| ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠬᠡᠦᠬᠡᠳ ᠤᠨ | ᠡᠭᠡᠯᠢᠯᠡᠭᠡ ᠶᠢᠨ ᠴᠢᠳᠠᠪᠤᠷᠢ ᠪᠠᠭᠤᠷᠠᠶ᠂ ᠡᠪᠡᠳᠴᠢᠨ ᠳᠤ ᠠᠮᠠᠷᠬᠠᠨ ᠨᠡᠷᠪᠡᠭᠳᠡᠳᠡᠭ ᠪᠤᠯᠬᠤᠷ ᠲᠡᠳᠡᠭᠡᠷ ᠤᠨ ᠰᠡᠷᠭᠡᠶᠢᠯᠡᠨ ᠬᠠᠮᠠᠭᠠᠯᠠᠯᠲᠠ ᠶᠢ ᠰᠤᠯᠠᠷᠠᠭᠤᠯᠵᠤ ᠪᠣᠯᠬᠤ | ᠦᠭᠡᠢ᠃ ᠬᠡᠷ ᠤᠨ ᠠᠬᠠᠮᠠᠳ ᠡᠩ ᠤᠨ ᠦᠶ᠎ᠡ ᠳᠤ ᠬᠡᠸ᠋ᠬᠡᠳ ᠤᠨ ᠢᠶᠠᠨ ᠡᠷᠡᠭᠦᠯ ᠮᠡᠨᠳᠦ ᠶᠢ ᠬᠡᠷᠬᠢᠨ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠰᠤᠷᠭᠠᠭᠤᠯᠢ ᠳᠤ | ᠶᠠᠪᠤᠬᠤ ᠳᠤᠨᠢ ᠶᠠᠮᠠᠷ ᠶᠠᠮᠠᠷ ᠠᠰᠠᠭᠤᠳᠠᠯ ᠢ ᠠᠩᠬᠠᠷᠬᠤ ᠴᠢᠬᠤᠯᠠᠲᠠᠶ ᠪᠣᠶ︖ | ᠰᠤᠷᠭᠠᠭᠤᠯᠢ ᠳᠤ ᠶᠠᠪᠤᠬᠤ ᠠᠴᠠ ᠡᠮᠦᠨ᠎ᠡ | ᠬᠠᠯᠠᠭᠤᠷᠠᠬᠤ᠂ ᠠᠨᠠᠭᠠᠬᠤ ᠤᠬᠠᠭᠠᠨ ᠤ ᠠᠵᠢᠭᠯᠠᠯᠲᠠ ᠳ᠋ᠠᠭᠤᠰᠤᠭᠰᠠᠨ ᠦᠭᠡᠢ ᠰᠤᠷᠤᠭᠴᠢ ᠰᠤᠷᠭᠠᠭᠤᠯᠢ ᠳᠤ ᠣᠷᠣᠵᠤ ᠪᠣᠯᠬᠤ ᠥᠬᠡᠶ᠃ ᠡᠷᠡᠭᠦᠯᠵᠢᠭᠰᠡᠨ ᠤ | ᠳᠠᠷᠠᠭ᠎ᠠ ᠡᠷᠬᠡᠪᠰᠢ ᠡᠮᠨᠡᠯᠭᠡ ᠶᠢᠨ ᠬᠤᠷᠢᠶᠠᠨ ᠠᠴᠠ ᠭᠠᠷᠭᠠᠭᠰᠠᠨ ᠡᠷᠡᠭᠦᠯᠵᠢᠭᠰᠡᠨ ᠭᠡᠷᠡᠴᠢ ᠪᠠᠨ ᠦᠵᠡᠭᠦᠯᠬᠦ ᠬᠡᠷᠡᠭᠲᠡᠶ᠃ | ᠬᠡᠦᠬᠡᠳ ᠬᠡᠷᠪᠡ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠪᠥᠭᠡᠯᠵᠢᠬᠦ ᠪᠠ ᠰᠠᠭᠤᠯᠭᠠᠬᠤ ᠵᠡᠷᠭᠡ ᠡᠪ ᠦᠭᠡᠢ ᠪᠠᠶᠢᠳᠠᠯ ᠭᠠᠷᠪᠠᠯ ᠴᠠᠭ ᠲᠤᠬᠠᠶ ᠳᠤᠨᠢ | ᠪᠠᠭᠰᠢ ᠲᠠᠢ ᠨᠢ ᠬᠠᠷᠢᠯᠴᠠᠵᠤ᠂ ᠲᠣᠭᠲᠠᠭᠰᠠᠨ ᠡᠮᠨᠡᠯᠭᠡ ᠳᠤ ᠣᠴᠢᠵᠤ ᠡᠮᠨᠡᠭᠦᠯᠦᠨ᠎ᠡ᠃ ᠨᠢᠭᠡ ᠡᠳᠦᠷ ᠤᠨ ᠬᠡᠷᠡᠭᠯᠡᠬᠦ ᠠᠮᠠᠪᠴᠢ᠂ ᠠᠷᠢᠭᠤᠳᠬᠠᠬᠤ ᠴᠠᠭᠠᠰᠤ᠂ | ᠤᠰᠤᠨ ᠤ ᠴᠤᠮᠤ ᠶᠢ ᠪᠡᠯᠡᠳᠬᠡᠨ᠎ᠡ᠃ | ᠰᠤᠷᠭᠠᠭᠤᠯᠢ ᠳᠤ ᠶᠠᠪᠤᠬᠤ ᠵᠠᠮ ᠳᠠᠭᠠᠨ | ᠨᠡᠶᠢᠲᠡ ᠶᠢᠨ ᠲᠡᠷᠭᠡ ᠬᠦᠰᠭᠡ ᠳᠤ ᠰᠠᠭᠤᠬᠤ ᠦᠶ᠎ᠡ ᠳᠤ ᠵᠠᠮ ᠲᠤᠵᠢ ᠠᠮᠠᠪᠴᠢ ᠵᠡᠭᠦᠵᠦ᠂ ᠲᠡᠷᠭᠡᠨ ᠳᠡᠭᠡᠷᠡᠬᠢ ᠶᠠᠭᠤᠮ᠎ᠠ ᠶᠢ ᠭᠠᠷ ᠢᠶᠠᠷ ᠢᠶᠠᠨ ᠲᠡᠮᠲᠡᠷᠢᠬᠦ ᠦᠭᠡᠢ | ᠃ ᠲᠦᠷᠢᠶᠡᠰᠦᠨ ᠮᠠᠰᠢᠨ ᠲᠡᠷᠭᠡ ᠪᠤᠶᠤ ᠰᠦᠯᠵᠢᠶ᠎ᠡ ᠪᠠᠷ ᠪᠤᠯᠵᠤᠭᠰᠠᠨ ᠮᠠᠰᠢᠨ ᠲᠡᠷᠭᠡᠨ ᠳᠤ ᠰᠠᠭᠤᠬᠤ ᠳᠠᠭᠠᠨ ᠴᠣᠩᠬᠤ ᠶᠢ ᠨᠢ ᠨᠡᠭᠡᠭᠡᠨ ᠰᠠᠯᠬᠢ ᠨᠡᠪᠲᠡᠷᠡᠭᠦᠯᠵᠦ᠂ | ᠠᠮᠠᠪᠴᠢ ᠪᠠᠨ ᠰᠠᠶᠢᠨ ᠵᠡᠭᠦᠨ᠎ᠡ᠃ | ᠰᠤᠷᠭᠠᠭᠤᠯᠢ ᠳᠤ ᠪᠠᠶᠢᠬᠤ ᠬᠤᠭᠤᠴᠠᠭᠠᠨ ᠳᠤ | ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠠᠷᠢᠭᠤᠨ ᠴᠡᠪᠡᠷ ᠢ ᠡᠷᠬᠢᠮᠯᠡᠬᠦ᠂ ᠠᠷᠢᠭᠤᠳᠬᠠᠯ ᠰᠠᠶᠢᠨ ᠬᠢᠬᠦ᠂ ᠶᠣᠰᠣ ᠵᠢᠷᠤᠮ ᠢ ᠲᠠᠭᠠᠬᠤ ᠵᠡᠷᠭᠡ | ᠬᠢᠵᠢᠭ ᠢ ᠰᠡᠷᠭᠡᠶᠢᠯᠡᠬᠦ ᠳᠠᠳᠬᠠᠯ ᠲᠠᠢ ᠪᠣᠯᠬᠤ ᠬᠡᠷᠡᠭᠲᠡᠶ᠃ ᠬᠢᠴᠢᠶᠡᠯ ᠤᠨ ᠭᠡᠷ ᠤᠨ ᠠᠷᠢᠭᠤᠨ ᠴᠡᠪᠡᠷ ᠢ ᠪᠠᠲᠤᠯᠠᠵᠤ᠂ ᠢᠯᠡᠭᠦᠬᠡᠨ ᠰᠠᠯᠬᠢ ᠨᠡᠪᠲᠡᠷᠡᠭᠦᠯᠦ᠋ᠨ ᠠᠭᠠᠷ | ᠰᠣᠯᠢᠨ᠎ᠠ᠃ | ᠬᠢᠴᠢᠶᠡᠯ ᠤᠨ ᠵᠠᠪᠰᠠᠷᠯᠠᠭ᠎ᠠ ᠳᠤ ᠨᠠᠭᠠᠳᠴᠤ ᠬᠦᠭᠡᠭᠡᠯᠴᠡᠬᠦ ᠥᠬᠡᠶ᠂ ᠠᠩᠭᠢ ᠲᠤᠭᠤᠷᠢᠬᠤ ᠥᠬᠡᠶ᠂ ᠪᠦᠭᠡᠮᠨᠡᠷᠡᠨ ᠰᠢᠬᠠᠯᠳᠤᠬᠤ ᠥᠬᠡᠶ ᠪᠠᠶᠢᠬᠤ ᠶᠢ ᠠᠩᠬᠠᠷᠤᠨ᠎ᠠ᠃ | ᠬᠤᠭᠤᠯᠠ ᠢᠳᠡᠬᠦ ᠳᠡᠭᠡᠨ ᠠᠷᠢᠭᠤᠨ ᠴᠡᠪᠡᠷ ᠢ ᠡᠷᠬᠢᠮᠯᠡᠵᠦ᠂ ᠬᠤᠭᠤᠯᠠᠨ ᠤ ᠳᠠᠷᠠᠭ᠎ᠠ ᠨᠢᠭᠡ ᠨᠢᠭᠡ ᠪᠠᠨ ᠬᠦᠯᠢᠶᠡᠯᠴᠡᠬᠦ ᠦᠭᠡᠢ ᠬᠤᠭᠤᠯᠠᠨ ᠭᠡᠷ ᠠᠴᠠ ᠬᠤᠷᠳᠤᠬᠠᠨ | ᠭᠠᠷᠤᠨ᠎ᠠ᠃ | ᠰᠤᠷᠭᠠᠭᠤᠯᠢ ᠲᠠᠷᠬᠠᠭᠰᠠᠨ ᠤ ᠳᠠᠷᠠᠭ᠎ᠠ | ᠣᠯᠠᠨ ᠬᠥᠮᠦᠨ ᠴᠤᠭᠯᠠᠷᠠᠬᠤ ᠠᠴᠠ ᠵᠠᠶᠢᠯᠠᠰᠭᠢᠬᠦ ᠶᠢᠨ ᠲᠦᠯᠦᠭᠡ ᠴᠠᠭ ᠢ ᠵᠥᠷᠢᠭᠦᠯᠦ᠋ᠨ ᠰᠤᠷᠭᠠᠭᠤᠯᠢ ᠠᠴᠠ ᠪᠠᠨ ᠶᠠᠪᠤᠨ᠎ᠠ᠃ ᠠᠮᠠᠪᠴᠢ ᠪᠠᠨ ᠰᠠᠶᠢᠨ ᠵᠡᠭᠦᠵᠤ᠂ | ᠭᠡᠷ ᠤᠨ ᠭᠠᠳᠠᠨ᠎ᠠ ᠪᠠᠶᠢᠬᠤ ᠴᠠᠭ ᠢᠶᠠᠨ ᠠᠯᠢ ᠴᠢᠳᠠᠬᠤ ᠪᠠᠷ ᠪᠣᠭᠤᠨᠢᠰᠬᠠᠨ᠎ᠠ᠃ ᠭᠠᠳᠠᠨ᠎ᠠ ᠠᠴᠠ ᠬᠠᠷᠢᠵᠤ ᠢᠷᠡᠪᠡᠯ ᠴᠠᠭ ᠲᠤᠬᠠᠶ ᠳᠤᠨᠢ ᠭᠠᠷ ᠪᠠ ᠨᠢᠭᠤᠷ ᠢᠶᠠᠨ | ᠤᠬᠢᠶᠠᠨ᠎ᠠ᠃ | |