ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ | ᠄ | ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠲᠤ ᠬᠡᠷᠡᠭᠯᠡᠬᠦ ᠭᠠᠵᠠᠷ ᠲᠤ ᠬᠡᠷ ᠪᠠᠶᠢᠰᠢᠩ ᠪᠠᠷᠢᠬᠤ ᠶᠢ ᠬᠢᠨᠠᠨ ᠵᠥᠪᠰᠢᠶᠡᠷᠡᠵᠦ | ᠬᠠᠮᠢᠶᠠᠷᠬᠤ ᠨᠢ ᠮᠠᠯᠴᠢᠨ ᠲᠠᠷᠢᠶᠠᠴᠢᠳ ᠤᠨ ᠠᠮᠤᠷ ᠲᠠᠶᠢᠪᠤᠩ ᠠᠵᠤ ᠲᠦᠷᠦᠭᠦ ᠪᠠ ᠬᠥᠳᠡᠭᠡ ᠲᠣᠰᠬᠤᠨ ᠤ ᠨᠡᠶᠢᠭᠡᠮ ᠤᠨ ᠲᠣᠭᠲᠠᠭᠤᠨ ᠪᠠᠶᠢᠳᠠᠯ ᠲᠠᠢ ᠬᠤᠯᠪᠣᠭᠳᠠᠨ᠎ᠠ | ᠃ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠮᠠᠯᠴᠢᠨ ᠲᠠᠷᠢᠶᠠᠴᠢᠳ ᠤᠨ ᠡᠷᠬᠡ ᠠᠰᠢᠭ ᠢ | ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠩ ᠰᠠᠶᠢᠲᠤᠷ ᠬᠡᠷᠡᠭᠵᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠶ᠋ᠯᠡᠳᠦᠯᠭᠡᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠢ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠭᠠᠵᠠᠷ ᠰᠢᠷᠣᠶ ᠶᠢ ᠵᠦᠶ ᠵᠣᠬᠢᠰᠲᠠᠶ ᠬᠡᠷᠡᠭᠯᠡᠬᠦ ᠶᠢ ᠦᠨᠡᠨᠬᠦ | ᠪᠠᠲᠤᠯᠠᠵᠤ᠂ ᠡᠳᠦᠭᠡ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠢ ᠬᠢᠨᠠᠨ ᠵᠥᠪᠰᠢᠶᠡᠷᠡᠬᠦ ᠶᠢ ᠲᠦᠷᠭᠡᠳᠬᠡᠬᠦ ᠬᠤᠯᠪᠣᠭᠳᠠᠯ ᠪᠥᠬᠦᠶ | ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ | ᠰᠠᠯᠠᠭ᠎ᠠ ᠮᠥᠴᠢᠷ ᠤᠳ ᠣᠷᠳᠣᠰ ᠬᠤᠲᠠ ᠶᠢᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠲᠤᠰᠬᠠᠶᠢᠯᠠᠨ ᠢᠯᠭᠠᠷᠠᠭᠤᠯᠵᠤ ᠴᠡᠭᠴᠡᠯᠡᠨ ᠵᠠᠰᠠᠬᠤ ᠶᠢᠨ | ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠦᠯᠡᠳᠡᠭᠡᠯ ᠠᠰᠠᠭᠤᠳᠠᠯ ᠢ ᠦᠭᠡᠶᠢᠰᠬᠡᠬᠦ ᠬᠡᠷᠡᠭᠲᠡᠶ᠃ | ᠬᠤᠶᠠᠷ᠂ ᠬᠡᠰᠡᠭ ᠣᠷᠣᠨ ᠰᠠᠭᠤᠴᠠ ᠶᠢᠨ ᠭᠠᠵᠠᠷ ᠲᠤ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠪᠠᠶᠢᠳᠠᠯ ᠢ | ᠦᠨᠳᠦᠰᠦᠯᠡᠨ᠂ ᠬᠢᠨᠠᠨ ᠵᠥᠪᠰᠢᠶᠡᠷᠡᠬᠦ ᠶᠢ ᠭᠦᠢᠴᠡᠳᠬᠡᠬᠦ ᠦᠶᠡᠯᠡᠯ ᠤᠨ ᠬᠤᠭᠤᠴᠠᠭ᠎ᠠ ᠨᠢ ᠤᠷᠲᠤ᠂ 8 ᠰᠠᠷ᠎ᠠ ᠶᠢᠨ 31 ᠤ ᠡᠳᠦᠷ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠤ ︽ᠣᠷᠣᠨ ᠨᠤᠲᠤᠭ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢᠶᠠᠨ | ᠦᠨᠳᠦᠰᠦᠯᠡᠨ ᠭᠠᠵᠠᠷ ᠬᠡᠷᠡᠭᠯᠡᠬᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠵᠡᠷᠭᠡ ᠳᠤ ᠠᠮᠠᠯᠠᠯᠲᠠ ᠬᠢᠵᠦ᠂ ᠲᠥᠷᠥᠯ ᠵᠦᠢᠯ ᠢ | ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠭᠠᠷ ᠭᠦᠢᠴᠡᠳᠬᠡᠯ ᠢ ᠨᠥᠬᠦᠵᠦ ᠬᠢᠵᠦ ᠪᠣᠯᠤᠨ᠎ᠠ︾ ᠭᠡᠬᠦ ᠵᠡᠷᠭᠡ ᠬᠤᠯᠪᠣᠭᠳᠠᠯ ᠪᠦᠬᠦᠢ ᠵᠣᠷᠢᠭ | ᠰᠠᠨᠠᠭ᠎ᠠ ᠪᠠᠷ ᠯᠠᠪᠯᠠᠯᠲᠠ ᠪᠣᠯᠭᠠᠵᠤ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠳᠤᠲᠠᠭᠤ ᠶᠢ ᠪᠠᠭᠲᠠᠭᠠᠬᠤ ᠶᠢ ᠭᠥᠯᠢᠶᠡᠨ ᠠᠪᠴᠤ | ᠰᠢᠶ᠋ᠳᠪᠦᠷᠢᠯᠡᠬᠦ᠂ ᠬᠤᠭᠤᠴᠠᠭ᠎ᠠ ᠬᠢᠵᠠᠭᠠᠷᠯᠠᠨ ᠭᠦᠶ᠋ᠴᠡᠳᠬᠡᠵᠦ ᠳᠠᠭᠤᠰᠬᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠰᠠᠭᠤᠷᠢ ᠭᠠᠵᠠᠷ ᠢ ᠬᠢᠨᠠᠨ ᠵᠥᠪᠰᠢᠶᠡᠷᠡᠵᠦ ᠪᠣᠯᠤᠨ᠎ᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ | ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠬᠤ ᠬᠢᠨᠠᠨ ᠪᠠᠶᠢᠴᠠᠭᠠᠵᠤ ᠬᠠᠮᠲᠤᠷᠠᠨ ᠭᠠᠷ ᠤᠨ ᠥᠰᠥᠭ ᠵᠢᠷᠤᠬᠤ ᠬᠦᠰᠦᠨᠦᠭᠲᠦ ᠳᠤ ᠳᠤᠲᠠᠭᠤ ᠶᠢ | ᠪᠠᠭᠲᠠᠭᠠᠬᠤ ᠶᠢ ᠭᠥᠯᠢᠶᠡᠨ ᠠᠪᠴᠤ ᠰᠢᠶ᠋ᠳᠪᠦᠷᠢᠯᠡᠬᠦ ᠶᠢ ᠵᠥᠪᠰᠢᠶᠡᠷᠡᠭᠰᠡᠨ ᠰᠠᠨᠠᠯ ᠳᠤ ᠭᠠᠷ ᠤᠨ ᠥᠰᠥᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ᠂ ᠬᠠᠮᠢᠶ᠎ᠠ | ᠪᠥᠬᠦᠶ ᠰᠤᠮᠤ ᠪᠠᠯᠭᠠᠰᠤ ᠨᠢ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠠᠮᠠᠯᠠᠯᠲᠠ ᠬᠢᠵᠦ᠂ ᠲᠣᠭᠲᠠᠭᠰᠠᠨ ᠬᠤᠭᠤᠴᠠᠭᠠᠨ ᠳᠤ ᠳᠤᠲᠠᠭᠤ ᠶᠢ ᠨᠥᠬᠦᠪᠥᠷᠢᠯᠡᠬᠦ | ᠭᠠᠷᠳᠠᠮ ᠢ ᠭᠦᠶ᠋ᠴᠡᠳᠬᠡᠨ᠎ᠡ᠃ | ᠭᠤᠷᠪᠠ᠂ ᠡᠯ᠎ᠡ ᠰᠤᠮᠤ ᠪᠠᠯᠭᠠᠰᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠳᠤᠮᠳᠠ ᠲᠠᠷᠢᠶᠠᠴᠢᠨ ᠲᠠᠷᠬᠠᠭᠠᠭᠰᠠᠨ ︹ 2019 ︺ 11 ᠳ᠋ᠦᠭᠡᠷ ᠲᠣᠭᠠᠲᠤ | ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠢ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢ ᠰᠤᠮᠤ ᠪᠠᠯᠭᠠᠰᠤ ᠶᠢᠨ ᠭᠠᠵᠠᠷ ᠰᠢᠷᠣᠶ ᠠᠰᠢᠭᠯᠠᠬᠤ | ᠶᠡᠷᠦᠩᠬᠡᠶ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠳᠤ ᠨᠡᠶᠢᠴᠡᠭᠦᠯᠵᠦ᠂ ᠰᠢᠨ᠎ᠡ ᠪᠠᠷ ᠨᠡᠮᠡᠭᠳᠡᠭᠰᠡᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ | ᠬᠡᠷᠡᠭᠯᠡᠬᠦ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃ | | | | | ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | 2022 ᠣᠨ ᠤ 9 ᠰᠠᠷ᠎ᠠ ᠶᠢᠨ 15 ᠤ ᠡᠳᠦᠷ | |