ᠬᠠᠲᠤᠨ ᠭᠤᠣᠯ ᠤᠨ ᠰᠠᠶᠢᠷᠭᠠᠯ ᠤᠷᠤᠨ ᠳᠤ ᠥᠨᠳᠥᠷ ᠡᠰᠢᠳᠦ ᠲᠠᠷᠢᠮᠠᠯ ᠳᠠᠷᠢᠬᠤ ᠶᠢ ᠴᠠᠭᠠᠵᠠᠯᠠᠬᠤ ᠵᠡᠷᠬᠡ ᠬᠤᠯᠪᠣᠭᠳᠠᠯ ᠪᠦ᠋ᠬᠦᠢ ᠤᠴᠢᠷ ᠶᠠᠪᠤᠳᠠᠯ ᠤᠨ ᠲᠤᠬᠠᠢ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/11/24
    ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠭᠤᠤᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾  ᠵᠡᠷᠭᠡ ᠬᠠᠦᠯᠢ ᠴᠠᠭᠠᠵᠠ ᠳᠦᠷᠢᠮ ᠳᠤᠭᠳᠠᠭᠠᠯ ᠪᠠ ᠬᠠᠮᠢᠶ᠎ᠠ ᠪᠦᠬᠦᠢ ᠳᠤᠭᠳᠠᠭᠠᠯ ᠢ ᠦᠨᠳᠦᠰᠦᠯᠡᠨ᠂ ᠡᠳᠦᠭᠡ ᠬᠠᠲᠤᠨ ᠭᠤᠣᠯ ᠤᠨ ᠰᠠᠶᠢᠷᠭᠠᠯ ᠤᠷᠤᠨ ᠳᠤ ᠥᠨᠳᠥᠷ ᠡᠰᠢᠳᠦ ᠲᠠᠷᠢᠮᠠᠯ ᠳᠠᠷᠢᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠭᠤᠣᠯ ᠮᠥᠷᠡᠨ ᠲᠠᠢ ᠬᠤᠯᠪᠣᠭᠳᠠᠬᠤ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠠᠲᠤᠨ ᠭᠤᠣᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠶᠠᠨ ᠭᠠᠵᠠᠷ᠂ ᠭᠡᠷ ᠪᠠᠶᠢᠰᠢᠩ ᠵᠢᠴᠢ ᠬᠤᠯᠪᠣᠭᠳᠠᠯ ᠪᠦᠬᠦᠢ ᠲᠥᠬᠦᠭᠡᠷᠦᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠭᠠᠷᠭᠠᠪᠠᠯ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠨᠲᠡ ᠵᠥᠪᠰᠢᠶᠡᠷᠡᠭᠰᠡᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠢ ᠲᠥᠷᠥᠯ ᠵᠦᠢᠯ ᠢ ᠴᠥᠮ ᠲᠦᠷ ᠵᠤᠭᠰᠤᠭᠠᠨ᠎ᠠ᠃ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠠᠭᠤᠷᠬᠠᠢ ᠭᠠᠷᠭᠠᠬᠤ᠂ ᠬᠡᠭᠦᠷ ᠪᠤᠯᠠᠰᠢᠯᠠᠬᠤ᠂ ᠰᠢᠷᠣᠢ ᠠᠪᠬᠤ᠂ ᠡᠯᠡᠰᠦ ᠮᠠᠯᠲᠠᠬᠤ᠂ ᠮᠠᠯ ᠬᠠᠷᠢᠭᠤᠯᠬᠤ᠂ ᠦᠶᠡᠷ ᠦᠶᠡᠷᠯᠡᠬᠦ ᠶᠢ ᠬᠠᠷᠰᠢᠯᠠᠬᠤ ᠤᠢ ᠮᠣᠳᠣ ᠲᠡᠷᠢᠬᠤ ᠵᠡᠷᠭᠡ ᠭᠤᠣᠯ ᠤᠨ ᠵᠠᠮ ᠤᠨ ᠤᠰᠦᠠ ᠡᠷᠭᠢ ᠶᠢᠨ ᠱᠤᠭᠤᠮ ᠢ ᠡᠵᠡᠯᠡᠬᠦ ᠵᠢᠴᠢ ᠵᠣᠷᠢᠭᠤᠳᠠ ᠬᠠᠷᠰᠢᠯᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃     ᠬᠤᠶᠠᠷ᠂ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ  ᠴᠠᠭᠠᠵᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 2022 ᠣᠨ ᠤ ᠬᠠᠲᠤᠨ ᠭᠤᠣᠯ ᠤᠨ ᠰᠠᠶᠢᠷᠭᠠᠯ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠴᠢᠭᠯᠡᠯᠲᠦ ᠲᠤᠭ᠎ᠠ ᠪᠠᠷᠢᠮᠲᠠ ᠶᠢ ᠦᠨᠳᠦᠰᠦᠯᠡᠪᠡᠯ᠂ ᠰᠠᠶᠢᠷᠭᠠᠯ ᠣᠷᠣᠨ ᠤ ᠭᠤᠣᠯ ᠭᠤᠯᠳᠤᠷᠢᠯ ᠤᠨ ᠲᠥᠪ ᠠᠴᠠ ᠭᠠᠳᠠᠭᠰᠢ ᠪᠠᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠱᠤᠭᠤᠮ ᠤᠨ ᠬᠤᠭᠤᠷᠣᠨᠳᠣᠬᠢ ᠣᠷᠣᠨ ᠪᠦᠰᠡ ᠳᠤ ᠲᠠᠷᠢᠮᠠᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠥᠨᠳᠥᠷ ᠡᠰᠢᠲᠦ ᠲᠠᠷᠢᠮᠠᠯ ︵ᠵᠢᠱᠢᠶᠡᠯᠡᠪᠡᠯ ᠡᠷᠳᠡᠨᠢ ᠰᠢᠰᠢ᠂ ᠨᠡᠷᠡᠨ ᠬᠤᠸᠠᠷ᠂ ᠰᠢᠰᠢ ᠵᠡᠷᠭᠡ ᠲᠠᠷᠢᠮᠠᠯ︶ ᠳᠠᠷᠢᠬᠤ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠡᠪᠡᠰᠦ ᠠᠷᠢᠯᠭᠠᠭᠴᠢ ᠵᠡᠷᠭᠡ ᠣᠯᠠᠨ ᠡᠬᠢᠲᠦ ᠪᠣᠬᠢᠷᠳᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠰᠠᠶᠢᠷᠭᠠᠯ ᠣᠷᠣᠨ ᠤ ᠪᠤᠰᠤᠳ ᠭᠠᠵᠠᠷ ᠣᠷᠣᠨ ᠳᠤ ᠬᠢᠮᠢ ᠶᠢᠨ ᠪᠣᠷᠳᠣᠭᠤᠷ᠂ ᠲᠠᠷᠢᠶᠠᠨ ᠡᠮ᠂ ᠰᠦᠯᠢᠶᠥᠦ ᠪᠦᠷᠬᠦᠪᠴᠢ ᠵᠡᠷᠭᠡ ᠶᠢ ᠨᠡᠮᠡᠭᠳᠡᠭᠦᠯᠬᠦ ᠦᠭᠡᠢ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃    ᠭᠤᠷᠪᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠠᠲᠤᠨ ᠭᠤᠣᠯ ᠳᠠᠭᠠᠤ ᠶᠢᠨ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠪᠥᠬᠦ ᠲᠠᠯ᠎ᠠ ᠪᠠᠷ ᠴᠢᠩᠭᠠᠳᠬᠠᠵᠤ᠂ ᠲᠣᠰ ᠵᠠᠷᠯᠠᠯ ᠤᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠣᠭᠲᠠᠭᠠᠯ ᠢ ᠦᠨᠳᠦᠰᠦᠯᠡᠨ᠂ ᠵᠣᠬᠢᠬᠤ ᠵᠠᠰᠠᠭ ᠵᠠᠬᠢᠷᠭᠠᠨ ᠤ ᠰᠢᠳᠬᠡᠯ  ᠦᠭᠭᠦᠨ᠎ᠡ᠃ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠳ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠭᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠮᠠᠯ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠭᠠᠭᠰᠠᠨ ᠬᠥᠮᠦᠨ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠯᠢᠪᠠ ᠬᠤᠬᠢᠷᠠᠯ ᠢ ᠴᠥᠮ ᠦᠪᠡᠷᠳᠡᠭᠡᠨ ᠡᠭᠦᠷᠭᠡᠯᠡᠨ᠎ᠡ᠃    ᠳᠥᠷᠪᠡ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠰᠠᠶᠢᠷᠭᠠᠯ ᠤᠷᠤᠨ ᠤ ᠲᠠᠷᠢᠮᠠᠯ ᠤᠨ ᠪᠦᠲᠦᠴᠡ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠠᠲᠤᠨ ᠭᠤᠣᠯ ᠳᠠᠭᠠᠤ ᠶᠢᠨ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠵᠤ ᠬᠥᠲᠥᠯᠥᠨ ᠵᠢᠯᠤᠭᠤᠳᠬᠤ ᠪᠠᠨ ᠦᠨᠡᠨᠬᠦ ᠴᠢᠩᠭᠠᠳᠬᠠᠵᠤ᠂ ᠸᠢᠴᠠᠲ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠵᠤ᠂ ᠲᠠᠷᠢᠮᠠᠯ ᠲᠠᠷᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠢᠨᠠᠮᠠᠭᠠᠢ ᠰᠠᠶᠢᠲᠤᠷ ᠬᠢᠵᠦ᠂ ᠣᠯᠠᠨ ᠲᠦᠮᠡᠨ ᠤ ᠠᠵᠢᠯ ᠢ ᠭᠦᠨᠵᠡᠭᠡᠢ ᠪᠥᠭᠡᠳ ᠨᠠᠷᠢᠨ ᠨᠢᠮᠪᠠᠢ ᠰᠠᠶᠢᠲᠤᠷ ᠬᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠮᠠᠯ ᠲᠠᠷᠢᠬᠤ ᠶᠢ ᠴᠠᠭᠠᠵᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃    ᠲᠠᠪᠤ᠂ ᠢᠳᠡᠪᠬᠢᠳᠡᠢ ᠪᠠᠷ ᠬᠢᠨᠡᠯᠳᠡ ᠲᠠᠯᠪᠢᠨ ᠢᠯᠡᠴᠢᠯᠡᠨ ᠮᠡᠳᠡᠭᠦᠯᠦᠨ᠎ᠡ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠲᠠᠷᠢᠮᠠᠯ ᠲᠠᠷᠢᠬᠤ ᠶᠢ ᠴᠠᠭᠠᠵᠠᠯᠠᠬᠤ ᠬᠡᠪᠴᠢᠶᠡᠨ ᠳᠣᠲᠣᠷ᠎ᠠ ᠵᠠᠷᠯᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠥᠮ ᠢᠳᠬᠠᠨ ᠬᠤᠷᠢᠭᠯᠠᠬᠤ ᠡᠷᠬᠡ ᠲᠠᠢ ᠪᠥᠭᠡᠳ ᠪᠠᠶᠢᠭ᠎ᠠ ᠰᠤᠮᠤ ᠪᠠᠯᠭᠠᠰᠤ ᠶᠢᠨ ᠠᠷᠠᠳ ᠤᠨ ᠵᠠᠰᠠᠭ  ᠤᠨ ᠣᠷᠳᠣᠨ ᠬᠢᠭᠡᠳ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠢ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                                                 ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                   2022 ᠣᠨ ᠤ 2 ᠰᠠᠷ᠎ᠠ ᠶᠢᠨ 7 ᠤ ᠡᠳᠦᠷ 
ᠢᠷᠡᠯᠲᠡ᠄ ᠤᠷᠳᠤᠰ ᠤᠨ ᠵᠠᠰᠠᠭ ᠤᠨ ᠤᠷᠳᠤᠨ ᠤ ᠰᠦᠯᠵᠢᠶ᠎ᠡ