ᠳᠠᠯᠠᠳ ᠬᠤᠰᠢᠭᠤᠨ ᠤ ᠤᠰᠤ ᠲᠠᠲᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/25
     ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠵᠦᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠬᠤ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ ᠳᠤᠷ᠎ᠠ ᠪᠠᠷ ᠢᠶᠠᠨ ᠤᠰᠤ ᠳᠠᠳᠠᠭᠰᠠᠨ ᠪᠤᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠵᠢᠷᠠ ᠶᠢᠰᠦᠳᠦᠭᠡᠷ ᠵᠤᠷᠪᠤᠰ ᠪᠠ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠤᠨ ᠲᠠᠪᠢᠨ ᠭᠤᠷᠪᠠᠳᠤᠭᠠᠷ ᠵᠤᠷᠪᠤᠰ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠤᠶᠤ ᠬᠠᠮᠢᠶ᠎ᠠ ᠪᠦᠬᠦᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠥᠬᠦᠪᠦᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ᠂  ᠤᠰᠤ ᠲᠠᠲᠠᠬᠤ ᠬᠠᠮᠤᠭ ᠶᠡᠭᠡ ᠬᠡᠮᠵᠢᠶ᠎ᠡ ᠪᠠᠷ ᠲᠡᠭᠦᠨ ᠤ ᠤᠰᠤ ᠳᠠᠳᠠᠬᠤ ᠬᠡᠮᠵᠢᠶ᠎ᠡ ᠶᠢ ᠬᠢᠨᠠᠨ ᠲᠣᠭᠲᠠᠭᠠᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠥᠬᠦᠵᠦ ᠲᠤᠰᠢᠶᠠᠯᠭᠠᠨ᠎ᠠ᠃    ᠬᠤᠶᠠᠷ᠂ ᠲᠣᠭᠲᠠᠭᠠᠯ ᠠᠴᠠ ᠵᠥᠷᠢᠴᠡᠨ ᠬᠤᠳᠳᠤᠭ ᠮᠠᠯᠲᠠᠬᠤ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃  ᠬᠡᠷᠪᠡ ᠳᠤᠷ᠎ᠠ ᠪᠠᠷ ᠢᠶᠠᠨ ᠮᠠᠯᠳᠠᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠤᠨ ᠭᠤᠴᠢᠨ ᠨᠠᠢᠮᠠᠳᠤᠭᠠᠷ ᠵᠤᠷᠪᠤᠰ ᠪᠠ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠤᠨ ᠳᠥᠴᠢ ᠶᠢᠰᠦᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠡᠭᠦᠨ ᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠥᠬᠦᠵᠦ ᠬᠢᠯᠭᠡᠨ᠎ᠡ︔ ᠬᠤᠭᠤᠴᠠᠭ᠎ᠠ ᠨᠢ ᠬᠡᠳᠦᠷᠡᠭᠡᠳ ᠨᠥᠬᠦᠵᠦ ᠭᠦᠢᠴᠡᠳᠬᠡᠭᠰᠡᠨ ᠦᠭᠡᠢ ᠪᠤᠶᠤ ᠨᠥᠬᠦᠵᠦ ᠭᠦᠢᠴᠡᠳᠬᠡᠭᠡᠳ ᠵᠥᠪᠰᠢᠶᠡᠷᠡᠭᠳᠡᠭᠰᠡᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠪᠤᠶᠤ ᠪᠢᠲᠡᠭᠦᠮᠵᠢᠯᠡᠭᠦᠯᠦᠨ᠎ᠡ︔ ᠬᠤᠭᠤᠴᠠᠭ᠎ᠠ ᠨᠢ ᠬᠡᠳᠦᠷᠡᠭᠡᠳ ᠨᠤᠷᠠᠭᠠᠬᠤ ᠦᠭᠡᠢ ᠪᠤᠶᠤ ᠪᠢᠲᠡᠭᠦᠮᠵᠢᠯᠡᠬᠦ ᠦᠭᠡᠢ ᠪᠣᠯ᠂ ᠬᠤᠰᠢᠭᠤᠨ ᠤ ᠤᠰᠤᠨ ᠠᠰᠢᠭᠯᠠᠯᠲᠠ ᠶᠢᠨ ᠳᠤᠪᠴᠢᠶᠠᠨ ᠠᠴᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠯᠭ᠎ᠠ ᠪᠠᠷ ᠨᠤᠷᠠᠭᠠᠬᠤ ᠪᠤᠶᠤ ᠪᠢᠲᠡᠭᠦᠮᠵᠢᠯᠡᠭᠦᠯᠵᠦ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠢᠶᠠᠷ ᠡᠭᠦᠷᠭᠡᠯᠡᠭᠦᠯᠵᠦ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃    ᠭᠤᠷᠪᠠ᠂ ᠱᠠᠭᠠᠷᠳᠠᠯᠭ᠎ᠠ ᠶᠣᠰᠣᠭᠠᠷ ᠬᠡᠮᠵᠢᠯᠲᠡ ᠶᠢᠨ ᠳᠦᠬᠦᠭᠡᠷᠤᠮᠵᠢ ᠤᠭᠰᠠᠷᠠᠭᠤᠯᠤᠭᠰᠠᠨ ᠦᠭᠡᠢ ᠪᠠᠷ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ ᠬᠡᠮᠵᠢᠯᠳᠡ ᠶᠢᠨ   ᠳᠦᠬᠦᠭᠡᠷᠦᠮᠵᠢ  ᠤᠭᠰᠠᠷᠠᠭᠤᠯᠤᠭᠰᠠᠨ ᠦᠭᠡᠢ ᠪᠠᠷ ᠳᠤᠷ᠎ᠠ ᠪᠠᠷ ᠤᠰᠤ ᠳᠠᠳᠠᠭᠰᠠᠨ ᠪᠤᠯ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠲᠠᠪᠢᠨ ᠵᠢᠷᠭᠤᠳᠤᠭᠠᠷ ᠵᠤᠷᠪᠤᠰ ᠢ ᠦᠨᠳᠦᠰᠦᠯᠡᠨ᠂ ᠬᠤᠰᠢᠭᠤᠨ ᠤ ᠤᠰᠤᠨ ᠠᠰᠢᠭᠯᠠᠯᠲᠠ ᠶᠢᠨ ᠳᠤᠪᠴᠢᠶᠠᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠭᠰᠠᠷᠠᠭᠤᠯᠬᠤ ᠶᠢᠨ ᠬᠠᠮᠲᠤ᠂ ᠡᠳᠦᠷ ᠤᠨ ᠬᠠᠮᠤᠭ ᠶᠡᠭᠡ ᠤᠰᠤ ᠲᠠᠲᠠᠬᠤ ᠬᠡᠮᠵᠢᠶ᠎ᠡ ᠪᠠᠷ ᠲᠡᠭᠦᠨ ᠤ ᠳᠠᠳᠠᠬᠤ  ᠬᠡᠮᠵᠢᠶ᠎ᠡ ᠶᠢ  ᠳᠤᠭᠳᠠᠭᠠᠨ ᠬᠠᠮᠢᠶ᠎ᠠ ᠪᠦᠬᠦᠢ ᠵᠠᠷᠤᠳᠠᠯ ᠢ ᠬᠤᠷᠢᠶᠠᠵᠦ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠨ᠎ᠠ᠃    ᠬᠡᠮᠵᠢᠯᠲᠡ ᠶᠢᠨ ᠲᠥᠬᠦᠭᠡᠷᠦᠮᠵᠢ ᠨᠢ ᠬᠢᠷᠢ ᠲᠡᠩᠴᠡᠭᠦ ᠦᠭᠡᠢ ᠪᠤᠶᠤ ᠡᠷᠬᠢᠯᠳᠡ ᠨᠢ ᠬᠡᠪ ᠤᠨ ᠪᠤᠰᠤ ᠪᠠᠶᠢᠪᠠᠯ᠂ ᠬᠤᠰᠢᠭᠤᠨ ᠤ ᠤᠰᠤᠨ ᠤ ᠠᠰᠢᠭᠯᠠᠯᠲᠠ ᠶᠢᠨ ᠲᠣᠪᠴᠢᠶ᠎ᠠ ᠠᠴᠠ ᠬᠤᠭᠤᠴᠠᠭ᠎ᠠ ᠲᠣᠭᠲᠠᠭᠠᠨ ᠰᠣᠯᠢᠬᠤ ᠪᠤᠶᠤ ᠵᠠᠰᠠᠨ ᠰᠡᠷᠭᠦᠭᠡᠬᠦ ᠶᠢ ᠵᠠᠷᠯᠢᠭᠳᠠᠨ᠎ᠠ︔ ᠬᠤᠭᠤᠴᠠᠭ᠎ᠠ ᠨᠢ ᠬᠡᠳᠦᠷᠡᠭᠡᠳ ᠰᠣᠯᠢᠭᠰᠠᠨ ᠦᠭᠡᠢ ᠪᠤᠶᠤ ᠵᠠᠰᠠᠵᠤ ᠰᠡᠷᠭᠦᠭᠡᠭᠰᠡᠨ ᠦᠭᠡᠢ ᠪᠠᠶᠢᠪᠠᠯ᠂ ᠡᠳᠦᠷ ᠤᠨ ᠬᠠᠮᠤᠭ ᠶᠡᠭᠡ ᠤᠰᠤ ᠲᠠᠲᠠᠬᠤ ᠴᠢᠳᠠᠪᠤᠷᠢ ᠪᠠᠷ ᠤᠰᠤ ᠳᠠᠳᠠᠬᠤ ᠬᠡᠮᠵᠢᠶ᠎ᠡ ᠶᠢ ᠲᠤᠭᠠᠴᠢᠨ ᠬᠤᠯᠪᠣᠭᠳᠠᠯ ᠪᠦᠬᠦᠢ ᠵᠠᠷᠤᠳᠠᠯ ᠬᠤᠷᠢᠶᠠᠵᠦ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    ᠳᠥᠷᠪᠡ᠂ ᠬᠡᠷᠡᠭᠯᠡᠭᠡᠨ ᠠᠴᠠ ᠭᠠᠷᠭᠠᠭᠰᠠᠨ᠂ ᠬᠡᠷᠡᠭᠯᠡᠬᠦ ᠪᠠᠨ ᠪᠤᠯᠢᠭᠰᠠᠨ ᠪᠤᠶᠤ ᠤᠰᠤ ᠲᠠᠲᠠᠬᠤ ᠪᠠᠨ ᠬᠠᠤᠯᠢ ᠶᠣᠰᠣᠭᠠᠷ ᠵᠣᠭᠰᠤᠭᠠᠬᠤ ᠶᠣᠰᠣᠲᠠᠢ ᠤᠰᠤ ᠲᠠᠲᠠᠬᠤ ᠬᠤᠳᠳᠤᠭ ᠢ ᠲᠣᠭᠲᠠᠭᠠᠯ ᠶᠣᠰᠣᠭᠠᠷ ᠪᠢᠳᠡᠭᠦᠮᠵᠢᠯᠡᠬᠦ ᠦᠭᠡᠢ ᠪᠤᠶᠤ  ᠡᠬᠡᠭᠦᠯᠦᠨ ᠪᠦᠭᠯᠡᠬᠦ ᠦᠭᠡᠢ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠷᠪᠡ ᠡᠶᠢᠮᠦᠷᠬᠦᠦ ᠦᠢᠯᠡ ᠠᠵᠢᠯᠯᠠᠭ᠎ᠠ ᠲᠠᠢ ᠪᠤᠯ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠳᠥᠴᠢ ᠶᠢᠰᠦᠳᠦᠭᠡᠷ ᠵᠤᠷᠪᠤᠰ᠂ ᠲᠠᠪᠢᠨ ᠨᠠᠢᠮᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠳᠳᠤᠭ ᠢ ᠪᠢᠲᠡᠭᠦᠮᠵᠢᠯᠡᠬᠦ ᠪᠤᠶᠤ ᠡᠬᠡᠭᠦᠯᠦᠨ ᠪᠦᠭᠯᠡᠭᠦᠯᠵᠦ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠬᠤᠳᠳᠤᠭ ᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠬᠦᠴᠦᠨ ᠴᠢᠳᠠᠯ ᠦᠭᠡᠢ ᠪᠤᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠳᠳᠤᠭ ᠢ ᠪᠢᠲᠡᠭᠦᠮᠵᠢᠯᠡᠬᠦ ᠪᠤᠶᠤ ᠡᠭᠡᠭᠦᠯᠦᠨ ᠪᠥᠭᠯᠡᠬᠦ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠡᠷᠡᠭᠰᠡᠬᠦ ᠵᠠᠷᠤᠳᠠᠯ ᠢ ᠬᠠᠤᠯᠢ  ᠵᠦᠷᠢᠴᠡᠭᠰᠡᠳ ᠡᠭᠦᠷᠭᠡᠯᠡᠨ᠎ᠡ᠃    ᠲᠠᠪᠤ᠂ ᠡᠯ᠎ᠡ ᠨᠡᠭᠡᠭᠡᠯᠲᠡ ᠶᠢᠨ ᠲᠣᠭᠤᠷᠢᠭ᠂ ᠰᠤᠮᠤ ᠪᠠᠯᠭᠠᠰᠤ ᠵᠡᠭᠡᠯᠢ ᠭᠤᠳᠤᠮᠵᠢ ᠨᠤᠭᠤᠳ ᠬᠠᠷᠢᠶ᠎ᠠ ᠭᠠᠵᠠᠷ ᠤᠨ ᠤᠰᠤ ᠲᠠᠲᠠᠵᠤ ᠬᠡᠷᠡᠭᠯᠡᠬᠦ ᠠᠵᠤ ᠠᠬᠤᠶᠢᠯᠠᠯ ︵ᠡᠷᠦᠬᠡ︶ ᠳᠤ ᠬᠢᠨᠠᠯᠲᠠ ᠲᠠᠯᠪᠢᠨ ᠬᠠᠮᠢᠶᠠᠷᠤᠯᠲᠠ ᠬᠢᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠤᠰᠤ ᠪᠠᠷ ᠤᠰᠤ ᠲᠠᠲᠠᠬᠤ᠂ ᠲᠣᠭᠲᠠᠭᠠᠯ ᠠᠴᠠ ᠵᠥᠷᠢᠴᠡᠨ ᠬᠤᠳᠳᠤᠭ ᠮᠠᠯᠲᠠᠬᠤ᠂  ᠬᠡᠮᠵᠢᠶ᠎ᠡ ᠶᠣᠰᠣᠭᠠᠷ ᠤᠰᠤ ᠲᠠᠲᠠᠬᠤ ᠦᠭᠡᠢ᠂ ᠬᠡᠷᠡᠭᠯᠡᠭᠡᠨ ᠠᠴᠠ ᠭᠠᠷᠭᠠᠭᠰᠠᠨ ᠬᠤᠳᠳᠤᠭ ᠢ ᠴᠠᠭ ᠲᠤᠬᠠᠢ ᠳᠤᠨᠢ ᠡᠭᠡᠭᠦᠯᠦᠨ ᠪᠥᠭᠯᠡᠬᠦ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠵᠤ᠂ ᠤᠰᠤᠨ ᠤ ᠡᠬᠢ ᠪᠠᠶᠠᠯᠢᠭ ᠤᠨ ᠦᠷᠭᠦᠯᠵᠢᠯᠡᠨ ᠰᠠᠶᠢᠳᠤᠷ ᠬᠥᠭᠵᠢᠬᠦ ᠶᠢ ᠪᠠᠳᠤᠯᠠᠨ᠎ᠠ᠃     ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠭᠠᠵᠠᠷ ᠳᠣᠣᠷᠠᠬᠢ ᠤᠰᠤ ᠶᠢ ᠬᠤᠬᠢᠷᠠᠭᠤᠯᠤᠭᠰᠠᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ᠂ ᠢᠯᠡᠴᠢᠯᠡᠬᠦ ᠡᠷᠬᠡ ᠲᠠᠢ᠂ ᠣᠯᠠᠨ ᠲᠦᠮᠡᠨ ᠤ ᠬᠠᠤᠯᠢ ᠲᠣᠭᠲᠠᠭᠠᠯ ᠠᠴᠠ ᠵᠥᠷᠢᠴᠡᠨ ᠬᠤᠳᠳᠤᠭ ᠮᠠᠯᠲᠠᠵᠤ ᠤᠰᠤ ᠲᠠᠲᠠᠭᠰᠠᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃   ᠢᠯᠡᠴᠢᠯᠡᠨ ᠮᠡᠳᠡᠭᠦᠯᠬᠦ ᠤᠲᠠᠰᠤ᠄   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ   0477-5220540   ᠵᠦᠩ ᠾᠧ ᠰᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   17704772233   ᠡᠩᠭᠡᠪᠡᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   0477-5284007   ᠵᠤᠤ ᠵᠢᠶᠦ᠋ᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   0477-5280014   ᠽᠠᠨᠳᠠᠨᠵᠤᠤ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   0477-5286336   ᠱᠠᠭᠵᠠᠮᠤᠨᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   0477-5761862   ᠸᠠᠩ ᠤᠨ ᠵᠤᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   0477-5287139   ᠹᠧᠩ ᠱᠦᠢ ᠯᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   0477-5160680   ᠪᠠᠢ ᠨᠢ ᠵᠢᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ   14794993092   ᠵᠡᠭᠡᠰᠦᠳᠡᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ    0477 - 5791013                                                               ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2022 ᠣᠨ ᠤ 3 ᠰᠠᠷ᠎ᠠ ᠶᠢᠨ 15 ᠤ ᠡᠳᠦᠷ 
ᠢᠷᠡᠯᠲᠡ᠄ ᠳᠤᠰ ᠰᠦᠯᠵᠢᠶ᠎ᠡ