| | ᠤᠶᠢᠷ᠎ᠠ ᠳᠤ ᠲᠠᠯᠠᠳ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠦᠬᠦᠢ ᠲᠤᠭᠳᠠᠭᠠᠯ᠂ ᠵᠠᠷᠯᠢᠭ ᠢ ᠭᠡᠷᠡᠭᠵᠢᠭᠦᠯᠦ᠋ᠭᠰᠡᠨ ᠦᠭᠡᠢ ᠭᠤᠷᠪᠠ ᠤᠳᠠᠭᠠᠨ ᠤ ᠭᠡᠷᠡᠭ ᠢ ᠪᠠᠶᠢᠴᠠᠭᠠᠨ ᠰᠶᠢᠳᠪᠤᠷᠢᠯᠡᠪᠡ᠃ ᠬᠠᠤᠯᠢ ᠶᠢ | ᠵᠦᠷᠢᠴᠡᠭᠰᠡᠨ ᠦᠢᠯᠡ ᠠᠵᠢᠯᠯᠠᠭ᠎ᠠ ᠲᠠᠢ ᠬᠦᠮᠦᠨ ᠵᠧᠩ ᠤᠪᠤᠭᠳᠤ᠂ ᠯᠢᠤ ᠤᠪᠤᠭᠳᠤ᠂ ᠶᠠᠩ ᠤᠪᠤᠭᠳᠤ ᠤᠴᠢᠷ ᠰᠢᠯᠳᠠᠭᠠᠨ ᠦᠭᠡᠢ ᠪᠠᠷ ᠤᠯᠠᠨ ᠤᠳᠠᠭ᠎ᠠ ᠪᠦᠭᠡᠮ | ᠬᠦᠴᠢᠯ ᠤᠨ ᠪᠠᠶᠢᠴᠠᠭᠠᠯᠳᠠ ᠳᠤ ᠤᠷᠤᠯᠴᠠᠭᠰᠠᠨ ᠦᠭᠡᠢ ᠠᠴᠠ ᠪᠤᠯᠤᠭᠠᠳ ᠵᠠᠰᠠᠭ ᠵᠠᠬᠢᠷᠭᠠᠨ ᠤ ᠲᠦᠷ ᠬᠤᠷᠢᠭᠳᠠᠬᠤ ᠰᠶᠢᠳᠭᠡᠯ ᠤᠯᠵᠠᠢ᠃ | 11 ᠰᠠᠷ᠎ᠠ ᠶᠢᠨ 21 ᠤ ᠡᠳᠦᠷ᠂ ᠲᠠᠯᠠᠳ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠢᠨ ᠵᠡᠭᠡᠰᠦᠳᠡᠢ ᠪᠠᠯᠭᠠᠰᠤᠨ ᠤ ᠨᠢᠭᠡᠨ | ᠨᠡᠭᠦᠷᠡᠰᠦᠨ ᠤ ᠲᠠᠯᠠᠪᠠᠢ ᠶᠢᠨ ᠭᠤᠷᠪᠠᠨ ᠠᠵᠢᠯᠴᠢᠨ ᠤᠷᠳᠤ ᠬᠤᠭᠤᠴᠠᠭ᠎ᠠ ᠪᠠᠷ ᠪᠦᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠭᠰᠠᠨ ᠦᠭᠡᠢ ᠪᠠᠶᠢᠬᠤ ᠶᠢ | ᠢᠯᠡᠷᠡᠭᠦᠯᠪᠡ᠃ ᠪᠠᠶᠢᠴᠠᠭᠠᠯᠳᠠ ᠪᠠᠷ ᠲᠠᠮᠵᠢᠭᠠᠳ᠂ ᠵᠧᠩ ᠤᠪᠤᠭᠳᠤ ᠵᠡᠷᠭᠡ ᠭᠤᠷᠪᠠᠨ ᠬᠦᠮᠦᠨ ᠨᠡᠭᠦᠷᠡᠰᠦᠨ ᠤ ᠲᠠᠯᠠᠪᠠᠢ ᠶᠢᠨ ᠠᠵᠢᠯᠴᠢᠨ ᠡᠷᠭᠡᠪᠰᠢ ᠡᠳᠦᠷ ᠪᠦᠷᠢ | ᠪᠠᠶᠢᠴᠠᠭᠠᠯᠳᠠ ᠬᠢᠬᠦ ᠴᠢᠬᠤᠯᠠᠳᠠᠢ ᠭᠡᠰᠡᠨ ᠢ ᠮᠡᠳᠡᠵᠤ ᠪᠠᠶᠢᠭᠠᠳ 11ᠰᠠᠷ᠎ᠠ ᠶᠢᠨ 14 ᠤ ᠡᠳᠦᠷ ᠠᠴᠠ 11 ᠰᠠᠷ᠎ᠠ ᠶᠢᠨ 21 ᠤ ᠡᠳᠦᠷ ᠪᠤᠯᠳᠠᠯ᠎ᠠ ᠤᠴᠢᠷ ᠰᠢᠯᠳᠠᠭᠠᠨ | ᠦᠭᠡᠢ ᠪᠠᠷ ᠤᠷᠤᠨ ᠲᠤᠭᠤᠷᠢᠭ ᠤᠨ ᠪᠦᠭᠡᠮ ᠬᠦᠴᠢᠯ ᠤᠨ ᠪᠠᠶᠢᠴᠠᠭᠠᠯᠳᠠ ᠶᠢ ᠪᠠᠭᠳᠠᠭᠠᠭᠰᠠᠨ ᠶᠠᠮᠠᠷᠪᠠ ᠪᠦᠭᠡᠮ ᠬᠦᠴᠢᠯ ᠤᠨ ᠪᠠᠶᠢᠴᠠᠭᠠᠯᠳᠠ ᠳᠤ ᠤᠷᠤᠯᠴᠠᠭᠰᠠᠨ | ᠦᠭᠡᠢ ᠮᠦᠷᠳᠡᠭᠡᠨ ᠵᠠᠰᠠᠭ ᠤᠨ ᠤᠷᠳᠤᠨ ᠤ ᠨᠡᠶᠢᠳᠡᠯᠡᠭᠰᠡᠨ ᠪᠦᠭᠡᠮ ᠬᠦᠴᠢᠯ ᠤᠨ ᠪᠠᠶᠢᠴᠠᠭᠠᠯᠳᠠ ᠶᠢᠨ ᠵᠠᠷᠯᠠᠯ ᠢ ᠦᠯᠦ ᠤᠶᠢᠰᠢᠶᠠᠵᠤ᠂ ᠭᠤᠤᠯᠳᠠᠯᠭ᠎ᠠ ᠲᠠᠢ ᠠᠵᠢᠯ | ᠲᠦᠷᠦᠯ ᠤᠨ ᠬᠦᠮᠦᠰ ᠤᠨ ᠪᠦᠭᠡᠮ ᠬᠦᠴᠢᠯ ᠤᠨ ᠪᠠᠶᠢᠴᠠᠭᠠᠯᠳᠠ ᠬᠢᠬᠦ ᠱᠠᠭᠠᠷᠳᠠᠯᠭ᠎ᠠ ᠶᠢ ᠬᠦᠨᠳᠦ ᠨᠤᠴᠢᠳᠠᠢ ᠵᠦᠷᠢᠴᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠬᠦᠨᠳᠦ ᠶᠡᠭᠡ ᠨᠦᠯᠦ᠋ᠭᠡ ᠤᠴᠠᠷᠠᠭᠤᠯᠤᠭᠰᠠᠨ ᠪᠠᠶᠢᠨ᠎ᠠ᠃ | ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠶᠢᠳᠭᠡᠯ ᠤᠨ ᠬᠠᠤᠯᠢ︾ ᠶᠢᠨ ᠲᠠᠪᠢᠳᠤᠭᠠᠷ | ᠵᠤᠷᠪᠤᠰ ᠤᠨ ᠲᠤᠭᠳᠠᠭᠠᠯ ᠢ ᠦᠨᠳᠦᠰᠦᠯᠡᠨ᠂ ᠵᠧᠩ ᠤᠪᠤᠭᠳᠤ᠂ ᠯᠢᠤ ᠤᠪᠤᠭᠳᠤ᠂ ᠶᠠᠩ ᠤᠪᠤᠭᠳᠤ ᠳᠤ 10 ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠬᠤ | ᠰᠶᠢᠳᠭᠡᠯ ᠤᠯᠭᠤᠪᠠ᠃ | |