᠡᠭᠡᠨ ᠤ ᠭᠤᠣᠯᠯᠠᠭᠴᠢ ᠴᠢᠳᠠᠪᠤᠷᠢᠲᠠᠨ ᠢ ᠬᠥᠮᠥᠵᠢᠭᠦᠯᠦᠨ᠎ᠡ᠃ ᠦᠨᠳᠦᠰᠦᠨ ᠱᠠᠲᠤᠨ ᠤ ᠡᠬᠡ ᠨᠢᠯᠬᠠᠰ ᠤᠨ ᠮᠡᠷᠭᠡᠵᠢᠯ ᠤᠨ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠬᠥᠮᠦᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠬᠡᠷᠡᠭᠯᠡᠭᠡᠨ ᠤ ᠬᠡᠯᠪᠡᠷᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠯ᠎ᠡ ᠱᠠᠲᠤᠨ ᠤ ᠡᠮᠴᠢᠯᠡᠭᠡ ᠡᠷᠡᠬᠦᠯᠵᠢᠯ ᠤᠨ ᠪᠠᠶᠢᠭᠤᠯᠤᠮᠵᠢ ᠨᠤᠭᠤᠳ  ᠡᠮᠡᠭᠲᠡᠢ ᠶᠢᠨ᠂ ᠬᠡᠦᠬᠡᠳ ᠤᠨ ᠡᠮᠨᠡᠯᠬᠡ ᠶᠢᠨ ᠰᠠᠯᠠᠭᠠᠨ ᠤ ᠡᠮᠴᠢ᠂ ᠡᠬᠡ ᠪᠠᠷᠢᠭᠴᠢ ᠵᠡᠷᠭᠡ ᠪᠠᠴᠢᠮ ᠲᠤᠲᠠᠭᠳᠠᠵᠤ ᠪᠠᠶᠢᠭ᠎ᠠ ᠬᠥᠮᠥᠰ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮ ᠬᠡᠯᠪᠡᠷᠢ ᠪᠦᠬᠦᠢ ᠴᠢᠳᠠᠪᠤᠷᠢᠲᠠᠨ ᠪᠠ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠴᠢᠳᠠᠪᠤᠷᠢᠲᠠᠨ ᠢ ᠬᠦᠮᠦᠵᠢᠬᠦᠯᠦᠨ᠎ᠡ᠃    2᠂ ᠴᠢᠳᠠᠪᠤᠷᠢᠲᠠᠨ ᠢ ᠤᠷᠢᠨ ᠡᠯᠰᠡᠵᠤ ᠣᠷᠣᠭᠤᠯᠤᠨ ᠠᠪᠴᠢᠷᠠᠬᠤ ᠶᠢ ᠴᠢᠩᠭᠠᠳᠬᠠᠨ᠎ᠠ᠃ ︽ᠣᠷᠳᠣᠰ ᠬᠤᠲᠠ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︵ᠣᠷᠳᠣᠰ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠳᠡᠭᠡᠳᠦ ᠲᠠᠰ ᠤᠨ ᠴᠢᠳᠠᠪᠤᠷᠢᠲᠠᠨ ᠪᠠ ᠪᠠᠴᠢᠮ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠠᠷᠭ᠎ᠠ︾ ︵ᠣᠷᠳᠣᠰ ᠠᠵᠢᠯᠲᠠᠨ ᠨᠡᠶᠢᠭᠡᠮ ᠲᠠᠷᠬᠠᠭᠠᠭᠰᠠᠨ ﹇2021﹈ 216 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠪᠠᠲᠤᠯᠠᠭ᠎ᠠ ᠲᠠᠢ  ᠪᠠᠷ ᠣᠷᠣᠭᠤᠯᠤᠨ ᠠᠪᠴᠢᠷᠠᠬᠤ ᠪᠠ  ᠴᠢᠯᠦᠬᠡᠲᠠᠢ ᠪᠠᠷ ᠣᠷᠣᠭᠤᠯᠤᠨ ᠠᠪᠴᠢᠷᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠪᠠ ᠠᠷᠭ᠎ᠠ ᠵᠠᠮ ᠤᠨ ᠰᠢᠨ᠎ᠡ ᠶᠢ ᠡᠭᠦᠳᠴᠦ᠂ ᠥᠨᠳᠥᠷ ᠲᠠᠰ ᠳᠠᠪᠬᠤᠷᠭ᠎ᠠ ᠶᠢᠨ ᠡᠬᠡ ᠨᠢᠯᠬᠠᠰ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠎ᠠ︔ ᠬᠠᠩᠭᠠᠯᠭ᠎ᠠ ᠬᠡᠷᠡᠭᠴᠡᠭᠡ ᠨᠢ ᠲᠤᠶᠢᠯ ᠤᠨ ᠪᠠᠴᠢᠮ ᠪᠠᠶᠢᠭ᠎ᠠ  ᠡᠮᠡᠭᠲᠠᠢ ᠶᠢᠨ ᠡᠮᠨᠡᠯᠭᠡ ᠶᠢᠨ ᠰᠠᠯᠠᠭᠠᠨ ᠤ ᠡᠮᠴᠢ᠂ ᠬᠡᠦᠬᠡᠳ ᠤᠨ  ᠡᠮᠨᠡᠯᠬᠡ ᠶᠢᠨ ᠰᠠᠯᠠᠭᠠᠨ ᠤ ᠡᠮᠴᠢ᠂ ᠡᠬᠡ ᠪᠠᠷᠢᠭᠴᠢ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠵᠤ  ᠡᠯᠰᠡᠬᠦ ᠨᠥᠬᠦᠴᠡᠯ ᠢ ᠵᠣᠬᠢᠰᠲᠠᠢ ᠪᠠᠷ ᠠᠭᠤᠵᠢᠭᠤ ᠲᠠᠯᠪᠢᠵᠤ  ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠡᠵᠡᠨ ᠮᠡᠳᠡᠨ ᠬᠥᠮᠥᠨ ᠬᠡᠷᠡᠭᠯᠡᠬᠦ ᠡᠷᠬᠡ ᠶᠢ ᠭᠦᠢᠴᠡᠳ ᠨᠠᠶᠢᠳᠠᠪᠤᠷᠢᠵᠢᠭᠤᠯᠤᠨ᠎ᠠ᠃   3᠂ ᠴᠠᠯᠢᠩ ᠤᠯᠭᠤᠮᠵᠢ ᠶᠢᠨ ᠤᠷᠮᠠᠰᠢᠭᠤᠯᠤᠯ ᠢ  ᠴᠢᠩᠭᠠᠳᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠣᠲᠣᠭᠠᠳᠤ  ᠳᠠᠬᠢ ᠬᠤᠪᠢᠶᠠᠷᠢᠯᠠᠯᠲᠠ᠂ ᠮᠡᠷᠭᠡᠵᠢᠯ ᠤᠨ ᠴᠣᠯᠠ ᠲᠡᠪᠰᠢᠬᠦ ᠵᠡᠷᠭᠡ ᠲᠠᠯ᠎ᠠ ᠪᠠᠷ ᠬᠥᠩᠭᠡᠵᠢᠭᠦᠯᠬᠦ ᠡᠮᠨᠡᠯᠬᠡ ᠶᠢᠨ ᠰᠠᠯᠠᠭᠠᠨ ᠤ ᠡᠮᠴᠢ᠂ ᠬᠡᠦᠬᠡᠳ ᠤᠨ  ᠡᠮᠨᠡᠯᠬᠡ ᠶᠢᠨ ᠰᠠᠯᠠᠭᠠᠨ ᠤ ᠡᠮᠴᠢ᠂ ᠡᠬᠡ ᠪᠠᠷᠢᠭᠴᠢ᠂ ᠰᠤᠪᠢᠯᠠᠭᠴᠢ ᠵᠡᠷᠭᠡ ᠳᠤ ᠵᠣᠬᠢᠬᠤ ᠬᠠᠷᠠᠭᠠᠯᠵᠠᠯ ᠦᠵᠡᠭᠦᠯᠵᠦ᠂ ᠮᠣᠷᠠᠯ  ᠴᠢᠳᠠᠪᠤᠷᠢ ᠠᠵᠢᠯ ᠤᠨ ᠠᠮᠵᠢᠯᠲᠠ ᠪᠦᠲᠦᠮᠵᠢ ᠶᠢᠨ ᠤᠳᠤᠷᠢᠳᠤᠮᠵᠢ ᠶᠢ ᠲᠣᠪᠤᠶᠢᠯᠭᠠᠨ᠂ ᠡᠮᠴᠢᠯᠡᠭᠡᠨ ᠤ ᠠᠵᠢᠯ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠭᠦᠢᠴᠡᠳᠬᠡᠯ ᠲᠤᠭ᠎ᠠ ᠶᠢ ᠨᠡᠮᠡᠭᠳᠡᠭᠦᠯᠵᠦ᠂ ᠦᠷ᠎ᠡ ᠪᠦᠲᠦᠭᠡᠯ ᠤᠨ ᠲᠥᠯᠥᠭᠡᠯᠡᠬᠦ ᠪᠦᠲᠦᠭᠡᠯ ᠤᠨ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠥᠭᠦᠯᠡᠯ ᠤᠨ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠰᠤᠯᠠᠷᠠᠭᠤᠯᠤᠨ᠎ᠠ᠃ ᠡᠮᠴᠢ ᠰᠤᠪᠢᠯᠠᠭᠴᠢ ᠶᠢᠨ ᠬᠠᠷᠠᠭᠠᠯᠵᠠᠯ ᠢ ᠰᠠᠶᠢᠵᠢᠷᠠᠭᠤᠯᠵᠤ᠂ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ ᠨᠡᠮᠡᠭᠳᠡᠭᠦᠯᠦᠨ᠎ᠡ᠃   ︵ᠭᠤᠷᠪᠠ︶ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ   1. ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ   ᠨᠢᠭᠡ ᠳᠤ ᠪᠠᠴᠢᠮ ᠲᠦᠭᠰᠢᠬᠦᠷᠢ ᠬᠦᠨᠳᠦ ᠬᠡᠮ ᠲᠠᠢ ᠡᠪᠡᠳᠴᠢᠲᠡᠨ ᠢ ᠠᠪᠤᠷᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠬᠦᠨᠳᠦ  ᠲᠦᠭᠰᠢᠬᠦᠷᠢ ᠡᠪᠡᠳᠴᠢᠨ ᠲᠠᠢ  ᠵᠢᠷᠮᠦᠰᠦᠯᠡᠭᠰᠡᠨ ᠡᠮᠡᠭᠲᠡᠢ᠂ ᠬᠦᠨᠳᠦ ᠲᠦᠭᠰᠢᠬᠦᠷᠢ ᠡᠪᠡᠳᠴᠢᠨ ᠲᠠᠢ ᠨᠢᠷᠠᠢ ᠬᠡᠦᠬᠡᠳ ᠪᠠ ᠬᠦᠨᠳᠦ  ᠲᠦᠭᠰᠢᠬᠦᠷᠢ ᠡᠪᠡᠳᠴᠢᠨ ᠲᠠᠢ ᠬᠡᠦᠬᠡᠳ ᠢ ᠠᠪᠤᠷᠠᠨ ᠡᠮᠨᠡᠬᠦ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠬᠦᠨᠳᠦ  ᠲᠦᠭᠰᠢᠬᠦᠷᠢ ᠡᠪᠡᠳᠴᠢᠨ‌‍ᠲ᠋ᠠᠢ ᠵᠢᠷᠮᠦᠰᠦᠯᠡᠭᠰᠡᠨ ᠡᠮᠡᠭᠲᠡᠢ ᠪᠠ ᠨᠢᠷᠠᠢ ᠬᠡᠦᠬᠡᠳ ᠢ ᠰᠢᠯᠵᠢᠭᠦᠯᠦᠨ ᠣᠨᠣᠰᠢᠯᠠᠬᠤ ᠪᠠ ᠠᠪᠤᠷᠠᠨ ᠡᠮᠨᠡᠬᠦ ᠲᠣᠣᠷ ᠰᠦᠯᠵᠢᠶ᠎ᠡ ᠶᠢ  ᠲᠡᠬᠦᠯᠳᠡᠷᠵᠢᠬᠦᠯᠵᠤ᠂ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠪᠠᠴᠢᠮ  ᠲᠦᠭᠰᠢᠬᠦᠷᠢ ᠬᠦᠨᠳᠦ ᠭᠡᠮ ᠲᠠᠢ  ᠡᠪᠡᠳᠴᠢᠲᠡᠨ ᠢ ᠠᠪᠤᠷᠠᠨ ᠡᠮᠨᠡᠬᠦ ᠰᠠᠭᠠᠳ ᠦᠭᠡᠢ ᠨᠡᠪᠲᠡᠷᠡᠬᠦ ᠵᠠᠮ ᠢ  ᠨᠡᠪᠲᠡᠷᠡᠭᠦᠯᠦᠨ᠎ᠡ᠃   ᠬᠤᠶᠠᠷ ᠲᠤ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ᠃ ᠪᠦᠬᠦ ᠬᠤᠳᠠ ᠶᠢᠨ ᠬᠦᠩᠬᠡᠵᠢᠬᠦᠯᠬᠦ ᠡᠮᠨᠡᠯᠬᠡ᠂ ᠬᠡᠦᠬᠡᠳ ᠤᠨ ᠡᠮᠨᠡᠯᠬᠡ ᠶᠢᠨ ᠰᠠᠯᠠᠭ᠎ᠠ ᠪᠠ ᠨᠢᠷᠠᠢ ᠬᠡᠦᠬᠡᠳ ᠤᠨ ᠡᠮᠨᠡᠯᠬᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠳᠠ ᠶᠢᠨ  ᠬᠦᠩᠬᠡᠵᠢᠬᠦᠯᠬᠦ ᠡᠮᠨᠡᠯᠬᠡ᠂ ᠬᠡᠦᠬᠡᠳ ᠤᠨ ᠡᠮᠨᠡᠯᠬᠡ ᠶᠢᠨ ᠰᠠᠯᠠᠭ᠎ᠠ ᠪᠠ ᠨᠢᠷᠠᠢ ᠬᠡᠦᠬᠡᠳ ᠤᠨ  ᠡᠮᠨᠡᠯᠬᠡ ᠶᠢᠨ ᠰᠠᠯᠠᠭᠠᠨ ᠤ ᠡᠮᠴᠢᠯᠡᠭᠡᠨ ᠤ ᠶᠠᠰᠤ ᠴᠢᠨᠠᠷ ᠠᠮᠤᠷ ᠲᠦᠪᠰᠢᠨ ᠢ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠥᠩᠭᠡᠵᠢᠭᠦᠯᠬᠦ ᠮᠡᠷᠭᠡᠵᠢᠯ᠂ ᠡᠮᠴᠢᠯᠡᠭᠡ ᠰᠤᠪᠢᠯᠠᠯᠲᠠ᠂ ᠡᠮᠨᠡᠯᠭᠡ ᠶᠢᠨ ᠬᠤᠷᠢᠶᠠᠨ ᠳᠠᠬᠢ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠵᠡᠷᠭᠡ ᠮᠡᠷᠭᠡᠵᠢᠯ ᠤᠨ ᠦᠢᠯᠡᠴᠢᠯᠡᠭᠡᠨ ᠤ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂  ᠬᠡᠪᠡᠯᠢ ᠬᠠᠭᠠᠯᠤᠨ ᠬᠥᠩᠭᠡᠵᠢᠭᠦᠯᠬᠦ ᠨᠤᠷᠮ᠎ᠠ ᠶᠢ ᠵᠢᠯ ᠳᠠᠷᠠᠭᠠᠯᠠᠨ ᠪᠠᠭᠤᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃   ᠭᠤᠷᠪᠠ ᠳᠤ ᠡᠬᠡ ᠨᠢᠯᠬᠠᠰ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠣᠶᠢᠵᠢᠭᠤᠯᠤᠨ᠂ ᠡᠬᠡ ᠨᠢᠯᠬᠠᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠶᠢᠨ ᠦᠶ᠎ᠡ ᠪᠠᠷ ᠡᠮᠴᠢᠯᠡᠭᠡᠨ ︵ᠡᠷᠡᠬᠦᠯᠵᠢᠯ︶ ᠤ ᠵᠣᠬᠢᠬᠤ ᠲᠣᠭᠠᠨ ᠤ ᠲᠡᠷᠢᠭᠦᠨ ᠤ ᠮᠡᠷᠭᠡᠵᠢᠯ ᠲᠠᠢ᠂ ᠳᠠᠪᠠᠭᠤᠯᠢᠭ ᠲᠠᠯ᠎ᠠ ᠪᠠᠷ ᠲᠣᠪᠣᠶᠢᠮ᠎ᠠ᠂ ᠱᠠᠲᠤ ᠡᠩᠨᠡᠭᠡ ᠨᠢ ᠵᠦᠢ ᠵᠣᠬᠢᠰᠲᠠᠢ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠲᠠᠢ ᠡᠬᠡ ᠨᠢᠯᠬᠠᠰ ᠤᠨ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠪᠠᠶᠢᠭᠤᠯᠬᠤ ᠪᠠᠷ ᠴᠢᠷᠮᠠᠶᠢᠨ᠎ᠠ᠃    ᠳᠥᠷᠪᠡ ᠳᠤ ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠨᠢ ᠣᠷᠣᠨ ᠪᠦᠰᠡ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠲᠤᠰᠬᠠᠢ ᠰᠠᠯᠠᠭ᠎ᠠ ᠶᠢᠨ ᠬᠤᠯᠪᠣᠭ᠎ᠠ ᠶᠢ ᠵᠣᠬᠢᠶᠠᠨ ᠪᠠᠶᠢᠭᠤᠯᠬᠤ ᠪᠠ ᠠᠯᠤᠰ ᠡᠵᠡᠮᠰᠢᠯᠲᠦ ᠡᠮᠴᠢᠯᠡᠭᠡ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠲᠤᠬᠠᠶᠢᠯᠠᠭᠰᠠᠨ ᠠᠵᠢᠯ  ᠢ ᠨᠠᠶᠢᠳᠠᠨ ᠬᠠᠮᠢᠶᠠᠷᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠰᠢᠯᠢᠳᠡᠭ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠦᠬᠦ ᠬᠤᠳᠠ ᠶᠢᠨ ᠡᠮᠡᠭᠲᠠᠢ ᠶᠢᠨ ᠡᠮᠨᠡᠯᠬᠡ᠂ ᠬᠥᠩᠭᠡᠵᠢᠭᠦᠯᠬᠦ ᠡᠮᠨᠡᠯᠬᠡ ᠶᠢᠨ ᠰᠠᠯᠠᠭᠠᠨ ᠤ ᠡᠮᠴᠢᠯᠡᠭᠡᠨ ᠤ ᠬᠤᠯᠪᠣᠭᠠᠲᠤ ᠴᠣᠭᠴᠠ᠂ ᠬᠡᠦᠬᠡᠳ ᠤᠨ ᠡᠮᠨᠡᠯᠬᠡ ᠶᠢᠨ ᠰᠠᠯᠠᠭᠠᠨ ᠤ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠮᠡᠷᠭᠡᠵᠢᠯ ᠤᠨ ᠵᠢᠭᠠᠨ ᠵᠢᠯᠤᠭᠤᠳᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠬᠡᠬᠦ ᠵᠡᠷᠭᠡ ᠬᠡᠯᠪᠡᠷᠢ ᠪᠠᠷ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠎ᠠ᠃    2᠂ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ    ᠨᠢᠭᠡ ᠳᠤ ᠡᠬᠡ ᠨᠢᠯᠬᠠᠰ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠡᠯ᠎ᠡ ᠬᠤᠰᠢᠭᠤ ᠲᠤᠭᠤᠷᠢᠭ ᠤᠳ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠡᠮᠴᠢᠯᠡᠭᠡᠨ ᠤ ᠣᠨᠣᠰᠢᠯᠠᠨ ᠡᠮᠨᠡᠬᠦ ᠴᠢᠳᠠᠮᠵᠢ ᠪᠠᠨ ᠴᠢᠩᠭᠠᠳᠬᠠᠬᠤ ᠶᠢ ᠳᠡᠮᠵᠢᠬᠦ ᠬᠡᠷᠡᠭᠲᠡᠢ᠃ ᠨᠢᠭᠡᠨᠲᠡ ᠡᠮᠴᠢᠯᠡᠭᠡᠨ ᠤ ᠦᠢᠯᠡᠴᠢᠯᠡᠭᠡ ᠥᠷᠨᠢᠭᠦᠯᠦᠭᠰᠡᠨ ᠪᠠᠶᠢᠪᠠᠯ᠂ ᠬᠥᠩᠭᠡᠵᠢᠭᠦᠯᠬᠦ ᠡᠮᠨᠡᠯᠬᠡ ᠶᠢᠨ ᠰᠠᠯᠠᠭ᠎ᠠ᠂ ᠬᠡᠦᠬᠡᠳ ᠤᠨ ᠡᠮᠨᠡᠯᠬᠡ ᠰᠠᠯᠠᠭ᠎ᠠ ᠵᠡᠷᠭᠡ ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠢ ᠪᠠᠷ ᠦᠷᠭᠡᠳᠭᠡᠵᠤ᠂ ᠡᠷᠡᠭᠦᠯᠵᠢᠯ ᠬᠢᠭᠡᠳ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ︔ ᠡᠮᠴᠢᠯᠡᠭᠡᠨ ᠤ ᠦᠢᠯᠡᠴᠢᠯᠡᠭᠡᠨ ᠢ ᠥᠷᠨᠢᠭᠦᠯᠦᠭᠡᠳᠦᠢ ᠪᠠᠶᠢᠪᠠᠯ᠂ ᠲᠥᠯᠥᠪᠯᠡᠭᠡ ᠲᠤᠭᠳᠠᠭᠠᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠡᠮᠴᠢᠯᠡᠭᠡᠨ ᠤ ᠦᠢᠯᠡᠴᠢᠯᠡᠭᠡᠨ ᠢ ᠡᠷᠲᠡᠬᠡᠨ ᠥᠷᠨᠢᠭᠦᠯᠬᠦ ᠪᠠᠷ ᠴᠢᠷᠮᠠᠶᠢᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠲᠤ ᠡᠬᠡ ᠨᠢᠯᠬᠠᠰ ᠤᠨ  ᠡᠷᠡᠬᠦᠯᠵᠢᠯ ᠤᠨ ᠪᠠᠶᠢᠭᠤᠯᠤᠮᠵᠢ ᠳᠤ ᠴᠥᠮ ᠡᠪᠡᠳᠴᠢᠲᠡᠨ ᠤ ᠣᠷᠣ ᠭᠠᠷᠭᠠᠵᠤ ᠡᠮᠴᠢᠯᠡᠭᠡᠨ ᠤ ᠦᠢᠯᠡᠴᠢᠯᠡᠭᠡ ᠶᠢ ᠦᠷᠨᠢᠬᠦᠯᠦᠨ᠎ᠡ᠃    ᠬᠤᠶᠠᠷ ᠲᠤ ᠡᠬᠡ ᠨᠢᠯᠬᠠᠰ ᠤᠨ ᠡᠷᠡᠬᠦᠯᠵᠢᠯ ᠤᠨ ᠦᠢᠯᠡᠴᠢᠯᠡᠭᠡ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢᠨ ᠭᠤᠣᠯ ᠡᠬᠦᠷᠭᠡ ᠲᠤᠰᠢᠶᠠᠯ ᠪᠠ  ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠷᠠᠢ ᠬᠡᠦᠬᠡᠳ ᠤᠨ ᠡᠷᠡᠬᠦᠯᠵᠢᠯ᠂ ᠬᠡᠦᠬᠡᠳ ᠤᠨ ᠠᠩᠬᠠᠨ ᠤ  ᠪᠤᠶᠢᠵᠢᠯᠲᠠ᠂ ᠬᠡᠦᠬᠡᠳ ᠤᠨ ᠥᠰᠦᠯᠲᠡ ᠵᠢᠴᠢ ᠵᠠᠯᠠᠭᠤ ᠨᠠᠰᠣᠨ ᠤ ᠡᠷᠡᠬᠦᠯᠵᠢᠯ ᠂ ᠴᠡᠪᠡᠷᠰᠢᠬᠦ ᠬᠤᠭᠤᠴᠠᠭᠠᠨ ᠤ ᠡᠷᠡᠬᠦᠯᠵᠢᠯ ᠪᠠ ᠬᠥᠩᠭᠡᠵᠢᠭᠰᠡᠨ ᠤ ᠳᠠᠷᠠᠭᠠᠬᠢ ᠡᠷᠡᠭᠦᠯᠵᠢᠯ᠂ ᠵᠢᠷᠮᠦᠰᠦᠯᠡᠬᠦ ᠦᠭᠡᠢ ᠪᠤᠶᠢᠵᠢᠬᠤ ᠦᠭᠡᠢ ᠡᠪᠡᠳᠴᠢᠨ ᠢ ᠣᠨᠣᠰᠢᠯᠠᠨ ᠡᠮᠨᠡᠬᠦ ᠵᠡᠷᠭᠡ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠵᠦ᠂ ᠡᠮᠡᠭᠲᠡᠶᠢᠴᠦᠳ ᠬᠡᠦᠬᠡᠳ ᠲᠤ ᠦᠷᠭᠦᠯᠵᠢᠯᠡᠭᠰᠡᠨ᠂ ᠶᠡᠷᠦᠩᠬᠡᠶᠢᠯᠡᠭᠰᠡᠨ᠂  ᠬᠠᠯᠠᠮᠵᠢᠯᠠᠭᠰᠠᠨ ᠦᠢᠯᠡᠴᠢᠯᠡᠭᠡ ᠬᠠᠩᠭᠠᠨ᠎ᠠ᠃ ᠵᠢᠷᠮᠦᠰᠦᠯᠡᠭᠰᠡᠨ ᠡᠮᠡᠭᠲᠡᠢ ᠬᠥᠩᠭᠡᠵᠢᠭᠰᠡᠨ ᠡᠮᠡᠭᠲᠡᠢ ᠪᠠ ᠬᠡᠦᠬᠡᠳ ᠤᠨ ᠢᠳᠡᠭᠡᠨ ᠤᠮᠳᠠᠭᠠᠨ ᠢ ᠵᠦᠢ ᠵᠣᠬᠢᠰᠲᠠᠢ ᠲᠤᠬᠢᠷᠠᠭᠤᠯᠬᠤ  ᠶᠢ ᠵᠢᠯᠤᠭᠤᠳᠬᠤ ᠶᠢ ᠴᠢᠩᠭᠠᠳᠬᠠᠵᠤ᠂ ᠰᠢᠮ᠎ᠡ ᠲᠡᠵᠢᠭᠡᠯ ᠤᠨ ᠴᠢᠨᠠᠷᠲᠠᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠨ᠎ᠠ︔ ᠡᠮᠡᠭᠲᠡᠶᠢᠴᠦᠳ ᠬᠡᠦᠬᠡᠳ ᠤᠨ ᠰᠡᠳᠬᠢᠴᠡ ᠶᠢᠨ ᠡᠷᠡᠭᠦᠯ ᠬᠠᠮᠠᠭᠠᠯᠠᠯ ᠤᠨ ᠠᠰᠠᠭᠤᠨ ᠯᠠᠪᠯᠠᠬᠤ ᠦᠢᠯᠡᠴᠢᠯᠡᠭᠡ ᠵᠢᠴᠢ ᠬᠡᠦᠬᠡᠳ ᠤᠨ ᠨᠢᠳᠦᠨ ᠤ ᠡᠷᠡᠭᠦᠯ ᠮᠡᠨᠳᠦ ᠶᠢᠨ ᠠᠵᠢᠯ ᠢ ᠥᠷᠨᠢᠭᠦᠯᠵᠦ᠂ ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠪᠤᠬᠢᠨᠢᠳᠤᠬᠤ ᠬᠡᠮ ᠪᠠ ᠬᠡᠦᠬᠡᠳ ᠤᠨ ᠵᠣᠵᠢᠭ ᠭᠡᠮ ᠲᠠᠢ ᠪᠤᠯᠬᠤ ᠶᠢ ᠰᠡᠷᠭᠡᠶᠢᠯᠡᠬᠦ᠂ ᠡᠷᠲᠡ ᠠᠴᠠ ᠢᠯᠡᠷᠡᠭᠦᠯᠬᠦ ᠵᠢᠴᠢ ᠬᠠᠮᠢᠶᠠᠷᠬᠤ ᠠᠵᠢᠯ ᠢ ᠰᠠᠶᠢᠲᠤᠷ ᠬᠢᠨ᠎ᠡ᠃ ︽ᠬᠤᠶᠠᠷ ᠥᠮᠡᠨ︾ ᠢ ᠰᠡᠷᠭᠡᠶᠢᠯᠡᠨ ᠵᠠᠰᠠᠬᠤ ᠵᠦᠢᠯᠡᠰ ᠢ ᠭᠦᠨᠵᠡᠭᠡᠢ ᠬᠡᠷᠡᠭᠵᠢᠭᠦᠯᠵᠦ᠂ ︽ᠬᠤᠶᠠᠷ ᠥᠮᠡᠨ︾ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠡᠦᠬᠡᠳ ᠤᠨ ᠨᠡᠷᠪᠡᠭᠳᠡᠭᠰᠡᠨ ᠬᠦᠨᠳᠦ ᠭᠡᠴᠡᠬᠦᠤ ᠡᠪᠡᠳᠴᠢᠨ ᠡᠮᠭᠡᠭ ᠢ ᠠᠪᠤᠷᠠᠨ ᠡᠮᠨᠡᠬᠦ ᠠᠵᠢᠯ ᠢ ᠴᠢᠩᠭᠠᠳᠬᠠᠵᠤ᠂ ᠠᠶᠢᠽ ᠡᠪᠡᠳᠴᠢᠨ ᠪᠠ ᠪᠡᠯᠭᠡ ᠶᠢᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠲᠤ ︽ᠠᠶᠢᠽ ᠡᠪᠡᠳᠴᠢᠨ ᠨᠢᠬᠡ ᠴᠦ ᠨᠡᠷᠪᠡᠭᠳᠡᠬᠦ ᠦᠬᠡᠢ ᠪᠣᠯᠭᠠᠬᠤ︾ ᠬᠠᠷᠠᠯᠲᠠ ᠶᠢ ᠪᠠᠲᠤᠯᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠣᠨᠴᠠᠯᠢᠭᠲᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠬᠡ ᠨᠢᠯᠬᠠᠰ ᠤᠨ ᠡᠷᠡᠭᠦᠯᠵᠢᠯ ᠤᠨ ᠲᠤᠰᠬᠠᠢ ᠰᠠᠯᠠᠭ᠎ᠠ ᠶᠢᠨ ᠬᠥᠭᠵᠢᠯᠲᠡ ᠶᠢ ᠠᠬᠢᠭᠤᠯᠤᠨ᠎ᠠ᠃     ᠭᠤᠷᠪᠠ ᠳᠤ ᠡᠷᠡᠮᠳᠡᠭ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠵᠢᠴᠢ ᠬᠥᠩᠭᠡᠵᠢᠬᠦ ᠠᠴᠠ ᠡᠮᠦᠨᠡᠬᠢ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠨᠢᠷᠠᠢ ᠬᠡᠦᠬᠡᠳ᠂ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠶᠢ ᠭᠦᠨᠵᠡᠭᠡᠢ ᠠᠬᠢᠭᠤᠯᠵᠤ᠂ ᠡᠷᠡᠮᠳᠡᠭ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠲᠤᠭᠳᠠᠯᠴᠠᠭ᠎ᠠ ᠶᠢ ᠪᠠᠶᠢᠭᠤᠯᠤᠨ᠎ᠠ᠃ 2022 ᠣᠨ ᠠᠴᠠ ᠡᠬᠢᠯᠡᠨ᠂ ᠡᠬᠡ ᠨᠢᠯᠬᠠᠰ ᠤᠨ ᠡᠷᠡᠭᠦᠯ ᠮᠡᠨᠳᠦ ᠶᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ DNA ︵ᠬᠦᠴᠢᠯᠲᠥ᠋ᠷᠥᠭᠴᠢ ᠦᠭᠡᠶᠢᠳᠡᠭᠦᠯᠦᠭᠰᠡᠨ ᠪᠥᠭᠡᠮ ᠰᠢᠬᠢᠷ ᠤᠨ ᠪᠥᠭᠡᠮ ᠬᠦᠴᠢᠯ︶  ᠬᠥᠩᠭᠡᠵᠢᠬᠦ ᠠᠴᠠ ᠡᠮᠦᠨ᠎ᠡ ᠬᠡᠦᠬᠡᠳ ᠤᠨ ᠤᠳᠤᠮᠯᠠᠯ ᠤᠨ ᠰᠣᠯᠢᠯᠴᠠᠭ᠎ᠠ ᠶᠢᠨ ᠡᠪᠡᠳᠴᠢᠨ ᠡᠮᠭᠡᠭ ᠪᠠ ᠳᠦᠯᠡᠢ ᠭᠧᠨ ᠢ ᠰᠢᠭᠰᠢᠨ ᠪᠠᠶᠢᠴᠠᠭᠠᠬᠤ ᠶᠢ ᠥᠷᠨᠢᠭᠦᠯᠵᠦ᠂ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠳᠤ ᠣᠷᠣᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠳᠤ᠂ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠶᠢᠨ ᠲᠥᠪ ᠪᠠ ᠡᠷᠡᠮᠳᠡᠭ ᠵᠡᠷᠡᠮᠳᠡᠭ ᠲᠦᠷᠦᠭᠦ ᠶᠢ ᠰᠢᠭᠰᠢᠨ ᠪᠠᠶᠢᠴᠠᠭᠠᠵᠤ ᠰᠡᠷᠭᠡᠶᠢᠯᠡᠨ ᠵᠠᠰᠠᠬᠤ ᠲᠥᠪ ᠢ 1 ᠪᠠᠶᠢᠭᠤᠯᠵᠤ ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠲᠥᠪ ᠢ 3 ᠪᠠᠶᠢᠭᠤᠯᠵᠤ᠂ ᠡᠷᠡᠮᠳᠡᠭ ᠵᠡᠷᠡᠮᠳᠡᠭ ᠲᠦᠷᠦᠭᠦ ᠶᠢ ᠰᠢᠭᠰᠢᠨ ᠪᠠᠶᠢᠴᠠᠭᠠᠬᠤ ᠲᠣᠣᠷ ᠰᠦᠯᠵᠢᠶ᠎ᠡ ᠶᠢ ᠪᠣᠶ ᠪᠦᠬᠦᠢ ᠬᠤᠰᠢᠭᠤ ᠲᠣᠭᠤᠷᠢᠭ ᠢ ᠬᠠᠮᠤᠷᠬᠤ ᠪᠤᠯᠭᠠᠨ᠎ᠠ᠃     ᠳᠥᠷᠪᠡ ᠳᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ  ᠵᠢᠷᠮᠦᠰᠦᠯᠡᠬᠦ ᠪᠣᠶᠢᠵᠢᠭᠤᠯᠬᠤ ᠲᠤᠬᠢᠷᠠᠭᠤᠯᠬᠤ ᠠᠰᠠᠷᠠᠬᠤ᠂ ᠬᠥᠩᠭᠡᠵᠢᠭᠰᠡᠨ ᠤ ᠳᠠᠷᠠᠭᠠᠬᠢ ᠡᠷᠡᠭᠦᠯᠵᠢᠯ᠂ ᠬᠡᠦᠬᠡᠳ ᠤᠨ ᠡᠷᠡᠭᠦᠯᠵᠢᠯ ᠵᠡᠷᠭᠡ ᠲᠠᠯ᠎ᠠ ᠶᠢᠨ ᠬᠡᠷᠡᠭᠯᠡᠯᠲᠡ ᠶᠢ ᠥᠷᠭᠡᠳᠬᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠨᠤᠭᠤᠳ ᠴᠥᠮ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠬᠡᠷᠡᠭᠯᠡᠨ ᠡᠮᠡᠭᠲᠡᠢ ᠶᠢᠨ ᠡᠮᠨᠡᠯᠬᠡ ᠶᠢᠨ ᠰᠠᠯᠠᠭ᠎ᠠ᠂ ᠬᠡᠦᠬᠡᠳ ᠤᠨ ᠡᠮᠨᠡᠯᠬᠡ ᠶᠢᠨ ᠰᠠᠯᠠᠭ᠎ᠠ ᠵᠢᠴᠢ ᠪᠤᠰᠤᠳ ᠬᠠᠮᠢᠶ᠎ᠠ ᠪᠦᠬᠦᠢ ᠡᠮᠴᠢᠯᠡᠭᠡᠨ ᠤ ᠦᠢᠯᠡᠴᠢᠯᠡᠭᠡ ᠶᠢ ᠥᠷᠨᠢᠭᠦᠯᠬᠦ ᠬᠡᠷᠡᠭᠲᠡᠢ᠃    ︵ᠳᠥᠷᠪᠡ︶ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠤᠨ᠎ᠠ    1᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠡᠳ᠋ ᠤᠨ ᠵᠠᠰᠠᠭ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠨᠳᠦᠰᠦᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ᠂ ᠠᠵᠢᠯᠲᠠᠨ ᠤ ᠵᠠᠷᠤᠳᠠᠯ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ ᠲᠤᠬᠠᠶᠢᠯᠠᠭᠰᠠᠨ ᠠᠵᠢᠯ ᠤᠨ ᠵᠠᠷᠤᠳᠠᠯ ᠥᠷᠨᠢᠭᠦᠯᠬᠦ ᠶᠢ ᠪᠠᠲᠤᠯᠠᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠦᠢᠯᠡᠴᠢᠯᠡᠭᠡ ᠥᠷᠨᠢᠭᠦᠯᠬᠦ ᠳᠤ ᠬᠡᠷᠡᠭᠰᠡᠬᠦ ᠦᠨᠳᠦᠰᠦᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ᠂ ᠴᠢᠳᠠᠪᠤᠷᠢᠲᠠᠨ ᠬᠥᠮᠥᠵᠢᠭᠦᠯᠬᠦ᠂ ᠰᠢᠨᠵᠢᠯᠡᠭᠡᠨ ᠤ ᠰᠠᠯᠠᠭ᠎ᠠ ᠶᠢ ᠬᠦᠭᠵᠢᠬᠦᠯᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠠᠰᠠᠭ ᠤᠨ ᠣᠷᠳᠣᠨ ᠤ ᠣᠷᠣᠭᠤᠯᠤᠯᠲᠠ ᠶᠢ ᠪᠠᠲᠤᠯᠠᠨ᠎ᠠ᠃ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠪᠠ ᠥᠮᠴᠢᠯᠡᠯ ᠤᠨ ᠡᠷᠬᠡ ᠶᠢᠨ ᠰᠢᠨᠵᠢ ᠴᠢᠨᠠᠷ ᠵᠢᠴᠢ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠲᠦᠷᠢᠮ ᠢ ᠶᠠᠮᠠᠷᠪᠠ ᠬᠡᠯᠪᠡᠷᠢ ᠪᠠᠷ ᠬᠤᠪᠢᠷᠠᠭᠤᠯᠵᠤ ᠪᠣᠯᠬᠤ ᠤᠶᠢᠭᠡᠢ᠂ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠢᠮᠠᠭᠲᠠ ᠪᠠᠲᠤᠯᠠᠬᠤ ᠬᠡᠷᠡᠭᠲᠡᠢ᠃     2᠂ ᠠᠵᠢᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ ︽ᠬᠤᠶᠠᠷ ᠢ ᠵᠥᠪᠰᠢᠶᠡᠷᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠂ ᠲᠤᠬᠠᠶᠢᠯᠠᠪᠠᠯ  ᠡᠮᠴᠢᠯᠡᠭᠡ ᠡᠷᠡᠬᠦᠯᠵᠢᠯ ᠤᠨ ᠪᠠᠶᠢᠭᠤᠯᠤᠮᠵᠢ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ  ᠲᠤᠬᠢᠷᠠᠭᠤᠯᠤᠨ ᠡᠵᠡᠮᠰᠢᠬᠦ ᠬᠢᠷᠢ ᠬᠡᠮᠵᠢᠶ᠎ᠡ ᠠᠴᠠ ᠲᠠᠪᠠᠭᠤᠯᠬᠤ ᠶᠢ ᠵᠥᠪᠰᠢᠶᠡᠷᠡᠵᠦ᠂ ᠡᠮᠴᠢᠯᠡᠬᠡᠨ ᠤ ᠦᠢᠯᠡᠴᠢᠯᠡᠭᠡ ᠶᠢᠨ ᠣᠷᠣᠯᠭ᠎ᠠ  ᠠᠴᠠ ᠥᠪᠡᠷ ᠤᠨ ᠥᠷᠲᠡᠭ ᠢ  ᠰᠠᠭᠤᠯᠭᠠᠨ ᠠᠪᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ ᠶᠢ ᠨᠢ  ᠵᠦᠪᠰᠢᠶᠡᠷᠡᠨ᠎ᠡ᠃ ᠴᠠᠯᠢᠩ ᠤᠯᠭᠤᠮᠵᠢ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠤᠪᠢᠶᠠᠷᠢᠯᠠᠯᠲᠠ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠴᠠᠯᠢᠩ  ᠤᠯᠭᠤᠮᠵᠢ ᠶᠢᠨ ᠶᠡᠷᠦᠩᠬᠡᠢ ᠬᠡᠮᠵᠢᠶᠡᠨ ᠤ ᠳᠣᠲᠣᠷ᠎ᠠ ᠡᠵᠡᠨ ᠮᠡᠳᠡᠨ ᠬᠤᠪᠢᠶᠠᠷᠢᠯᠠᠵᠤ᠂ ᠴᠠᠯᠢᠩ ᠤᠯᠭᠤᠮᠵᠢ ᠶᠢ ᠵᠦᠢ ᠵᠣᠬᠢᠰᠲᠠᠢ ᠬᠢᠷᠢ ᠬᠡᠮᠵᠢᠶ᠎ᠡ ᠳᠤ ᠬᠦᠷᠦᠭᠦᠯᠬᠦ ᠶᠢ ᠠᠬᠢᠭᠤᠯᠵᠤ᠂ ᠪᠠᠲᠤᠯᠠᠬᠤ ᠪᠠ ᠤᠷᠮᠠᠰᠢᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠤᠨ᠎ᠠ᠃    3᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠥᠷᠨᠢᠭᠦᠯᠦᠨ᠎ᠡ᠃ ︽ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ︾ ︵ᠤᠯᠤᠰ ᠡᠷᠡᠭᠦᠯ ᠬᠠᠮᠠᠭᠠᠯᠠᠯ ᠠᠯᠪᠠᠨ ᠡᠬᠡ ᠨᠢᠯᠬᠠᠰ ᠲᠠᠷᠬᠠᠭᠠᠭᠰᠠᠨ ﹇2020﹈ 7 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠡᠬᠡ ᠨᠢᠯᠬᠠᠰ ᠤᠨ  ᠡᠷᠡᠬᠦᠯᠵᠢᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠤᠲᠠ᠂ ᠬᠤᠰᠢᠭᠤ ᠲᠣᠭᠤᠷᠢᠭ ᠤᠨ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠨᠤᠭᠤᠳ ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠠ ᠥᠪᠡᠷ ᠢ ᠪᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠳᠣᠲᠣᠭᠠᠳᠤ  ᠳᠠᠬᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠴᠠᠯᠢᠩ ᠤᠯᠭᠤᠮᠵᠢ ᠶᠢ ᠬᠤᠪᠢᠶᠠᠷᠢᠯᠠᠬᠤ ᠲᠥᠰᠥᠯ ᠢᠶᠠᠨ ᠲᠣᠬᠢᠷᠠᠭᠤᠯᠤᠨ ᠲᠡᠭᠦᠯᠳᠡᠷᠵᠢᠭᠦᠯᠵᠦ᠂ ᠭᠠᠳᠠᠨᠠᠬᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠᠷ ᠳᠡᠮᠵᠢᠨ ᠳᠣᠲᠣᠭᠠᠳᠤ ᠳᠠᠬᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠥᠲᠥᠯᠥᠨ ᠵᠢᠯᠤᠭᠤᠳᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ  ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠠᠵᠢᠯᠯᠠᠭᠠᠨ ᠤ ᠬᠢᠷᠢ  ᠲᠦᠪᠰᠢᠨ ᠢᠶᠠᠨ  ᠴᠢᠨᠠᠭᠰᠢᠳᠠ ᠲᠡᠭᠡᠭᠰᠢᠯᠡᠬᠦᠯᠦᠨ᠎ᠡ᠃   ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠭᠤᠣᠯᠯᠠᠬᠤ ᠭᠦᠢᠴᠡᠳᠬᠡᠯ ᠲᠤᠭ᠎ᠠ ᠶᠢ ︽ᠡᠷᠡᠭᠦᠯ ᠡᠩᠬᠡ ᠣᠷᠳᠣᠰ︾ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠲᠠ ᠳᠤ ᠤᠷᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠵᠣᠬᠢᠴᠠᠭᠤᠯᠬᠤ ᠲᠣᠭᠲᠠᠴᠠ ᠶᠢ  ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ  ᠪᠠᠲᠤᠯᠠᠬᠤ ᠬᠡᠷᠡᠭᠲᠠᠢ᠃   ︵ᠬᠤᠶᠠᠷ︶ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ  ᠲᠤᠭᠤᠷᠢᠭ ᠤᠨ ᠬᠢᠨ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠢ ᠪᠡᠯᠡ ᠣᠷᠣᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠲᠣᠬᠢᠷᠠᠯᠴᠠᠭᠰᠠᠨ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ  ᠶᠢ ᠪᠠᠶᠢᠭᠤᠯᠵᠤ᠂ 2022 ᠣᠨ  ᠠᠴᠠ 2024 ᠣᠨ ᠪᠣᠯᠲᠠᠯ᠎ᠠ᠂ ᠬᠤᠲᠠ ᠶᠢᠨ ᠡᠳ᠋ ᠤᠨ ᠵᠠᠰᠠᠭ  ᠠᠴᠠ ᠵᠢᠯ ᠪᠦᠷᠢ 500 ᠲᠦᠮᠡᠨ ᠲᠥᠭᠦᠷᠢᠭ ᠣᠷᠣᠭᠤᠯᠵᠤ᠂ ᠡᠬᠡ ᠨᠢᠯᠬᠠᠰ ᠤᠨ ᠡᠷᠡᠬᠦᠯᠵᠢᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ᠂ ᠡᠬᠡ ᠨᠢᠯᠬᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠢᠴᠢ ᠡᠬᠡ ᠨᠢᠯᠬᠠᠰ ᠤᠨ ᠰᠢᠨᠵᠢᠯᠡᠭᠡᠨ ᠤ ᠰᠠᠯᠠᠭ᠎ᠠ ᠪᠠ ᠡᠬᠡ ᠨᠢᠯᠬᠠᠰ ᠤᠨ ᠡᠷᠡᠬᠦᠯᠵᠢᠯ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠴᠢᠩᠭᠠᠳᠬᠠᠵᠤ᠂ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠬᠤᠴᠤᠷᠤᠩᠭᠤᠢ ᠪᠠᠶᠢᠬᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠲᠥᠯᠥᠪᠯᠡᠭᠡ ᠲᠠᠢ ᠪᠠᠷ  ᠠᠬᠢᠭᠤᠯᠵᠤ᠂ ᠪᠥᠬᠦ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃   ︵ᠭᠤᠷᠪᠠ︶ ᠤᠬᠠᠭᠤᠯᠭ᠎ᠠ ᠬᠥᠮᠦᠵᠢᠯ ᠢ  ᠴᠢᠩᠭᠠᠳᠬᠠᠨ᠎ᠠ᠃ ᠬᠤᠲᠠ᠂ ᠬᠤᠰᠢᠭᠤ ᠲᠣᠭᠤᠷᠢᠭ ᠤᠨ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠡᠭᠦᠯ ᠮᠡᠨᠳᠦ ᠶᠢᠨ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠪᠠᠨ ᠴᠢᠩᠭᠠᠳᠬᠠᠵᠤ᠂ ᠡᠬᠡ ᠨᠢᠯᠬᠠᠰ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠵᠢᠴᠢ ᠡᠬᠡ ᠨᠢᠯᠬᠠᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠲᠦᠭᠡᠮᠡᠯᠵᠢᠭᠦᠯᠬᠦ ᠬᠡᠷᠡᠭᠲᠡᠢ᠃  ᠵᠢᠷᠮᠦᠰᠦᠨ ᠡᠮᠡᠭᠲᠡᠢ ᠶᠢᠨ ᠰᠤᠷᠭᠠᠭᠤᠯᠢ ᠵᠡᠷᠭᠡ ᠤᠬᠠᠭᠤᠯᠭ᠎ᠠ ᠶᠢᠨ ᠭᠠᠵᠠᠷ ᠢ ᠭᠦᠢᠴᠡᠳ ᠠᠰᠢᠭᠯᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ︔ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠯᠪᠠᠨ ᠵᠢᠷᠤᠮ ᠤᠨ ᠡᠮᠴᠢᠯᠡᠭᠡᠨ ᠤ ᠵᠥᠪᠯᠡᠯᠭᠡ ᠥᠭᠬᠦ ᠵᠡᠷᠭᠡ ᠬᠡᠯᠪᠡᠷᠢ ᠪᠠᠷ ᠡᠷᠡᠭᠦᠯ ᠮᠡᠨᠳᠦ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠢᠭᠤᠷᠲᠠᠨ ᠥᠷᠨᠢᠭᠦᠯᠬᠦ ᠬᠡᠷᠡᠭᠲᠡᠢ᠃ ᠰᠦᠯᠵᠢᠶ᠎ᠡ᠂ ᠰᠢᠨ᠎ᠡ ᠵᠠᠭᠤᠴᠢᠯᠠᠭᠤᠷ᠂ ᠡᠯᠧᠺᠲᠷᠣᠨ ᠳᠡᠯᠭᠡᠴᠡ ᠵᠡᠷᠭᠡ ᠤᠬᠠᠭᠤᠯᠭ᠎ᠠ ᠶᠢᠨ ᠠᠴᠢᠶᠠᠯᠠᠪᠤᠷᠢ ᠶᠢ ᠠᠰᠢᠭᠯᠠᠨ᠂ ᠣᠯᠠᠨ ᠲᠦᠮᠡᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃   ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ  ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ᠂ ᠬᠢᠨᠠᠨ ᠵᠥᠪᠰᠢᠶᠡᠷᠡᠯ᠂ ᠡᠷᠬᠡ ᠶᠢᠨ ᠬᠠᠷᠢᠶᠠᠯᠠᠯ ᠤᠨ ᠰᠢᠢᠳᠪᠦᠷᠢᠯᠡᠯᠲᠡ ᠶᠢ ᠰᠠᠶᠢᠲᠤᠷ ᠬᠢᠬᠦ ᠶᠢ ᠬᠠᠷᠢᠭᠤᠴᠠᠨ᠎ᠠ︔ ᠣᠷᠣᠨ ᠰᠠᠭᠤᠴᠠ ᠪᠠ ᠬᠤᠲᠠ ᠬᠥᠳᠡᠭᠡ ᠶᠢᠨ  ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠡᠬᠡ ᠨᠢᠯᠬᠠᠰ ᠤᠨ ᠳᠠᠭᠠᠳᠬᠠᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ᠂ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤᠷᠢᠵᠤ ᠡᠯᠰᠡᠬᠦ᠂ ᠮᠡᠷᠭᠡᠵᠢᠯ ᠤᠨ ᠴᠣᠯᠠ ᠳᠡᠪᠰᠢᠬᠦ᠂ ᠣᠷᠣᠯᠭ᠎ᠠ ᠶᠢᠨ ᠬᠤᠪᠢᠶᠠᠷᠢᠯᠠᠯᠲᠠ ᠬᠢᠬᠦ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠨ᠎ᠠ︔ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠬᠥᠩᠭᠡᠵᠢᠭᠦᠯᠬᠦ ᠡᠮᠨᠡᠯᠬᠡ ᠶᠢᠨ ᠰᠠᠯᠠᠭ᠎ᠠ᠂ ᠬᠡᠦᠬᠡᠳ ᠤᠨ ᠡᠮᠨᠡᠯᠭᠡ ᠶᠢᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠵᠣᠬᠢᠰᠲᠠᠢ ᠲᠤᠬᠢᠷᠠᠭᠤᠯᠬᠤ ᠶᠢ ᠬᠠᠷᠢᠭᠤᠴᠠᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃    ︵ᠲᠠᠪᠤ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠬᠤᠲᠠ᠂ ᠬᠤᠰᠢᠭᠤ ᠲᠣᠭᠤᠷᠢᠭ ᠤᠨ ᠬᠤᠶᠠᠷ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠡᠷᠡᠭᠦᠯ ᠡᠩᠬᠡ ᠣᠷᠳᠣᠰ ᠤᠨ ᠠᠵᠢᠯᠯᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠵᠢᠴᠢ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠡᠬᠡ ᠨᠢᠯᠬᠠᠰ ᠤᠨ ᠡᠷᠡᠬᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠪᠠ ᠠᠵᠢᠯ ᠤᠨ ᠭᠦᠢᠴᠡᠳᠬᠡᠯ ᠲᠤᠭ᠎ᠠ ᠶᠢ ᠲᠣᠳᠣᠷᠬᠠᠶᠢᠯᠠᠵᠤ᠂ ᠬᠢᠨᠠᠨ ᠰᠢᠯᠭᠠᠬᠤ ᠪᠠ ᠬᠢᠨᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ  ᠪᠠᠲᠤᠯᠠᠬᠤ ᠬᠡᠷᠡᠭᠲᠠᠢ᠃                                                                                                                     ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                      2022 ᠣᠨ ᠤ 3 ᠳ᠋ᠣᠭᠠᠷ ᠰᠠᠷ᠎ᠠ ᠶᠢᠨ 21 ᠤ ᠡᠳᠦᠷ 
ᠢᠷᠡᠯᠲᠡ᠄ ᠤᠷᠳᠤᠰ ᠤᠨ ᠵᠠᠰᠠᠭ ᠤᠨ ᠤᠷᠳᠤᠨ ᠤ ᠰᠦᠯᠵᠢᠶ᠎ᠡ