ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ ᠲᠤ ᠭᠠᠯ ᠢ ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2022/11/25
     ᠣᠳᠣᠬᠠᠨ ᠳᠤ᠂ ᠮᠠᠨ ᠤ ᠬᠤᠰᠢᠭᠤ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ  ᠲᠦᠢᠮᠡᠷ ᠡᠭᠦᠰᠬᠦ ᠠᠶᠤᠯ ᠶᠡᠬᠡᠳᠡᠢ ᠬᠤᠭᠤᠴᠠᠭᠠᠨ ᠳᠤ ᠤᠷᠤᠪᠠ᠃ ᠪᠦᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠬᠤ ᠶᠢᠨ ᠳᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ 25 ᠳ᠋ᠤᠭᠠᠷ ᠲᠣᠭᠠᠲᠤ︶ ᠂ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠲᠤ ᠭᠠᠯ ᠢ ᠴᠠᠭᠠᠵᠠᠯᠠᠬᠤ ᠵᠠᠷᠯᠢᠭ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ  ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠲᠤ ᠭᠠᠯ ᠢ ᠴᠠᠭᠠᠵᠠᠯᠠᠬᠤ ᠵᠠᠷᠯᠢᠭ ᠢ ᠨᠡᠶᠢᠳᠡᠯᠡᠪᠡ      ᠨᠢᠭᠡ᠂ ᠣᠶ ᠰᠢᠭᠤᠢ ᠨᠤᠲᠤᠭ ᠪᠡᠯᠴᠢᠭᠡᠷ ᠲᠤ ᠭᠠᠯ ᠢ ᠴᠠᠭᠠᠵᠠᠯᠠᠬᠤ ᠴᠠᠭ ᠬᠤᠭᠤᠴᠠᠭ᠎ᠠ᠄ 2022 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃     ᠬᠤᠶᠠᠷ᠂ ᠣᠶ ᠰᠢᠭᠤᠢ ᠨᠤᠲᠤᠭ ᠪᠡᠯᠴᠢᠭᠡᠷ ᠲᠤ ᠭᠠᠯ ᠢ ᠴᠠᠭᠠᠵᠠᠯᠠᠬᠤ ᠤᠷᠤᠨ᠄ ᠤᠯᠤᠰ ᠤᠨ ᠥᠮᠴᠢᠯᠡᠯᠲᠦ᠂ ᠬᠠᠮᠲᠤ ᠪᠠ ᠬᠤᠪᠢ ᠶᠢᠨ ᠣᠶ ᠰᠢᠭᠤᠢ ︵ᠡᠪᠡᠰᠦ ᠪᠡᠯᠴᠢᠭᠡᠷ︶ ᠶᠢᠨ ᠲᠠᠯᠠᠪᠠᠶ᠂ ᠨᠡᠷᠡᠳᠦ ᠦᠵᠡᠮᠵᠢ ᠶᠢᠨ ᠵᠢᠭᠤᠯᠴᠢᠯᠠᠯ ᠤᠨ ᠣᠷᠣᠨ᠂ ᠣᠶ ᠰᠢᠭᠤᠢ ᠶᠢᠨ ᠭᠤᠣᠯᠳᠠᠯᠭ᠎ᠠ ᠲᠠᠢ ᠪᠠᠷᠢᠯᠭ᠎ᠠ ᠶᠢᠨ ᠣᠷᠣᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠷᠢᠯᠭ᠎ᠠ ᠶᠢᠨ ᠣᠷᠣᠨ᠂ ᠣᠷᠣᠨ ᠨᠤᠲᠤᠭ ᠤᠨ ᠠᠮᠢ ᠠᠬᠤᠢ ᠶᠢᠨ ᠪᠠᠷᠢᠯᠭ᠎ᠠ ᠶᠢᠨ ᠣᠷᠣᠨ᠂  ᠲᠠᠷᠢᠮᠠᠯ ᠰᠢᠯᠮᠦᠦᠰᠦᠲᠦ ᠣᠶ ᠶᠢᠨ ᠣᠷᠣᠨ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠣᠶ ᠰᠢᠭᠤᠢ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠠᠮᠢ ᠠᠬᠤᠢ ᠶᠢᠨ ᠲᠥᠪᠯᠡᠷᠡᠭᠦᠯᠦᠨ ᠰᠡᠷᠭᠦᠭᠡᠬᠦ ᠣᠷᠣᠨ ᠵᠢᠴᠢ ᠪᠤᠰᠤᠳ ᠨᠢᠭᠡᠨᠲᠡ ᠵᠠᠭᠠᠭᠯᠠᠨ ᠲᠣᠭᠲᠠᠭᠠᠭᠰᠠᠨ ᠣᠶ ᠰᠢᠭᠤᠢ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠣᠷᠣᠨ ᠪᠦᠰᠡ᠃    ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠭᠰᠠᠨ ᠣᠷᠣᠨ ᠳᠤ ᠳᠦᠯᠡᠰᠢ ᠲᠦᠯᠡᠬᠦ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠭᠠᠯ ᠰᠢᠲᠠᠭᠠᠬᠤ᠂ ᠡᠪᠡᠰᠦ ᠪᠡᠯᠴᠢᠭᠡᠷ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠨ᠎ᠠ︔ ᠤᠢ ᠰᠢᠭᠤᠢ ᠡᠪᠡᠰᠦ ᠪᠡᠯᠴᠢᠭᠡᠷ ᠤᠨ ᠵᠠᠬ᠎ᠠ ᠬᠦᠪᠡᠭᠡ᠂ ᠤᠢ ᠰᠢᠭᠤᠢ ︵ᠡᠪᠡᠰᠦ︶ ᠲᠠᠷᠢᠶᠠᠯᠠᠩ ᠤᠨ ᠠᠭᠤᠯᠵᠠᠷ ᠬᠡᠰᠡᠭ ᠲᠤ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ︔ ᠭᠠᠯ ᠤᠨ ᠴᠤᠭ ᠲᠠᠢ ᠰᠢᠲᠠᠯᠲᠠ ᠶᠢᠨ ᠪᠣᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠳᠤ ᠡᠷᠬᠡᠪᠰᠢ ᠬᠤᠰᠢᠭᠤᠨ ᠤ ᠭᠠᠯ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠵᠥᠪᠰᠢᠶᠡᠷᠡᠯ ᠢ ᠣᠯᠬᠤ ᠬᠡᠷᠡᠭᠲᠡᠢ᠃ ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃     ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠭᠰᠠᠨ ᠣᠷᠣᠨ ᠳᠤ ᠪᠣᠭᠤᠮᠲᠠ ᠪᠠᠶᠢᠭᠤᠯᠤᠨ ᠬᠠᠮᠢᠶᠠᠷᠬᠤ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠣᠶ ᠰᠢᠭᠤᠢ ᠨᠤᠲᠤᠭ ᠪᠡᠯᠴᠢᠭᠡᠷ ᠤᠨ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠷᠣᠵᠤ ᠭᠠᠷᠬᠤ ᠭᠠᠵᠠᠷ ᠲᠤ ᠲᠦᠷ ᠴᠠᠭ ᠤᠨ ᠪᠠᠶᠢᠴᠠᠭᠠᠯᠲᠠ ᠶᠢᠨ ᠦᠷᠳᠡᠭᠡ ᠪᠠᠶᠢᠭᠤᠯᠬᠤ ᠪᠠ ᠭᠠᠯ ᠢ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠤᠰᠬᠠᠵᠦ ᠂ ᠭᠠᠯ ᠤᠨ ᠢᠷᠡᠯᠳᠡ ᠴᠤᠭ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠭᠰᠠᠨ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠲᠤ ︽ᠭᠠᠯ ᠰᠡᠷᠭᠡᠶᠢᠯᠡᠬᠦ ᠴᠤᠬᠤᠷ ᠺᠤᠳ᠋︾ ᠤᠨ ᠦᠨᠡᠨ ᠨᠡᠷ᠎ᠡ ᠪᠠᠷ ᠳᠠᠩᠰᠠᠯᠠᠯᠳᠠ ᠬᠢᠬᠦ ᠶᠢ ᠬᠡᠷᠡᠭᠵᠢᠭᠦᠯᠦᠨ᠂ ᠭᠠᠯ  ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠢ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃    ᠲᠠᠪᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠭᠰᠠᠨ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠭᠠᠵᠠᠷ︶ ᠵᠢᠴᠢ ᠵᠠᠰᠠᠮᠠᠯ ᠵᠠᠮ᠂ ᠴᠠᠬᠢᠯᠭᠠᠨ ᠬᠦᠴᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠡᠷᠬᠡᠪᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ  ᠲᠦᠢᠮᠡᠷ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠪᠠᠭᠠᠵᠢ ᠶᠢ ᠭᠦᠢᠴᠡᠳ ᠲᠣᠬᠢᠷᠠᠭᠤᠯᠤᠨ᠂ ᠪᠣᠯᠪᠠᠰᠤᠷᠠᠭᠤᠯᠤᠯ ᠭᠥᠷᠳᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠳ ᠢ ᠲᠣᠬᠢᠷᠠᠭᠤᠯᠬᠤ ᠬᠡᠷᠡᠭᠲᠡᠢ᠃ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 541 ᠳ᠋ᠦ᠋ᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 542 ᠳ᠋ᠤᠭᠠᠷ ᠲᠣᠭᠠᠲᠤ︶ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ 25 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠠᠮᠢ ᠠᠬᠤᠢ ᠶᠢᠨ ᠣᠷᠴᠢᠨ ᠲᠣᠭᠤᠷᠢᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠬᠤᠭ ᠡᠪᠡᠰᠦ ᠵᠡᠷᠭᠡ ᠰᠢᠲᠠᠮᠠᠬᠠᠢ ᠪᠣᠳᠠᠰ ᠢ ᠲᠤᠶᠢᠯᠪᠤᠷᠢᠲᠠᠢ ᠠᠷᠢᠯᠭᠠᠵᠤ᠂ ᠰᠤᠮᠤ ᠪᠠᠯᠭᠠᠰᠤ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠤᠳ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ︵ᠳᠠᠯᠠᠩ︶ ᠢ ᠰᠢᠳᠠᠭᠠᠨ᠂ ᠦᠨᠡᠰᠦ ᠪᠤᠯᠭᠠᠵᠦ ᠪᠣᠷᠳᠣᠭᠤᠷ ᠴᠤᠭᠯᠠᠭᠤᠯᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠬᠤ ᠬᠡᠷᠡᠭᠲᠡᠢ᠃    ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠤ ᠭᠦᠢᠯᠭᠡᠭᠡᠨ᠂ ᠲᠦᠷᠭᠡᠨ ᠬᠦᠷᠭᠡᠯᠲᠡ᠂ ᠨᠡᠭᠦᠷᠡᠰᠦ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠦᠭᠦᠳ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ᠂ ᠬᠥᠮᠥᠰ ᠲᠤ ᠭᠠᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠮᠠᠬᠢᠨ ᠶᠤᠵᠤᠭᠤᠷ᠂ ᠨᠤᠴᠤᠭᠠᠪᠤᠷᠢ ᠵᠡᠷᠭᠡ ᠭᠠᠯ ᠤᠨ ᠴᠤᠭ ᠢ ᠬᠠᠶᠠᠬᠤ ᠶᠢ ᠴᠢᠩᠭ᠎ᠠ ᠴᠠᠭᠠᠵᠠᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠪᠣᠭᠤᠳᠠᠯ ᠪᠠᠭᠯᠠᠭ᠎ᠠ ᠨᠢ ᠴᠢᠩᠭ᠎ᠠ ᠦᠭᠡᠢ ᠠᠴᠠ ᠪᠣᠯᠵᠤ ᠨᠡᠭᠦᠷᠡᠰᠦᠨ ᠰᠢᠭᠠᠷᠤ ᠶᠢ ᠠᠭᠤᠷᠬᠠᠢ ᠶᠢᠨ ᠣᠷᠣᠨ ᠠᠴᠠ ᠭᠠᠳᠠᠨᠠᠬᠢ ᠣᠷᠣᠨ ᠪᠦᠰᠡ ᠳᠤ ᠬᠠᠶᠠᠬᠤ ᠶᠢ ᠴᠢᠩᠭ᠎ᠠ ᠴᠠᠭᠠᠵᠠᠯᠠᠨ᠎ᠠ᠂  ᠲᠡᠷᠭᠡᠨ ᠵᠢᠯᠤᠭᠤᠴᠢ ᠲᠡᠷᠭᠡᠨ ᠤ ᠬᠠᠮᠢᠶᠠᠷᠤᠯᠲᠠ ᠶᠢᠨ ᠠᠵᠢᠯᠲᠠᠨ ᠪᠣᠯ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭᠠᠲᠠᠨ ᠪᠤᠯᠤᠨ᠎ᠠ᠃    ᠲᠤᠯᠤᠭ᠎ᠠ᠂ ᠭᠠᠯ ᠤᠨᠲᠠᠷᠠᠭᠠᠬᠤ ᠡᠯ᠎ᠡ ᠲᠦᠷᠤᠯ ᠤᠨ ᠡᠩᠨᠡᠭᠡ ᠴᠠᠭ ᠢᠮᠠᠭᠲᠠ ᠲᠠᠶᠢᠨ ᠤ ᠪᠡᠯᠡᠳᠬᠡᠯ ᠤᠨ ᠪᠠᠶᠢᠳᠠᠯ ᠢᠶᠠᠨ ᠪᠠᠲᠤᠯᠠᠵᠤ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ᠂ ︽ᠭᠠᠯ ᠢ ᠡᠷᠳᠡᠭᠡᠨ ᠠᠴᠠ ᠨᠢ ᠤᠨᠳᠠᠷᠠᠭᠠᠬᠤ᠂ ᠪᠠᠭ᠎ᠠ ᠪᠠᠶᠢᠬᠤ ᠳᠤ ᠨᠢ ᠤᠨᠳᠠᠷᠠᠭᠠᠬᠤ᠂ ᠤᠨᠳᠠᠷᠠᠭᠠᠵᠦ ᠲᠡᠶᠢᠯᠬᠦ︾ ᠶᠢ ᠪᠡᠶᠡᠯᠡᠭᠦᠯᠵᠦ᠂ ᠬᠥᠮᠥᠨ ᠬᠠᠷ᠎ᠠ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃     ᠨᠠᠢᠮᠠ᠂ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠭᠠᠯ ᠢ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠢ᠂ ᠭᠠᠯ ᠲᠦᠢᠮᠡᠷ ᠤᠨ ᠠᠶᠤᠯ ᠤᠨ ᠲᠠᠯᠳᠠ ᠭᠡᠮ ᠢ ᠠᠷᠢᠯᠭᠠᠬᠤ ᠦᠭᠡᠢ᠂  ᠵᠦᠪᠰᠢᠶᠡᠷᠡᠯ ᠦᠭᠡᠢ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠭᠰᠠᠨ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ ᠂ ᠠᠳᠡᠯ ᠠᠴᠠ ᠪᠣᠯᠤᠭᠰᠠᠨ ᠪᠤᠶᠤ ᠵᠣᠷᠢᠭᠤᠳᠠ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠡᠭᠦᠰᠬᠡᠭᠰᠡᠨ ᠪᠠᠶᠢᠪᠠᠯ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠪᠣᠯᠣᠨ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠨᠢᠭᠡᠴᠡ ᠶᠢ 2000 ᠲᠥᠭᠦᠷᠢᠭ ᠠᠴᠠ 10 ᠲᠦᠮᠡᠨ ᠲᠥᠭᠦᠷᠢᠭ ᠵᠣᠭᠤᠰ ᠢᠶᠠᠷ ᠲᠣᠷᠭᠠᠵᠤ᠂ ᠬᠤᠪᠢ ᠬᠥᠮᠥᠨ ᠢ 200 ᠲᠥᠭᠦᠷᠢᠭ ᠠᠴᠠ 5000 ᠲᠥᠭᠦᠷᠢᠭ ᠵᠣᠭᠤᠰ ᠢᠶᠠᠷ ᠲᠣᠷᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠢ ᠳᠤᠨᠢ ᠬᠡᠷᠡᠭ ᠢ  ᠰᠢᠢᠳᠪᠤᠷᠢᠯᠡᠬᠦ ᠬᠡᠷᠡᠭᠲᠡᠢ᠃    ᠶᠢᠰᠦ᠂ ᠪᠠᠶᠢᠴᠠᠭᠠᠯᠲᠠ ᠶᠢᠨ ᠬᠠᠷᠢᠶ᠎ᠠ ᠣᠷᠣᠨ ᠳᠤ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠲᠦᠢᠮᠡᠷ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠦᠭᠡᠢ᠂ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠤᠨᠲᠠᠷᠠᠭᠠᠨ ᠠᠪᠤᠷᠠᠭᠰᠠᠨ ᠦᠭᠡᠢ᠂ ᠬᠢᠨᠠᠯᠲᠠ ᠲᠠᠯᠪᠢᠵᠤ ᠪᠠᠶᠢᠴᠠᠭᠠᠭᠰᠠᠨ ᠨᠢ ᠪᠠᠷᠢᠮᠵᠢᠶ᠎ᠠ ᠳᠤ ᠭᠦᠷᠦᠭᠰᠡᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃    ᠠᠷᠪᠠ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠪᠤᠶᠤ ᠬᠤᠰᠢᠭᠤᠨ ᠤ ᠭᠠᠯ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ︵ᠲᠦᠭᠰᠢᠭᠦᠷᠢ ᠮᠡᠳᠡᠭᠦᠯᠬᠦ ᠤᠲᠠᠰᠤ᠄ 12119᠂ 5773172︶᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠦᠨ᠎ᠡ ᠲᠥᠯᠥᠪᠦᠷᠢ ᠦᠭᠡᠢ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠴᠠᠭᠠᠵᠠᠯᠠᠬᠤ ᠬᠡᠷᠡᠭᠳᠡᠢ᠃                                                                            ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                  2022 ᠣᠨ ᠤ 3 ᠰᠠᠷ᠎ᠠ ᠶᠢᠨ 16 ᠤ ᠡᠳᠦᠷ 
ᠢᠷᠡᠯᠲᠡ᠄ ᠳᠤᠰ ᠰᠦᠯᠵᠢᠶ᠎ᠡ