ᠤᠷᠳᠤᠰ ᠬᠤᠳᠠ ᠶᠢᠨ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ  ᠴᠠᠷᠠᠭᠠᠨ ᠳᠠᠬᠢ ᠬᠤᠳᠠ ᠬᠢᠬᠡᠳ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠬᠡᠷᠡᠴᠢᠯᠡᠯᠳᠡ ᠶᠢᠨ ᠬᠡᠷᠡᠭᠵᠢᠭᠦᠯᠬᠦ ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/24
                                        ᠤᠷᠳᠤᠰ ᠵᠠᠰᠠᠭ ᠠᠯᠪᠠᠨ ᠲᠠᠷᠬᠠᠭᠠᠭᠰᠠᠨ ﹇2022﹈ 2 ᠳ᠋ᠤᠭᠠᠷ ᠲᠤᠭᠠᠳᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂  ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄        ︽ᠣᠷᠳᠣᠰ ᠬᠤᠲᠠ ᠶᠢᠨ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠠᠬᠢ ᠬᠤᠲᠠ ᠬᠢᠭᠡᠳ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ  ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                              ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                   2022 ᠣᠨ ᠤ 1 ᠳ᠋ᠣᠭᠡᠷ ᠰᠠᠷ᠎ᠠ ᠶᠢᠨ 8 ᠤ ᠡᠳᠦᠷ  ᠣᠷᠳᠣᠰ ᠬᠤᠲᠠ ᠶᠢᠨ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ  ᠴᠠᠷᠠᠭᠠᠨ ᠳᠠᠬᠢ ᠬᠤᠲᠠ ᠬᠢᠭᠡᠳ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ       ︽ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ  ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 67 ᠳ᠋ᠤᠭᠠᠷ ᠲᠣᠭᠠᠲᠤ︶᠂ ︽ᠡᠮᠨᠡᠯᠬᠡ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠬᠦᠷᠢᠶ᠎ᠡ  ᠴᠠᠷᠠᠭᠠᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 32 ᠳ᠋ᠤᠭᠠᠷ ᠲᠣᠭᠠᠲᠤ︶ ᠵᠡᠷᠭᠡ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠤᠨ ᠨᠠᠶᠢᠳᠠᠪᠦᠷᠢᠵᠢᠭᠤᠯᠬᠤ ᠶᠢᠨ ᠲᠤᠰᠠᠳᠠ᠂ ︽ᠣᠷᠳᠣᠰ ᠬᠤᠲᠠ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶ᠎ᠡ ᠴᠠᠷᠠᠭᠠᠨ ᠳᠠᠬᠢ  ᠬᠤᠲᠠ ᠬᠢᠭᠡᠳ ᠬᠤᠰᠢᠭᠤ ᠲᠣᠭᠤᠷᠢᠭ ᠤᠨ ᠬᠠᠮᠳᠤ ᠶᠢᠨ ᠡᠳ᠋ ᠤᠨ ᠵᠠᠰᠠᠭ ᠤᠨ ᠶᠠᠪᠤᠳᠠᠯ  ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2021﹈ 11 ᠳ᠋ᠤᠬᠡᠷ ᠲᠣᠭᠠᠲᠤ︶ ᠤᠨ ᠠᠭᠤᠯᠭ᠎ᠠ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃     ᠨᠢᠭᠡ᠂ ᠶᠡᠷᠦᠩᠬᠡᠢ ᠱᠠᠭᠠᠷᠳᠠᠯᠭ᠎ᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠤᠳᠠᠭᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠬᠤ  ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ᠡᠷᠡᠭᠦᠯ ᠡᠩᠬᠡ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ᠂ ᠡᠷᠡᠭᠦᠯ ᠡᠩᠬᠡ ᠣᠷᠳᠣᠰ ᠤᠨ ᠠᠵᠢᠯᠯᠠᠭ᠎ᠠ ᠶᠢ ᠬᠡᠷᠡᠭᠵᠢᠭᠦᠯᠬᠦ ᠶᠢ ᠶᠡᠬᠡᠪᠡᠷ ᠳᠡᠮᠵᠢᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠠᠬᠢ ᠬᠤᠲᠠ ᠬᠢᠭᠡᠳ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠦᠷᠭᠦᠯᠵᠢᠯᠡᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠠᠵᠢᠯᠯᠠᠭᠤᠯᠬᠤ ᠶᠢ ᠠᠬᠢᠭᠤᠯᠤᠨ᠎ᠠ᠃ ᠥᠭᠡᠷᠡᠴᠢᠯᠡᠯᠲᠡ ᠪᠠᠷ ᠳᠠᠮᠵᠢᠭᠤᠯᠤᠨ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠬᠠᠤᠯᠢ ᠶᠤᠰᠤᠴᠢ ᠵᠢᠷᠤᠮᠵᠢᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠠᠬᠢ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠵᠠᠭᠪᠤᠷ ᠢ ᠪᠣᠶ ᠪᠣᠯᠭᠠᠵᠤ᠂ ᠪᠥᠬᠦ ᠬᠤᠲᠠ ᠶᠢᠨ ᠡᠮᠨᠡᠯᠬᠡ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠬᠤᠶᠠᠷ᠂ ᠦᠨᠳᠦᠰᠦᠨ ᠵᠠᠷᠴᠢᠮ   ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠬᠥᠮᠥᠨ ᠪᠦᠬᠦᠨ ᠡᠷᠬᠡ ᠲᠡᠭᠰᠢ ᠪᠠᠷ ᠡᠳ᠋ᠯᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠨᠡᠶᠢᠭᠡᠮ ᠪᠣᠯᠣᠨ ᠬᠤᠪᠢ ᠬᠥᠮᠥᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠡᠮᠨᠡᠯᠬᠡ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠬᠡᠨ ᠤ ᠬᠠᠩᠭᠠᠯᠲᠠ ᠳᠠᠬᠢ ᠵᠠᠰᠠᠭ ᠤᠨ ᠣᠷᠳᠣᠨ ᠤ ᠭᠤᠣᠯᠯᠠᠬᠤ ᠪᠠᠶᠢᠷᠢ ᠰᠠᠭᠤᠷᠢ ᠶᠢ  ᠪᠠᠷᠢᠮᠲᠠᠯᠠᠵᠤ᠂ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ ᠣᠷᠣᠭᠤᠯᠤᠯᠲᠠ ᠪᠠᠨ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃   ︵ᠬᠤᠶᠠᠷ︶ ᠵᠢᠮ᠎ᠡ ᠶᠣᠰᠣ ᠶᠢ ᠵᠢᠷᠤᠮᠯᠠᠬᠤ ᠶᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠶᠢᠨ ᠵᠣᠬᠢᠴᠠᠯᠳᠤᠨ ᠨᠢᠭᠡᠳᠬᠦ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠡᠩ ᠤᠨ ᠵᠢᠮ᠎ᠡ ᠶᠣᠰᠣ ᠶᠢ ᠵᠢᠷᠤᠮᠯᠠᠵᠤ᠂ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ  ᠴᠠᠷᠠᠭᠠᠨ ᠳᠠᠬᠢ ᠬᠤᠲᠠ ᠬᠢᠭᠡᠳ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠤᠪᠢᠶᠠᠷᠢᠯᠠᠵᠤ᠂ ᠬᠤᠲᠠ ᠬᠢᠭᠡᠳ ᠬᠤᠰᠢᠭᠤ ᠲᠣᠭᠤᠷᠢᠭ ᠤᠨ ᠬᠤᠪᠢᠶᠠᠨ ᠡᠭᠦᠷᠭᠡᠯᠡᠬᠦ ᠬᠠᠷᠢᠴᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠯᠤᠭᠤᠳᠬᠠᠵᠤ᠂ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ  ᠤᠨ ᠣᠷᠳᠣᠨ ᠤ ᠬᠤᠭᠤᠷᠣᠨᠳᠣᠬᠢ ᠡᠷᠬᠡ᠂ ᠬᠠᠷᠢᠭᠤᠴᠠᠯᠭ᠎ᠠ᠂ ᠠᠰᠢᠭ ᠢ ᠬᠠᠷᠢᠯᠴᠠᠨ ᠵᠣᠬᠢᠴᠠᠭᠤᠯᠬᠤ ᠶᠢ ᠪᠡᠶᠡᠯᠡᠭᠦᠯᠦᠨ᠎ᠡ᠃   ︵ᠭᠤᠷᠪᠠ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ ᠭᠤᠣᠯᠳᠠᠯᠭ᠎ᠠ ᠶᠢ ᠲᠤᠪᠤᠶᠢᠯᠭᠠᠨ᠎ᠠ᠃ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ  ᠴᠠᠷᠠᠭᠠᠨ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠪᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠶᠠᠪᠤᠳᠠᠯ ᠤᠨ ᠡᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠢ  ᠪᠦᠬᠦᠨ ᠢ ᠬᠠᠮᠤᠷᠤᠭᠤᠯᠬᠤ ᠶᠢ ᠪᠠᠷᠢᠮᠲᠠᠯᠠᠵᠤ ᠂ ᠬᠤᠪᠢᠶᠠᠷᠢᠯᠠᠯ ᠤᠨ ᠲᠤᠭᠳᠠᠯᠴᠠᠭ᠎ᠠ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠦᠨ᠎ᠡ︔ ᠡᠮᠨᠡᠯᠬᠡ ᠡᠷᠡᠭᠦᠯ ᠬᠠᠮᠠᠭᠠᠯᠠᠯ ᠤᠨ ᠡᠯ᠎ᠡ ᠵᠤᠶᠢᠯ ᠤᠨ ᠦᠨᠳᠦᠰᠦᠨ ᠦᠢᠯᠡᠴᠢᠯᠡᠭᠡᠨ ᠤ ᠰᠢᠨᠵᠢ ᠴᠢᠨᠠᠷ ᠪᠠ ᠣᠨᠴᠠᠯᠢᠭ ᠢ ᠭᠦᠨᠵᠡᠭᠡᠢ ᠵᠠᠳᠠᠯᠵᠤ᠂ ᠬᠤᠪᠢᠶᠠᠷᠢᠯᠠᠬᠤ ᠲᠤᠭᠳᠠᠯᠴᠠᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ ︔ ᠬᠤᠲᠠ ᠬᠢᠭᠡᠳ ᠬᠤᠰᠢᠭᠤ ᠲᠣᠭᠤᠷᠢᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠨ ᠡᠭᠦᠷᠭᠡᠯᠡᠬᠦ ᠠᠷᠭ᠎ᠠ ᠮᠠᠶ᠋ᠢᠭ ᠢ ᠵᠦᠢ ᠵᠣᠬᠢᠰᠲᠠᠢ ᠲᠣᠭᠲᠠᠭᠠᠵᠤ᠂ ᠬᠤᠪᠢᠶᠠᠷᠢᠯᠠᠬᠤ ᠲᠤᠭᠳᠠᠯᠴᠠᠭ᠎ᠠ ᠶᠢᠨ ᠵᠢᠷᠤᠮᠵᠢᠯᠳᠤ ᠴᠢᠨᠠᠷ ᠢ ᠳᠡᠭᠡᠭᠰᠢᠯᠡᠭᠦᠯᠦᠨ᠎ᠡ︔ ᠲᠥᠷᠥᠯ ᠵᠦᠢᠯ ᠤᠨ ᠪᠡᠯᠡ ᠮᠥᠩᠭᠦ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃   ︵ᠳᠥᠷᠪᠡ︶ ᠢᠳᠡᠪᠬᠢᠲᠡᠢ ᠪᠥᠭᠡᠳ ᠯᠠᠪᠳᠠᠭᠤᠨ ᠪᠠᠶᠢᠬᠤ ᠶᠢ ᠪᠠᠷᠢᠮᠲᠠᠯᠠᠵᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠮᠠᠨ ᠤ ᠬᠤᠲᠠ ᠶᠢᠨ ᠣᠲᠣ ᠶᠢᠨ ᠪᠠᠶᠢᠭ᠎ᠠ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠪᠣᠷᠣ ᠲᠥᠯᠥᠪ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠣ᠂ ᠢᠳᠡᠪᠬᠢᠲᠡᠢ ᠪᠥᠭᠡᠳ ᠯᠠᠪᠳᠠᠭᠤᠨ᠂ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠬᠤ ᠶᠢ ᠪᠠᠲᠤᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠤᠳᠤᠷᠬᠠᠢ ᠬᠤᠪᠢᠶᠠᠷᠢᠯᠠᠭᠰᠠᠨ ᠠᠵᠢᠯ ᠶᠠᠪᠤᠳᠠᠯ ᠤᠨ ᠡᠷᠬᠡ ᠶᠢ ᠡᠷᠡᠰ ᠲᠤᠤᠱᠯᠠᠭᠤᠯᠤᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ ᠰᠢᠨᠵᠢᠯᠡᠬᠦ ᠤᠬᠠᠭᠠᠨᠴᠢ ᠪᠢᠰᠢ ᠪᠣᠯᠪᠠᠴᠤ ᠥᠭᠡᠷᠡᠴᠢᠯᠡᠯᠲᠡ ᠶᠢᠨ ᠨᠥᠬᠦᠴᠡᠯ ᠨᠢ ᠪᠣᠯᠪᠠᠰᠤᠷᠠᠩᠭᠤᠢ ᠪᠣᠯᠤᠭᠰᠠᠨ ᠵᠣᠶᠢᠯᠡᠰ ᠲᠤ ᠲᠣᠬᠢᠷᠠᠭᠤᠯᠤᠯᠲᠠ ᠬᠢᠨ᠎ᠡ︔ ᠥᠭᠡᠷᠡᠴᠢᠯᠡᠯᠲᠡ ᠶᠢᠨ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠢ ᠵᠦᠢᠯᠡᠰ ᠲᠤ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ  ᠶᠢᠨ ᠪᠠᠶᠢᠳᠠᠯ ᠢ ᠲᠦᠷ ᠦᠷᠭᠦᠯᠵᠢᠯᠡᠭᠦᠯᠬᠦ ᠶᠢᠨ ᠬᠠᠮᠲᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠵᠣᠬᠢᠴᠠᠩᠭᠤᠢ ᠲᠣᠬᠢᠷᠠᠭᠤᠯᠤᠯᠲᠠ ᠬᠢᠨ᠎ᠡ᠃    ᠭᠤᠷᠪᠠ᠂ ᠭᠤᠣᠯ ᠠᠭᠤᠯᠭ᠎ᠠ    ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠨᠡᠯᠬᠡ ᠶᠢᠨ ᠪᠠᠲᠤᠯᠠᠭ᠎ᠠ᠂ ᠲᠦᠯᠦᠪᠯᠡᠭᠡ ᠲᠠᠢ ᠪᠠᠷ ᠬᠡᠣᠬᠡᠳ ᠠᠪᠬᠤ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠳᠥᠷᠪᠡᠨ ᠲᠠᠯ᠎ᠠ ᠠᠴᠠ ᠬᠤᠲᠠ ᠬᠢᠭᠡᠳ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃    ︵ᠨᠢᠭᠡ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯ᠎ᠠ ᠪᠠᠷ᠃ ᠡᠭᠦᠨ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ ᠪᠠᠭᠲᠠᠨ᠎ᠠ᠃   1. ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠣᠶᠢᠯᠡᠴᠢᠯᠡᠭᠡ᠃ ᠡᠭᠦᠨ ᠳᠤ ᠡᠷᠡᠭᠦᠯ ᠮᠡᠨᠳᠦ ᠶᠢᠨ ᠬᠥᠮᠦᠵᠢᠯ᠂ ᠰᠡᠷᠭᠡᠶᠢᠯᠡᠬᠦ ᠲᠠᠷᠢᠯᠭ᠎ᠠ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠤᠤᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠠᠭᠤᠯᠭ᠎ᠠ ᠵᠢᠴᠢ ᠤᠤᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ ᠪᠠ ᠲᠦᠯᠦᠪᠯᠡᠭᠡ ᠲᠠᠢ ᠪᠠᠷ ᠬᠡᠣᠬᠡᠳ ᠠᠪᠬᠤ ᠲᠥᠷᠥᠯ ᠵᠦᠢᠯ ᠠᠴᠠ ᠬᠤᠪᠢᠶᠠᠷᠢᠯᠠᠨ ᠣᠷᠣᠭᠤᠯᠤᠭᠰᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠵᠡᠷᠭᠡ ᠠᠭᠤᠯᠭ᠎ᠠ ᠪᠠᠭᠲᠠᠨ᠎ᠠ᠃ ᠡᠭᠦᠨ ᠳᠤ᠂ ᠤᠤᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠦᠢᠯᠡᠰ ᠤᠨ ᠠᠭᠤᠯᠭ᠎ᠠ᠂ ᠪᠡᠯᠡ ᠮᠥᠩᠭᠦ᠂ ᠬᠡᠷᠡᠭᠯᠡᠬᠦ ᠭᠤᠣᠯ ᠴᠣᠭᠴᠠ ᠵᠡᠷᠭᠡ ᠶᠢ ᠬᠠᠷᠢᠴᠠᠩᠭᠤᠢ ᠪᠠᠷ ᠲᠤᠰᠠᠭᠠᠷ ᠮᠦᠷᠳᠡᠬᠡᠨ ᠲᠣᠭᠲᠠᠭᠤᠨ ᠪᠠᠶᠢᠯᠭᠠᠵᠤ᠂ ᠵᠣᠬᠢᠴᠠᠩᠭᠤᠢ ᠦᠢᠯᠡᠴᠢᠯᠡᠭᠡᠨ ᠤ ᠵᠢᠷᠤᠮᠵᠢᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠣᠶᠢᠯᠡᠴᠢᠯᠡᠬᠡᠨ ᠳᠤ ᠰᠢᠨ᠎ᠡ ᠪᠠᠷ ᠬᠤᠪᠢᠶᠠᠷᠢᠯᠠᠨ ᠣᠷᠣᠭᠤᠯᠤᠭᠰᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠤᠯᠭ᠎ᠠ ᠳᠣᠣᠷ᠎ᠠ ᠬᠤᠲᠠ ᠪᠣᠯᠣᠨ ᠬᠤᠰᠢᠭᠤ ᠲᠣᠭᠤᠷᠢᠭ ᠠᠴᠠ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠦᠪᠷᠳᠡᠬᠡᠨ ᠲᠣᠬᠢᠷᠠᠭᠤᠯᠤᠨ᠎ᠠ᠂ ᠪᠡᠯᠡ ᠮᠥᠩᠭᠦ ᠶᠢ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠬᠦ ᠪᠠᠷ ᠬᠢᠵᠠᠭᠠᠷᠯᠠᠬᠤ ᠦᠭᠡᠢ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠨᠢ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠣᠨ᠎ᠠ᠂ ᠬᠤᠲᠠ ᠪᠣᠯᠣᠨ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠤᠲᠠ ᠶᠢᠨ ᠡᠳ᠋ ᠤᠨ ᠵᠠᠰᠠᠭ ᠠᠴᠠ ᠲᠠᠰ ᠬᠤᠪᠢᠶᠠᠨ ᠨᠥᠬᠦᠪᠦᠷᠢᠯᠡᠬᠦ ᠶᠢ ᠬᠡᠷᠡᠭᠵᠢᠭᠦᠯᠵᠦ᠂ ᠪᠣᠳᠠᠲᠠᠢ ᠪᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    2. ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ᠃ ᠪᠦᠬᠦ ᠤᠯᠤᠰ ᠤᠨ ᠴᠢᠨᠠᠷᠲᠠᠢ ᠪᠤᠶᠤ ᠣᠷᠣᠨ ᠪᠦᠰᠡ ᠠᠯᠤᠰᠯᠠᠭᠰᠠᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ ᠳᠤ ᠭᠤᠣᠯᠳᠠᠭᠤ ᠤᠯᠤᠰ ᠤᠨ ᠡᠭᠡᠯᠢᠯᠡᠭᠡ ᠶᠢᠨ ᠲᠥᠯᠦᠪᠵᠢᠭᠦᠯᠭᠡ ᠳᠤ ᠣᠷᠣᠭᠤᠯᠤᠭᠰᠠᠨ ᠡᠩ ᠤᠨ ᠡᠭᠡᠯᠢᠯᠡᠭᠡ ᠵᠢᠴᠢ ᠤᠯᠤᠰ ᠠᠴᠠ ᠲᠣᠭᠲᠠᠭᠠᠭᠰᠠᠨ ᠬᠠᠮᠲᠤᠯᠢᠭ ᠤᠨ ᠴᠢᠨᠠᠷᠲᠠᠢ ᠰᠡᠷᠭᠡᠶᠢᠯᠡᠬᠦ ᠲᠠᠷᠢᠯᠭ᠎ᠠ ᠪᠠ ᠭᠤᠣᠯᠳᠠᠯᠭ᠎ᠠ ᠲᠠᠢ ᠬᠥᠮᠥᠰ ᠤᠨ ᠪᠠᠴᠢᠮ ᠪᠠᠶᠢᠳᠠᠯ ᠢ ᠠᠷᠭᠠᠴᠠᠬᠤ ᠲᠠᠷᠢᠯᠭ᠎ᠠ ᠳᠤ ᠬᠡᠷᠡᠭᠰᠡᠬᠦ ᠸᠠᠺᠼᠢᠨ ᠪᠠ ᠲᠠᠷᠢᠯᠭ᠎ᠠ ᠶᠢᠨ ᠪᠠᠭᠠᠵᠢ ᠬᠤᠳᠠᠯᠳᠤᠨ ᠠᠪᠬᠤ ᠵᠡᠷᠭᠡ ᠪᠠᠭᠲᠠᠨ᠎ᠠ᠃ ᠠᠶᠢᠽ ᠡᠪᠡᠳᠴᠢᠨ᠂ ᠰᠦᠷᠢᠶ᠎ᠡ ᠡᠪᠡᠳᠴᠢᠨ᠂ ᠴᠢᠰᠤ ᠰᠤᠷᠤᠭᠴᠢ ᠬᠤᠷᠣᠬᠠᠢ ᠶᠢᠨ ᠡᠪᠡᠳᠴᠢᠨ᠂  ᠪᠠᠳᠠᠬᠢ ᠶᠢᠨ ᠬᠤᠷᠤᠬᠠᠶᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂᠂ ᠣᠶᠣᠨ ᠰᠠᠨᠠᠭᠠᠨ ᠤ ᠰᠡᠳᠬᠢᠴᠡ ᠶᠢᠨ ᠡᠪᠡᠳᠴᠢᠨ ᠤ ᠶᠡᠷᠦᠩᠬᠡᠶᠢᠯᠡᠭᠰᠡᠨ ᠬᠠᠮᠢᠶᠠᠷᠤᠯᠲᠠ᠂ ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠵᠠᠭᠪᠤᠷ ᠪᠠ ᠲᠣᠬᠢᠷᠠᠮᠵᠢᠲᠠᠢ ᠮᠡᠷᠭᠡᠵᠢᠯ ᠤᠨ ᠬᠠᠶᠢᠯᠲᠠ ᠵᠡᠷᠭᠡ ᠠᠭᠤᠯᠭ᠎ᠠ ᠶᠢ ᠲᠥᠪ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠳᠤ ᠬᠤᠪᠢᠶᠠᠵᠤ᠂ ᠲᠥᠪ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠤᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠪᠠ ᠬᠥᠭᠵᠢᠯᠲᠡ ᠶᠢ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠪᠢᠶᠠᠷᠢᠯᠠᠨ ᠣᠷᠣᠭᠤᠯᠤᠨ᠎ᠠ᠃ ᠳᠡᠭᠡᠷ᠎ᠡ ᠳᠤᠷᠠᠳᠤᠭᠰᠠᠨ ᠲᠥᠷᠥᠯ ᠵᠦᠢᠯ ᠠᠴᠠ ᠭᠠᠳᠠᠨᠠᠬᠢ ᠤᠤᠯ  ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡᠨ ᠤ ᠲᠥᠷᠥᠯ ᠵᠦᠢᠯ ᠢ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠣᠶᠢᠯᠡᠴᠢᠯᠡᠬᠡᠨ ᠳᠤ ᠤᠷᠤᠭᠤᠯᠤᠨ ᠨᠢᠭᠡᠳᠦᠯᠲᠡᠢ ᠲᠥᠯᠥᠪᠯᠡᠨ ᠲᠤᠬᠢᠷᠠᠭᠤᠯᠤᠨ᠎ᠠ᠃    ︵ᠬᠤᠶᠠᠷ︶ ᠡᠮᠨᠡᠯᠬᠡ ᠶᠢᠨ ᠪᠠᠲᠤᠯᠠᠭ᠎ᠠ ᠶᠢᠨ ᠲᠠᠯ᠎ᠠ ᠪᠠᠷ᠃ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ  ᠤᠨ ᠨᠥᠬᠦᠪᠦᠷᠢ ᠪᠠ ᠡᠮᠨᠡᠯᠭᠡ ᠶᠢᠨ ᠠᠪᠤᠷᠠᠨ ᠲᠤᠰᠠᠯᠠᠯᠳᠠ ᠪᠠᠭᠳᠠᠨ᠎ᠠ᠃    1. ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠨᠥᠬᠦᠪᠦᠷᠢ᠃ ᠬᠤᠲᠠ ᠪᠣᠯᠣᠨ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠲᠠᠭᠠᠳᠬᠠᠯ ᠳᠤ ᠰᠦᠢᠳᠬᠡᠯ ᠲᠤᠰᠢᠶᠠᠬᠤ ᠨᠥᠬᠦᠪᠦᠷᠢ ᠣᠯᠭᠤᠨ᠎ᠠ᠃ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠬᠤ ᠶᠢ ᠲᠤᠳᠤᠷᠬᠠᠶᠢᠯᠠᠭᠰᠠᠨ ᠪᠣᠯ᠂ ᠬᠤᠲᠠ ᠪᠣᠯᠣᠨ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠤᠲᠠ ᠶᠢᠨ ᠡᠳ᠋ ᠤᠨ ᠵᠠᠰᠠᠭ ᠠᠴᠠ ᠲᠠᠰ ᠬᠤᠪᠢᠶᠠᠨ ᠨᠥᠬᠦᠪᠦᠷᠢᠯᠡᠬᠦ ᠶᠢ ᠬᠡᠷᠡᠭᠵᠢᠭᠦᠯᠵᠦ᠂ ᠪᠣᠳᠠᠲᠠᠢ ᠪᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    2. ᠡᠮᠨᠡᠯᠭᠡ ᠶᠢᠨ ᠠᠪᠤᠷᠠᠨ ᠲᠤᠰᠠᠯᠠᠯᠳᠠ᠃ ᠡᠭᠦᠨ ᠳᠤ ᠬᠤᠲᠠ ᠬᠥᠳᠡᠭᠡ ᠶᠢᠨ ᠡᠮᠨᠡᠯᠭᠡ ᠶᠢᠨ ᠠᠪᠤᠷᠠᠨ ᠲᠤᠰᠠᠯᠠᠯᠲᠠ ᠪᠠ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠳᠠ ᠪᠠᠭᠳᠠᠨ᠎ᠠ᠃ ᠡᠳ᠋ ᠮᠥᠩᠭᠦ ᠪᠠᠷ ᠲᠤᠰᠠᠯᠠᠵᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠬᠡ  ᠶᠢᠨ ᠲᠠᠭᠠᠳᠬᠠᠯ ᠳᠤ ᠣᠷᠤᠯᠴᠠᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠠᠪᠤᠷᠠᠨ ᠲᠤᠰᠠᠯᠠᠬᠤ ᠡᠲᠡᠭᠡᠳ ᠢ ᠬᠤᠰᠢᠭᠤ ᠲᠤᠭᠤᠷᠢᠭ ᠤᠨ ᠠᠷᠠᠳ ᠤᠨ ᠶᠠᠪᠤᠳᠠᠯ᠂ ᠡᠮᠨᠡᠯᠬᠡ ᠶᠢᠨ ᠲᠠᠭᠠᠳᠬᠠᠯ ᠤᠨ ᠰᠠᠯᠠᠭ᠎ᠠ ᠮᠥᠴᠢᠷ ᠢᠶᠠᠷ ᠬᠠᠮᠲᠤ ᠪᠠᠷ ᠨᠤᠲᠠᠯᠠᠭᠤᠯᠤᠭᠰᠠᠨ ᠤ ᠳᠠᠷᠠᠭ᠎ᠠ᠂ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠮᠥᠩᠭᠦ ᠪᠠᠷ ᠲᠤᠰᠠᠯᠠᠬᠤ ᠪᠡᠯᠡ ᠮᠥᠩᠭᠦ ᠶᠢ ᠲᠤᠰᠠᠭᠠᠷ ᠲᠥᠰᠥᠪ ᠲᠤ ᠣᠷᠣᠭᠤᠯᠤᠨ᠎ᠠ᠃ ᠠᠪᠤᠷᠠᠨ ᠲᠤᠰᠠᠯᠠᠬᠤ ᠡᠲᠡᠭᠡᠳ ᠤᠨ ᠡᠭᠦᠳᠡᠨ ᠡᠮᠨᠡᠯᠭᠡ  ᠶᠢᠨ ᠠᠪᠤᠷᠠᠨ ᠲᠤᠰᠠᠯᠠᠯᠲᠠ ᠪᠠ ᠡᠮᠨᠡᠯᠭᠡ ᠳᠤ ᠰᠠᠭᠤᠬᠤ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠨᠥᠬᠦᠪᠦᠷᠢ ᠮᠥᠩᠭᠦ ᠶᠢ ᠬᠤᠲᠠ᠂ ᠬᠤᠰᠢᠭᠤ ᠲᠣᠭᠤᠷᠢᠭ ᠤᠨ ᠬᠤᠶᠠᠷ ᠱᠠᠲᠤᠨ ᠤ ᠡᠳ᠋ ᠤᠨ ᠵᠠᠰᠠᠭ ᠠᠴᠠ ᠳᠡᠭᠡᠳᠦ ᠱᠠᠲᠤᠨ ᠠᠴᠠ ᠪᠠᠭᠤᠯᠭᠠᠭᠰᠠᠨ ᠬᠤᠲᠠ ᠬᠥᠳᠡᠭᠡ ᠶᠢᠨ ᠡᠮᠨᠡᠯᠭᠡ ᠶᠢᠨ ᠠᠪᠤᠷᠠᠨ ᠲᠤᠰᠠᠯᠠᠬᠤ ᠨᠥᠬᠦᠪᠦᠷᠢ ᠮᠥᠩᠭᠦ ᠪᠠ ᠪᠤᠰᠤᠳ ᠠᠷᠭ᠎ᠠ ᠵᠠᠮ ᠢᠶᠠᠷ ᠣᠷᠣᠭᠤᠯᠤᠭᠰᠠᠨ ᠡᠮᠨᠡᠯᠭᠡ ᠶᠢᠨ ᠠᠪᠤᠷᠠᠨ ᠲᠤᠰᠠᠯᠠᠬᠤ ᠮᠥᠩᠭᠦ ᠶᠢᠨ ᠰᠠᠭᠤᠷᠢᠨ ᠳᠡᠭᠡᠷ᠎ᠡ᠂ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠲᠣᠭᠲᠠᠭᠠᠯ ᠶᠣᠰᠣᠭᠠᠷ᠂ ᠳᠡᠭᠡᠷ᠎ᠡ ᠵᠢᠯ ᠤᠨ ᠡᠮᠨᠡᠯᠬᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠵᠠᠷᠤᠯᠭ᠎ᠠ ᠶᠢᠨ ᠪᠠᠶᠢᠳᠠᠯ ᠪᠠ ᠦᠯᠡᠳᠡᠪᠦᠷᠢ ᠶᠢᠨ ᠪᠠᠶᠢᠳᠠᠯ ᠢᠶᠠᠷ ᠯᠠᠪᠯᠠᠯᠲᠠ ᠪᠣᠯᠭᠠᠨ ᠲᠥᠰᠥᠪ ᠲᠤ ᠭᠦᠢᠴᠡᠳ ᠲᠤᠭ᠎ᠠ ᠪᠠᠷ ᠵᠢᠭᠰᠠᠭᠠᠨ ᠣᠷᠣᠭᠤᠯᠵᠤ᠂ ᠬᠦᠷᠦᠯᠴᠡᠬᠦ ᠦᠭᠡᠢ ᠬᠡᠰᠡᠭ ᠢ ᠬᠤᠰᠢᠭᠤ ᠲᠣᠭᠤᠷᠢᠭ ᠤᠨ ᠡᠳ᠋ ᠤᠨ ᠵᠠᠰᠠᠭ   ᠠᠴᠠ ᠪᠦᠬᠦᠨ ᠢ ᠳᠠᠭᠠᠭᠠᠨ ᠨᠥᠬᠦᠪᠦᠷᠢᠯᠡᠨ᠎ᠡ᠃    ︵ᠭᠤᠷᠪᠠ︶ ᠲᠥᠯᠥᠪᠯᠡᠭᠡ ᠲᠠᠢ ᠪᠠᠷ ᠬᠡᠦᠬᠡᠳ ᠠᠪᠬᠤ ᠲᠠᠯ᠎ᠠ ᠪᠠᠷ᠃ ᠡᠭᠦᠨ ᠳᠤ ᠬᠥᠳᠡᠭᠡ ᠲᠣᠰᠬᠤᠨ ᠤ ᠲᠦᠯᠦᠪᠯᠡᠭᠡ ᠲᠠᠢ ᠪᠠᠷ ᠬᠡᠣᠬᠡᠳ ᠠᠪᠤᠭᠰᠠᠨ ᠵᠠᠷᠢᠮ ᠭᠡᠷ ᠪᠦᠯᠢ ᠶᠢ ᠱᠠᠩᠨᠠᠨ ᠲᠡᠳᠬᠦᠬᠦ᠂ ᠲᠦᠯᠦᠪᠯᠡᠭᠡ ᠲᠠᠢ ᠪᠠᠷ ᠬᠡᠣᠬᠡᠳ ᠠᠪᠤᠭᠰᠠᠨ ᠭᠡᠷ ᠪᠦᠯᠢ ᠶᠢ ᠣᠨᠴᠣᠭᠤᠢ ᠲᠡᠮᠵᠢᠯᠬᠡ ᠪᠠ ᠭᠠᠭᠴᠠ ᠬᠡᠦᠬᠡᠳ ᠲᠠᠢ ᠡᠴᠢᠭᠡ ᠡᠬᠡ ᠶᠢ ᠱᠠᠩᠨᠠᠨ ᠬᠥᠬᠢᠭᠦᠯᠬᠦ ᠵᠠᠷᠤᠳᠠᠯ ᠵᠡᠷᠭᠡ ᠲᠦᠯᠦᠪᠯᠡᠭᠡ ᠲᠠᠢ ᠪᠠᠷ ᠬᠡᠣᠬᠡᠳ ᠠᠪᠬᠤ ᠶᠢ ᠳᠡᠮᠵᠢᠨ ᠲᠡᠳᠬᠦᠬᠦ ᠪᠠᠲᠤᠯᠠᠭ᠎ᠠ ᠶᠢᠨ 3 ᠲᠥᠷᠥᠯ ᠵᠦᠢᠯ ᠢ ᠪᠠᠭᠲᠠᠭᠠᠵᠤ᠂ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠭᠠᠨ ᠲᠤᠭᠳᠠᠭᠠᠵᠤ᠂ ᠬᠤᠲᠠ ᠪᠣᠯᠣᠨ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠤᠲᠠ ᠶᠢᠨ ᠡᠳ᠋ ᠤᠨ ᠵᠠᠰᠠᠭ ᠠᠴᠠ ᠲᠠᠰ ᠬᠤᠪᠢᠶᠠᠨ ᠨᠥᠬᠦᠪᠦᠷᠢᠯᠡᠬᠦ ᠶᠢ ᠬᠡᠷᠡᠭᠵᠢᠭᠦᠯᠦᠨ᠎ᠡ᠂ ᠪᠣᠳᠠᠲᠠᠢ ᠪᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠤᠲᠠ ᠶᠢᠨ ᠬᠡᠷᠡᠭᠵᠢᠭᠦᠯᠵᠦ ᠪᠠᠶᠢᠭ᠎ᠠ ᠲᠦᠯᠦᠪᠯᠡᠭᠡ ᠲᠠᠢ ᠪᠠᠷ ᠬᠡᠣᠬᠡᠳ ᠠᠪᠤᠭᠰᠠᠨ ᠭᠡᠷ ᠪᠦᠯᠢ ᠶᠢ ᠲᠡᠳᠬᠦᠬᠦ ᠲᠥᠷᠥᠯ ᠵᠦᠢᠯ ᠪᠤᠶᠤ ᠨᠢᠭᠡᠨᠲᠡ ᠨᠡᠶᠢᠲᠡᠯᠡᠭᠰᠡᠨ ᠲᠦᠯᠦᠪᠯᠡᠭᠡ ᠲᠠᠢ ᠪᠠᠷ ᠬᠡᠣᠬᠡᠳ ᠠᠪᠬᠤ ᠲᠤᠰᠠᠯᠠᠯᠲᠠ ᠶᠢᠨ ᠮᠥᠩᠭᠦ ᠶᠢᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠡᠮᠵᠢᠨ ᠲᠤᠰᠠᠯᠠᠬᠤ ᠮᠥᠩᠭᠦ ᠶᠢᠨ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠬᠡᠷᠡᠭᠰᠡᠬᠦ ᠵᠠᠷᠤᠳᠠᠯ ᠢ ᠬᠤᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    ︵ᠳᠥᠷᠪᠡ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠃ ᠡᠭᠦᠨ ᠳᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠡᠷᠡᠭ ᠶᠠᠪᠤᠳᠠᠯ᠂ ᠡᠮᠨᠡᠯᠬᠡ ᠶᠢᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠪᠠ ᠮᠣᠩᠭᠤᠯ ᠡᠮ ᠡᠮᠨᠡᠯᠭᠡ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠵᠡᠷᠬᠡ ᠪᠠᠭᠳᠠᠨ᠎ᠠ᠃    1. ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ᠃ ᠡᠮᠨᠡᠯᠬᠡ ᠡᠷᠡᠭᠦᠯ ᠬᠠᠮᠠᠭᠠᠯᠠᠯ  ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠬᠠᠷᠢᠶᠠᠯᠠᠭᠳᠠᠬᠤ ᠬᠠᠷᠢᠴᠠᠭ᠎ᠠ ᠶᠤᠰᠤᠭᠠᠷ ᠲᠣᠰ ᠲᠣᠰ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠶᠤ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠭᠠᠨ ᠲᠣᠳᠣᠷᠬᠠᠶᠢᠯᠠᠵᠤ᠂ ᠠᠳᠠᠯᠢ ᠱᠠᠲᠤᠨ ᠤ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠦᠪᠵᠢᠭᠦᠯᠭᠡ ᠳᠤ ᠨᠡᠶᠢᠴᠡᠬᠦ ᠬᠤᠲᠠ ᠶᠢᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠭᠠᠨ ᠲᠣᠳᠣᠷᠬᠠᠶᠢᠯᠠᠵᠤ᠂ ᠬᠤᠲᠠ ᠶᠢᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠳᠠ ᠶᠢᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠤᠰᠢᠭᠤ ᠲᠤᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠨᠠᠶᠢᠳᠠᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠠᠪᠤᠷᠠᠬᠤ᠂ ᠭᠠᠳᠠᠭᠠᠳᠤ ᠶᠢ ᠲᠤᠰᠠᠯᠠᠬᠤ᠂ ᠲᠠᠷᠢᠶᠠᠯᠠᠩ ᠢ ᠲᠤᠰᠠᠯᠠᠬᠤ᠂ ᠬᠢᠯᠢ ᠬᠢᠵᠠᠭᠠᠷ ᠢ ᠳᠡᠮᠵᠢᠬᠦ ᠵᠡᠷᠭᠡ ᠡᠭᠦᠷᠭᠡ ᠶᠢ ᠡᠭᠦᠷᠭᠡᠯᠡᠭᠰᠡᠨ ᠪᠣᠯ ᠬᠤᠰᠢᠭᠤ ᠲᠤᠭᠤᠷᠢᠭ ᠤᠨ ᠡᠳ᠋ ᠤᠨ ᠵᠠᠰᠠᠭ ᠠᠴᠠ ᠵᠦᠢ ᠵᠣᠬᠢᠰᠲᠠᠢ ᠲᠤᠰᠠᠯᠠᠮᠵᠢ ᠣᠯᠭᠤᠨ᠎ᠠ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠦᠪᠵᠢᠭᠦᠯᠭᠡ ᠳᠤ ᠨᠡᠶᠢᠴᠡᠬᠦ ᠬᠤᠰᠢᠭᠤ ᠲᠤᠭᠤᠷᠢᠭ ᠤᠨ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠭᠠᠵᠤ᠂ ᠬᠤᠰᠢᠭᠤ ᠲᠤᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠲᠣᠭᠤᠷᠢᠭ ᠤᠨ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠶᠠᠪᠤᠳᠠᠯ ᠤᠨ ᠡᠷᠬᠡ ᠶᠢᠨ ᠡᠭᠦᠷᠭᠡ ᠶᠢ ᠡᠭᠦᠷᠭᠡᠯᠡᠭᠰᠡᠨ ᠪᠠᠶᠢᠪᠠᠯ᠂ ᠬᠤᠲᠠ ᠶᠢᠨ ᠡᠳ᠋ ᠤᠨ ᠵᠠᠰᠠᠭ  ᠠᠴᠠ ᠵᠦᠢ ᠵᠣᠬᠢᠰᠲᠠᠢ ᠨᠥᠬᠦᠪᠦᠷᠢ ᠣᠯᠭᠤᠨ᠎ᠠ᠃ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ᠂ ᠬᠤᠲᠠ ᠶᠢᠨ ᠡᠳ᠋ ᠤᠨ ᠵᠠᠰᠠᠭ ᠠᠴᠠ ᠬᠤᠰᠢᠭᠤ ᠲᠤᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ᠂ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠬᠦ᠂ ᠬᠦᠴᠢᠷᠳᠡᠯᠲᠡᠢ ᠭᠠᠵᠠᠷ ᠣᠷᠣᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃ ᠨᠡᠶᠢᠭᠡᠮ ᠤᠨ ᠬᠦᠴᠦᠨ ᠢᠶᠠᠷ ᠡᠮᠨᠡᠯᠭᠡ ᠡᠷᠭᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    2. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠪᠠᠭᠳᠠᠨ᠎ᠠ᠃ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠦᠨᠳᠦᠰᠦᠯᠡᠨ ᠨᠢᠭᠡᠳᠦᠯᠲᠡᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ  ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠲᠥᠷᠥᠯ ᠵᠦᠢᠯ ᠢ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠭᠠᠨ ᠲᠤᠳᠤᠷᠬᠠᠶᠢᠯᠠᠵᠤ᠂ ᠬᠤᠲᠠ ᠪᠠ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠬᠤᠲᠠ ᠶᠢᠨ ᠡᠳ᠋ ᠤᠨ ᠵᠠᠰᠠᠭ ᠠᠴᠠ ᠠᠵᠢᠯ ᠤᠨ ᠡᠭᠦᠷᠭᠡ ᠶᠢᠨ ᠬᠡᠮᠵᠢᠶ᠎ᠡ᠂ ᠨᠥᠬᠦᠪᠦᠷᠢ ᠶᠢᠨ ᠪᠠᠷᠢᠮᠵᠢᠶ᠎ᠠ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠪᠠᠶᠢᠳᠠᠯ ᠢ ᠦᠨᠳᠦᠰᠦᠯᠡᠨ ᠪᠡᠯᠡ ᠮᠥᠩᠭᠦ ᠶᠢ ᠰᠢᠯᠵᠢᠭᠦᠯᠦᠨ ᠦᠭᠭᠦᠨ᠎ᠡ᠃ ᠬᠤᠰᠢᠭᠤ  ᠲᠤᠭᠤᠷᠢᠭ ᠤᠨ ᠦᠪᠡᠷᠳᠡᠬᠡᠨ ᠬᠡᠷᠡᠭᠵᠢᠭᠦᠯᠦᠭᠰᠡᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠪᠣᠯ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠣᠨ᠎ᠠ᠂ ᠬᠤᠰᠢᠭᠤ ᠲᠤᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    3. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠡᠷᠡᠭ ᠶᠠᠪᠤᠳᠠᠯ᠃ ᠡᠭᠦᠨ ᠳᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠶᠡᠷᠦᠩᠬᠡᠶᠢᠯᠡᠨ ᠬᠢᠨᠠᠨ ᠬᠠᠮᠢᠶᠠᠷᠬᠤ᠂ ᠤᠬᠠᠭᠤᠯᠵᠤ ᠬᠥᠲᠥᠯᠥᠨ ᠵᠢᠯᠤᠭᠤᠳᠬᠤ᠂ ᠡᠷᠡᠭᠦᠯ ᠮᠡᠨᠳᠦ ᠶᠢ ᠠᠬᠢᠭᠤᠯᠬᠤ᠂ ᠦᠨᠳᠦᠰᠦᠨ ᠡᠮ ᠤᠨ ᠵᠣᠶᠢᠯ ᠪᠠ ᠲᠤᠲᠠᠭᠳᠠᠵᠤ ᠪᠠᠶᠢᠭ᠎ᠠ ᠡᠮ ᠤᠨ ᠵᠦᠢᠯ ᠢ ᠬᠢᠨᠠᠨ ᠬᠡᠮᠵᠢᠬᠦ᠂ ᠡᠷᠡᠭᠦᠯ ᠮᠡᠨᠳᠦ ᠶᠢᠨ ᠬᠦᠨᠳᠦ ᠶᠡᠭᠡ ᠬᠤᠣᠷ ᠬᠥᠨᠥᠭᠡᠯ ᠤᠨ ᠬᠦᠴᠦᠨ ᠵᠦᠢᠯ ᠪᠠ ᠬᠦᠨᠳᠦ ᠶᠡᠭᠡ ᠡᠪᠡᠳᠴᠢᠨ ᠡᠮᠭᠡᠭ ᠢ ᠬᠢᠨᠠᠨ ᠬᠡᠮᠵᠢᠬᠦ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠢ ᠬᠢᠨᠠᠨ ᠬᠡᠮᠵᠢᠬᠦ ᠵᠡᠷᠭᠡ ᠶᠢ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠶᠠᠯᠠᠭᠳᠠᠬᠤ ᠬᠠᠷᠢᠴᠠᠭ᠎ᠠ ᠶᠤᠰᠤᠭᠠᠷ ᠲᠣᠰ ᠲᠣᠰ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠶᠤ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠭᠠᠨ ᠲᠣᠳᠣᠷᠬᠠᠶᠢᠯᠠᠵᠤ᠂ ᠠᠳᠠᠯᠢ ᠱᠠᠲᠤᠨ ᠤ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    4. ᠡᠮᠨᠡᠯᠬᠡ ᠶᠢᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠃ ᠡᠭᠦᠨ ᠳᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠶᠡᠷᠦᠩᠬᠡᠶᠢᠯᠡᠨ ᠬᠢᠨᠠᠨ ᠬᠠᠮᠢᠶᠠᠷᠬᠤ᠂ ᠤᠬᠠᠭᠤᠯᠵᠤ ᠬᠥᠲᠥᠯᠥᠨ ᠵᠢᠯᠤᠭᠤᠳᠬᠤ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠶᠢ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠶᠢ ᠡᠭᠦᠷᠬᠡᠯᠡᠵᠣ ᠪᠠᠶᠢᠭ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠲᠣᠰ ᠲᠣᠰ ᠬᠤᠲᠠ ᠶᠢᠨ ᠡᠳ᠋  ᠤᠨ ᠵᠠᠰᠠᠭ ᠤᠨ ᠶᠠᠪᠤᠳᠠᠯ ᠤᠨ ᠡᠷᠬᠡ ᠪᠤᠶᠤ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠭᠠᠨ ᠲᠤᠳᠤᠷᠬᠠᠶᠢᠯᠠᠵᠣ᠂ ᠠᠳᠠᠯᠢ ᠱᠠᠲᠤᠨ ᠤ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ ᠬᠤᠳᠠ ᠠᠴᠠ ᠬᠤᠰᠢᠭᠤ ᠲᠣᠭᠤᠷᠢᠭ ᠤᠨ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠳᠤ ᠲᠣᠭᠲᠠᠭᠠᠯ ᠶᠣᠰᠣᠭᠠᠷ ᠲᠤᠰᠠᠯᠠᠮᠵᠢ ᠣᠯᠭᠤᠨ᠎ᠠ᠃   5. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠢ  ᠵᠠᠯᠭᠠᠮᠵᠢᠯᠠᠨ ᠬᠥᠭᠵᠢᠭᠦᠯᠬᠦ ᠪᠠ ᠮᠣᠩᠭᠤᠯ ᠡᠮ ᠡᠮᠨᠡᠯᠭᠡ ᠶᠢᠨ ᠦᠢᠯᠡᠰ ᠢ ᠬᠦᠭᠵᠢᠭᠦᠯᠦᠨ ᠮᠠᠨᠳᠤᠭᠤᠯᠤᠨ᠎ᠠ᠃ ᠡᠬᠦᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠬᠡᠨ ᠤ ᠳᠠᠪᠠᠭᠤᠯᠢᠭ ᠢ ᠪᠣᠶᠢᠵᠢᠭᠤᠯᠬᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠳᠡᠯᠭᠡ ᠶᠢ ᠬᠠᠮᠠᠭᠠᠯᠠᠬᠤ ᠪᠠ ᠠᠭᠤᠳᠠᠯᠬᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ︽ᠡᠷᠡᠭᠦᠯᠵᠢᠯ︾ ᠤᠨ ᠮᠡᠷᠭᠡᠵᠢᠯ ᠢ  ᠵᠢᠷᠤᠮᠵᠢᠭᠤᠯᠬᠤ ᠪᠠ ᠲᠡᠯᠬᠡᠷᠡᠭᠦᠯᠬᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠭᠤᠣᠯᠳᠠᠯᠭ᠎ᠠ ᠲᠠᠢ ᠲᠤᠰᠬᠠᠢ ᠡᠪᠡᠳᠴᠢᠨ ᠤ ᠲᠤᠰᠬᠠᠢ ᠰᠠᠯᠠᠭ᠎ᠠ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ  ᠪᠤᠯᠭᠠᠨ ᠲᠤᠭᠳᠠᠭᠠᠵᠤ᠂ ᠬᠤᠲᠠ ᠪᠣᠯᠣᠨ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃ ᠲᠣᠭᠲᠠᠭᠠᠯ ᠶᠣᠰᠣᠭᠠᠷ ᠨᠢᠭᠡᠳᠦᠯᠲᠡᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠬᠢᠲᠠᠳ ᠡᠮ ︵ᠮᠣᠩᠭᠤᠯ ᠡᠮ︶ ᠨᠠᠶᠢᠷᠠᠭᠤᠯᠬᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠷᠢᠭᠦᠨ ᠤ ᠭᠤᠣᠯᠳᠠᠯᠭ᠎ᠠ ᠲᠠᠢ ᠰᠢᠨᠵᠢᠯᠡᠭᠡᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭᠲᠤ ᠲᠤᠰᠬᠠᠢ ᠰᠠᠯᠠᠭ᠎ᠠ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠤᠰᠤᠭᠠᠷ ᠨᠢᠭᠡᠳᠦᠯᠲᠡᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ᠂ ᠮᠣᠩᠭᠤᠯ ᠡᠮ ᠢ ᠰᠤᠳᠤᠯᠤᠨ ᠨᠡᠭᠡᠭᠡᠬᠦ ᠴᠢᠬᠤᠯᠠ ᠶᠡᠭᠡ ᠲᠤᠰᠬᠠᠢ ᠵᠦᠢᠯ᠂ ᠮᠣᠩᠭᠤᠯ ᠡᠮ ᠡᠮᠨᠡᠯᠭᠡ ᠶᠢᠨ ᠡᠮᠴᠢᠯᠡᠬᠡᠨ ᠤ ᠰᠤᠳᠤᠯᠭᠠᠨ ᠤ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ ᠭᠠᠳᠠᠭᠠᠳᠤ ᠲᠠᠢ ᠰᠣᠯᠢᠯᠴᠠᠭ᠎ᠠ ᠬᠢᠬᠦ ᠵᠡᠷᠭᠡ ᠶᠢ ᠬᠤᠲᠠ ᠪᠤᠶᠤ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠭᠠᠨ ᠲᠤᠳᠤᠷᠬᠠᠶᠢᠯᠠᠵᠤ᠂ ᠠᠳᠠᠯᠢ ᠱᠠᠲᠤᠨ ᠤ ᠡᠳ᠋ ᠤᠨ ᠵᠠᠰᠠᠭ ᠠᠴᠠ ᠵᠠᠷᠤᠯᠭ᠎ᠠ  ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃     ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠤ  ᠵᠢᠭᠰᠠᠭᠠᠭᠳᠠᠭᠰᠠᠨ ᠦᠭᠡᠢ ᠪᠤᠰᠤᠳ ᠵᠦᠢᠯᠡᠰ ᠲᠤ᠂ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠪᠠᠷ ᠲᠣᠭᠲᠠᠭᠠᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠯᠪᠣᠭᠳᠠᠯ ᠪᠦᠬᠦᠢ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠭᠠᠵᠠᠷ ᠣᠷᠣᠨ ᠦᠷᠭᠦᠯᠵᠢᠯᠡᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠬᠦᠯᠬᠦ ᠶᠢ ᠲᠤᠳᠤᠷᠬᠠᠢ ᠲᠤᠭᠳᠠᠭᠠᠪᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠴᠡᠷᠢᠭ ᠠᠩᠭᠢ᠂ ᠤᠯᠤᠰ ᠤᠨ ᠦᠮᠴᠢᠯᠡᠯᠳᠤ ᠪᠠ ᠬᠠᠮᠲᠤ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠵᠡᠷᠭᠡ ᠶᠢᠨ ᠡᠷᠬᠢᠯᠡᠭᠰᠡᠨ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠤᠳᠤ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠪᠠ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠵᠠᠷᠤᠳᠠᠯ ᠤᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠣᠯᠬᠤ ᠮᠥᠷᠲᠡᠭᠡᠨ ᠦᠨᠡᠨᠬᠦ ᠬᠤᠰᠢᠭᠤ ᠲᠣᠭᠤᠷᠢᠭ ᠲᠤ ᠨᠠᠶᠢᠳᠠᠵᠤ ᠬᠡᠷᠡᠭᠵᠢᠭᠦᠯᠬᠦ ᠴᠢᠬᠤᠯᠠᠲᠠᠢ ᠵᠦᠢᠯᠡᠰ ᠢ ᠬᠤᠰᠢᠭᠤ ᠲᠣᠭᠤᠷᠢᠭ ᠨᠢ ᠨᠠᠶᠢᠳᠠᠭᠰᠠᠨ ᠬᠦᠷᠢᠶ᠎ᠡ  ᠴᠠᠷᠠᠭᠠᠨ ᠳᠣᠲᠣᠷ᠎ᠠ᠂ ᠨᠠᠶᠢᠳᠠᠭᠰᠠᠨ ᠨᠢᠭᠡᠴᠡ ᠶᠢᠨ ᠨᠡᠷ᠎ᠡ ᠪᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ ᠂ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠨᠠᠶᠢᠳᠠᠭᠰᠠᠨ ᠨᠢᠭᠡᠴᠡ ᠶᠢᠨ ᠬᠢᠨᠠᠯᠲᠠ ᠲᠠᠯᠪᠢᠬᠤ ᠶᠢ ᠬᠦᠯᠢᠶᠡᠨ᠎ᠡ᠃ ᠬᠤᠲᠠ ᠬᠢᠭᠡᠳ ᠬᠤᠰᠢᠭᠤ ᠲᠣᠭᠤᠷᠢᠭ ᠤᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠶᠢᠨ ᠵᠦᠢᠯᠡᠰ ᠤᠨ ᠳᠣᠲᠣᠷ᠎ᠠ᠂ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠣᠶᠢᠯᠡᠴᠢᠯᠡᠭᠡ᠂ ᠲᠦᠯᠦᠪᠯᠡᠭᠡ ᠲᠠᠢ ᠪᠠᠷ ᠬᠡᠣᠬᠡᠳ ᠠᠪᠬᠤ ᠲᠤᠰᠠᠯᠠᠯᠲᠠ ᠶᠢᠨ ᠪᠠᠲᠤᠯᠠᠭ᠎ᠠ ᠵᠡᠷᠭᠡ ᠬᠤᠲᠠ ᠠᠴᠠ ᠪᠥᠬᠦ ᠬᠤᠲᠠ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠵᠦᠢᠯᠡᠰ ᠢ ᠡᠯ᠎ᠡ ᠬᠤᠰᠢᠭᠤ ᠲᠣᠭᠤᠷᠢᠭ ᠨᠢ ᠪᠥᠬᠦ ᠬᠤᠲᠠ ᠶᠢᠨ ᠰᠠᠭᠤᠷᠢ ᠪᠠᠷᠢᠮᠵᠢᠶ᠎ᠠ ᠶᠢ ᠨᠠᠶᠢᠳᠠᠪᠦᠷᠢᠵᠢᠭᠤᠯᠤᠭᠰᠠᠨ ᠤᠷᠢᠲᠠᠯ ᠳᠣᠣᠷ᠎ᠠ᠂ ᠪᠠᠲᠤᠯᠠᠭ᠎ᠠ ᠶᠢᠨ ᠠᠭᠤᠯᠭ᠎ᠠ ᠶᠢ ᠵᠦᠢ ᠵᠣᠬᠢᠰᠲᠠᠢ ᠨᠡᠮᠡᠭᠳᠡᠭᠦᠯᠬᠦ ᠪᠤᠶᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠥᠨᠳᠥᠷ ᠬᠡᠰᠡᠭ ᠢ ᠠᠳᠠᠯᠢ ᠱᠠᠲᠤᠨ ᠤ ᠡᠳ᠋ ᠤᠨ ᠵᠠᠰᠠᠭ ᠠᠴᠠ ᠲᠣᠭᠲᠠᠭᠠᠯ ᠶᠣᠰᠣᠭᠠᠷ ᠡᠭᠦᠷᠭᠡᠯᠡᠨ᠎ᠡ᠃ ᠡᠮᠨᠡᠯᠭᠡ ᠶᠢᠨ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠤᠯᠤᠰ ᠤᠨ ᠰᠠᠭᠤᠷᠢ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠬᠤ ᠳᠤ ᠬᠢᠯᠪᠠᠷ ᠪᠤᠰᠤ ᠪᠤᠶᠤ ᠲᠦᠷ ᠨᠥᠬᠦᠴᠡᠯ ᠪᠦᠷᠢᠯᠳᠦᠭᠦᠯᠦᠭᠡᠳᠦᠢ ᠵᠦᠢᠯᠡᠰ ᠲᠤ᠂ ᠬᠤᠲᠠ ᠠᠴᠠ ᠵᠠᠷᠴᠢᠮ ᠱᠠᠭᠠᠷᠳᠠᠯᠭ᠎ᠠ ᠳᠤᠷᠠᠳᠬᠤ ᠶᠢᠨ ᠬᠠᠮᠲᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠵᠤ᠂ ᠡᠯ᠎ᠡ ᠬᠤᠰᠢᠭᠤ ᠲᠣᠭᠤᠷᠢᠭ ᠨᠢ ᠡᠭᠦᠨ ᠢ ᠦᠨᠳᠦᠰᠦᠯᠡᠨ ᠲᠣᠰ ᠬᠤᠰᠢᠭᠤ ᠲᠣᠭᠤᠷᠢᠭ ᠤᠨ ᠪᠠᠷᠢᠮᠵᠢᠶ᠎ᠠ ᠪᠠᠨ ᠦᠪᠡᠷᠳᠡᠬᠡᠨ ᠲᠣᠭᠲᠠᠭᠠᠵᠤ᠂ ᠬᠤᠲᠠ ᠶᠢᠨ ᠡᠳ᠋ ᠤᠨ ᠵᠠᠰᠠᠭ ᠠᠴᠠ ᠵᠣᠬᠢᠬᠤ ᠨᠥᠬᠦᠪᠦᠷᠢ ᠣᠯᠭᠤᠨ᠎ᠠ᠃ ᠡᠯ᠎ᠡ ᠬᠤᠰᠢᠭᠤ ᠲᠤᠭᠤᠷᠢᠭ ᠨᠤᠭᠤᠳ ᠲᠣᠰ ᠬᠤᠰᠢᠭᠤ ᠲᠤᠭᠤᠷᠢᠭ ᠤᠨ ᠪᠠᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ ᠳᠡᠭᠡᠨ ᠣᠷᠣᠨ ᠪᠦᠰᠡ ᠶᠢᠨ ᠬᠤᠭᠤᠷᠣᠨᠳᠣᠬᠢ ᠡᠮᠨᠡᠯᠬᠡ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠲᠥᠪ ᠭᠤᠥᠯᠴᠢ ᠴᠢᠨᠠᠷ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠦᠷᠬᠦᠯᠵᠢᠯᠡᠯ ᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠲᠣᠭᠤᠷᠢᠭ ᠤᠨ ᠪᠠᠷᠢᠮᠵᠢᠶ᠎ᠠ ᠨᠢ ᠬᠤᠲᠠ ᠶᠢᠨ ᠰᠠᠭᠤᠷᠢ ᠪᠠᠷᠢᠮᠵᠢᠶ᠎ᠠ ᠠᠴᠠ ᠥᠨᠳᠥᠷ ᠪᠠᠶᠢᠪᠠᠯ᠂ ᠤᠷᠢᠳᠠᠪᠠᠷ ᠲᠠᠰ ᠳᠠᠷᠠᠭᠠᠯᠠᠯ ᠶᠣᠰᠣᠭᠠᠷ ᠬᠤᠲᠠ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠴᠢᠬᠤᠯᠠ ᠶᠡᠭᠡ ᠲᠥᠷᠥ  ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠭᠡ ᠳᠤ ᠬᠤᠯᠪᠣᠭᠳᠠᠬᠤ ᠵᠦᠢᠯᠡᠰ ᠢ ᠨᠡᠶᠢᠲᠡᠯᠡᠬᠦ ᠳᠤ᠂ ᠤᠷᠢᠳᠠᠪᠠᠷ ᠲᠠᠰ ᠳᠠᠷᠠᠭᠠᠯᠠᠯ ᠶᠣᠰᠣᠭᠠᠷ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃    ᠣᠲᠣ ᠶᠢᠨ ᠪᠠᠶᠢᠭ᠎ᠠ ᠬᠤᠲᠠ ᠠᠴᠠ ᠳᠣᠷᠣᠭᠰᠢᠬᠢ ᠱᠠᠲᠤᠨ ᠤ ᠡᠳ᠋ ᠤᠨ ᠬᠦᠴᠦᠨ ᠤ ᠪᠠᠶᠢᠳᠠᠯ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠵᠠᠷᠴᠢᠮ ᠶᠣᠰᠣᠭᠠᠷ᠂ ᠳᠡᠭᠡᠷ᠎ᠡ ᠳᠤᠷᠠᠳᠤᠭᠰᠠᠨ ᠬᠤᠪᠢᠶᠠᠨ ᠡᠭᠦᠷᠭᠡᠯᠡᠬᠦ ᠬᠠᠷᠢᠴᠠᠯ ᠤᠨ ᠲᠣᠬᠢᠷᠠᠭᠤᠯᠤᠯᠲᠠ ᠳᠤ ᠬᠤᠯᠪᠣᠭᠳᠠᠬᠤ ᠬᠤᠲᠠ ᠬᠢᠭᠡᠳ ᠬᠤᠰᠢᠭᠤ ᠲᠣᠭᠤᠷᠢᠭ ᠤᠨ ᠵᠠᠷᠤᠯᠭ᠎ᠠ ᠶᠢᠨ ᠰᠠᠭᠤᠷᠢ ᠲᠤᠭ᠎ᠠ ᠶᠢ ᠬᠤᠪᠢᠶᠠᠷᠢᠯᠠᠨ ᠰᠢᠯᠵᠢᠭᠦᠯᠬᠦ ᠳᠤ᠂ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃    ᠳᠥᠷᠪᠡ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ    ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯ ᠬᠤᠲᠠ ᠬᠢᠭᠡᠳ ᠬᠤᠰᠢᠭᠤ ᠲᠣᠭᠤᠷᠢᠭ ᠤᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠣᠨ᠎ᠠ᠂ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠨᠢᠭᠡ︶ ᠬᠠᠮᠢᠶ᠎ᠠ ᠪᠦᠬᠦᠢ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠬᠤᠲᠠ ᠬᠢᠭᠡᠳ ᠬᠤᠰᠢᠭᠤ ᠲᠣᠭᠤᠷᠢᠭ ᠤᠨ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠲᠠ ᠤᠶᠠᠯᠳᠤᠭᠤᠯᠵᠤ᠂ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠲᠠᠭᠠᠳᠬᠠᠯ ᠤᠨ ᠲᠣᠭᠲᠠᠪᠤᠷᠢᠲᠠᠢ ᠪᠥᠭᠡᠳ  ᠦᠷᠬᠦᠯᠵᠢᠯᠡᠬᠦᠶᠢᠴᠡ ᠪᠡᠯᠡ ᠴᠤᠭᠯᠠᠭᠤᠯᠬᠤ ᠪᠠ ᠲᠠᠩᠰᠠ ᠲᠠᠶᠢᠯᠬᠤ ᠬᠠᠷᠢᠴᠠᠯ ᠢ ᠲᠣᠬᠢᠷᠠᠭᠤᠯᠬᠤ ᠲᠣᠭᠲᠠᠴᠠ ᠶᠢ ᠭᠤᠣᠯᠳᠠᠯᠭ᠎ᠠ ᠲᠠᠢ ᠪᠦᠷᠢᠨᠰᠢᠭᠦᠯᠵᠦ᠂ ᠵᠠᠰᠠᠭ ᠤᠨ ᠣᠷᠳᠣᠨ ᠬᠢᠭᠡᠳ ᠬᠤᠪᠢ ᠬᠥᠮᠥᠨ ᠤ ᠬᠤᠪᠢᠶᠠᠨ ᠡᠭᠦᠷᠭᠡᠯᠡᠬᠦ ᠬᠠᠷᠢᠴᠠᠯ ᠢ ᠵᠦᠢ ᠵᠣᠬᠢᠰᠲᠠᠢ ᠲᠤᠭᠳᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ᠂ ᠣᠷᠣᠨ ᠪᠦᠰᠡ ᠶᠢᠨ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠬᠠᠮᠵᠢᠯᠴᠠᠨ ᠣᠶᠢᠯᠡᠳᠤᠯᠴᠡᠬᠦ᠂ ᠬᠠᠮᠵᠢᠯᠴᠠᠨ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠨ᠎ᠠ᠃    ︵ᠬᠤᠶᠠᠷ︶ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠲᠤᠭᠤᠷᠢᠭ ᠨᠤᠭᠤᠳ ᠲᠣᠰ ᠲᠥᠰᠥᠯ ᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠲᠠᠢ ᠤᠶᠠᠯᠳᠤᠭᠤᠯᠵᠤ᠂ ᠡᠮᠨᠡᠯᠬᠡ ᠡᠷᠡᠭᠦᠯ ᠬᠠᠮᠠᠭᠠᠯᠠᠯ ᠤᠨ ᠬᠦᠷᠢᠶ᠎ᠡ  ᠴᠠᠷᠠᠭᠠᠨ ᠤ ᠬᠤᠰᠢᠭᠤ ᠲᠤᠭᠤᠷᠢᠭ ᠠᠴᠠ ᠳᠣᠷᠣᠭᠰᠢᠬᠢ  ᠱᠠᠲᠤᠨ ᠤ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠡᠮᠨᠡᠯᠬᠡ ᠡᠷᠡᠭᠦᠯ ᠬᠠᠮᠠᠭᠠᠯᠠᠯ ᠤᠨ ᠦᠨᠳᠦᠰᠦᠨ ᠣᠶᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ ᠳᠤᠮᠳᠠᠬᠢ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠷᠣᠨ ᠪᠦᠰᠡ ᠶᠢᠨ ᠳᠣᠲᠣᠷᠠᠬᠢ ᠬᠦᠴᠢᠷᠳᠡᠯᠲᠡᠢ ᠭᠠᠵᠠᠷ ᠣᠷᠣᠨ ᠳᠤ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠡᠭᠦᠷᠬᠡᠯᠡᠭᠦᠯᠬᠦ ᠳᠤ ᠲᠣᠬᠢᠷᠠᠬᠤ ᠡᠮᠨᠡᠯᠬᠡ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠷᠤᠯᠭ᠎ᠠ ᠶᠢᠨ ᠳᠠᠷᠤᠯᠲᠠ ᠶᠢ ᠬᠡᠲᠦᠷᠬᠡᠢ ᠨᠡᠮᠡᠭᠳᠡᠭᠦᠯᠬᠦ ᠠᠴᠠ ᠵᠠᠶᠢᠯᠠᠰᠬᠢᠨ᠎ᠠ᠃    ︵ᠭᠤᠷᠪᠠ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠬᠤᠲᠠ ᠪᠣᠯᠣᠨ ᠬᠤᠰᠢᠭᠤ ᠲᠣᠭᠤᠷᠢᠭ ᠨᠢ ᠲᠣᠭᠲᠠᠭᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠥᠪ ᠢᠶᠠᠨ ᠵᠦᠢ ᠵᠣᠬᠢᠰᠲᠠᠢ ᠲᠣᠬᠢᠷᠠᠭᠤᠯᠵᠤ᠂ ︽ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠢ ᠦᠨᠳᠦᠰᠦᠯᠡᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠮᠨᠡᠯᠬᠡ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠳᠤ ᠣᠷᠣᠰᠢᠵᠤ ᠪᠠᠶᠢᠭ᠎ᠠ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠢ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠦᠪᠵᠢᠭᠦᠯᠭᠡ ᠳᠤ ᠨᠡᠶᠢᠴᠡᠬᠦ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠢ ᠵᠠᠷᠤᠯᠭ᠎ᠠ ᠶᠢ ᠬᠠᠤᠯᠢ ᠶᠣᠰᠣᠭᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠷᠭ᠎ᠠ ᠮᠠᠶ᠋ᠢᠭ ᠢᠶᠠᠷ ᠲᠣᠬᠢᠷᠠᠭᠤᠯᠬᠤ ᠠᠴᠠ ᠭᠠᠳᠠᠨ᠎ᠠ᠂ ᠭᠤᠣᠯᠳᠠᠭᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠᠷ ᠨᠦᠬᠦᠪᠦᠷᠢᠯᠡᠨ᠎ᠡ᠃ ᠡᠯ᠎ᠡ ᠬᠤᠰᠢᠭᠤ ᠲᠤᠭᠤᠷᠢᠭ ᠤᠨ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠥᠯ ᠢ ᠦᠨᠳᠦᠰᠦᠯᠡᠨ ᠰᠠᠯᠠᠭ᠎ᠠ ᠮᠥᠴᠢᠷ ᠤᠨ ᠲᠥᠰᠥᠪ ᠢᠶᠠᠨ ᠵᠦᠢ ᠵᠣᠬᠢᠰᠲᠠᠢ ᠲᠣᠬᠢᠷᠠᠭᠤᠯᠬᠤ ᠶᠢᠨ ᠬᠠᠮᠲᠤ᠂ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠤᠶᠤ ᠳᠦᠷᠢᠮ ᠤᠨ ᠲᠣᠭᠲᠠᠭᠠᠯ ᠢ ᠴᠠᠭ ᠲᠤᠬᠠᠢ  ᠳᠤᠨᠢ ᠲᠣᠭᠲᠠᠭᠠᠨ ᠵᠠᠰᠠᠪᠤᠷᠢ ᠣᠷᠣᠭᠤᠯᠵᠤ᠂ ᠱᠠᠭᠠᠷᠳᠠᠯᠭ᠎ᠠ ᠶᠣᠰᠣᠭᠠᠷ ᠲᠣᠰ ᠱᠠᠲᠤᠨ ᠤ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠨ᠎ᠡ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ