​ ᠤᠷᠳᠤᠰ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠢᠯᠭᠠᠬᠤ ᠠᠵᠢᠯᠯᠠᠭ᠎ᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 23 ᠤ ᠡᠳᠤᠷ ᠮᠠᠨ ᠤ ᠬᠤᠳᠠ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠢᠯᠭᠠᠬᠤ ᠠᠵᠢᠯᠯᠠᠭ᠎ᠠ ᠶᠢ ᠬᠡᠷᠡᠭᠵᠢᠭᠦᠯᠬᠦ ᠲᠦᠰᠦᠯ ᠤᠨ ᠲᠤᠬᠠᠢ ᠤᠷᠳᠤᠰ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠤᠭᠤᠳᠬᠤ ᠭᠠᠵᠠᠷ ᠤᠨ ᠮᠡᠳᠡᠭᠳᠡᠯ︾ ᠢ ᠲᠠᠷᠤᠮᠠᠯᠯᠠᠨ ᠲᠠᠷᠬᠠᠭᠠᠪᠠ᠃ ᠮᠡᠳᠡᠭᠳᠡᠯ ᠳᠤ ᠲᠤᠰ ᠰᠠᠷ᠎ᠠ ᠶᠢᠨ ᠰᠡᠭᠦᠯᠴᠢ ᠪᠤᠯᠳᠠᠯ᠎ᠠ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠬᠰᠡᠳ ᠢ ᠠᠷᠢᠯᠭᠠᠬᠤ ᠶᠡᠷᠤᠩᠭᠡᠢ ᠰᠡᠷᠭᠡᠶᠢᠯᠡᠨ ᠡᠵᠡᠮᠳᠡᠬᠦ ᠬᠠᠷᠠᠯᠳᠡ ᠶᠢ ᠪᠡᠶᠡᠯᠡᠭᠦᠯᠬᠦ ᠬᠡᠷᠡᠭᠳᠠᠢ ᠭᠡᠵᠤ ᠱᠠᠭᠠᠷᠳᠠᠵᠠᠢ᠃             ᠡᠨᠡ ᠤᠳᠠᠭ᠎ᠠ ᠶᠢᠨ ᠠᠵᠢᠯᠯᠠᠭ᠎ᠠ ᠨᠢ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢ ᠲᠡᠭᠡᠳᠦᠯᠡᠬᠦ᠂  ᠠᠮᠢ ᠨᠠᠰᠤ ᠶᠢ ᠲᠡᠭᠡᠳᠦᠯᠡᠬᠦ ᠶᠢ ᠡᠷᠡᠰ ᠪᠠᠷᠢᠮᠳᠠᠯᠠᠵᠤ᠂ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠤ᠂  ᠲᠤᠳᠤᠭᠠᠳᠤ ᠳᠠᠭᠠᠨ ᠲᠠᠬᠢᠨ ᠲᠡᠯᠭᠡᠷᠡᠬᠦ ᠶᠢ ᠰᠡᠷᠭᠡᠶᠢᠯᠡᠬᠦ︾ ᠶᠡᠷᠤᠩᠭᠡᠢ ᠠᠷᠭ᠎ᠠ ᠪᠤᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠤ᠂ ︽ᠬᠦᠳᠡᠯᠤᠩᠭᠦᠢ ᠪᠠᠷ ᠠᠷᠢᠯᠭᠠᠬᠤ︾ ᠶᠡᠷᠤᠩᠭᠡᠢ ᠴᠢᠭᠯᠡᠯᠳᠡ ᠶᠢ ᠡᠷᠡᠰ ᠭᠤᠶᠢᠪᠢᠰᠢ ᠦᠭᠡᠢ ᠪᠠᠷᠢᠮᠳᠠᠯᠠᠨ᠂ ︽ᠶᠢᠰᠦᠳᠦᠭᠡᠷ ᠬᠡᠪᠯᠡᠯ︾ ᠢ ᠪᠠᠷᠢᠮᠳᠠᠯᠠᠵᠤ᠂ ︽ᠬᠤᠷᠢᠨ ᠵᠤᠷᠪᠤᠰ︾ ᠢ ᠡᠷᠡᠰ ᠲᠤᠭᠤᠰᠢᠯᠠᠭᠤᠯᠵᠤ᠂  ᠬᠡᠯᠪᠡᠷᠢ ᠶᠢ ᠦᠭᠡᠷᠡᠳᠦᠭᠦᠯᠬᠦ ᠦᠭᠡᠢ ᠪᠠᠶᠢᠬᠤ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠶᠡᠴᠢ ᠴᠤᠬᠴᠨ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠤ᠂  ᠠᠵᠢᠯ ᠤᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂  ᠬᠢᠵᠢᠭ ᠤᠨ ᠪᠠᠶᠢᠳᠠᠯ ᠤᠨ ᠲᠠᠷᠬᠠᠬᠤ ᠬᠠᠨᠳᠤᠰᠢ ᠶᠢ ᠲᠦᠷᠭᠡᠨ ᠬᠤᠷᠢᠬᠯᠡᠨ ᠵᠤᠬᠰᠤᠭᠠᠵᠤ᠂  ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠡ ᠪᠡᠶ᠎ᠡ ᠮᠠᠬᠠᠪᠤᠳ ᠤᠨ ᠡᠷᠡᠭᠦᠯ ᠮᠠᠨᠳᠤ ᠶᠢ ᠬᠠᠮᠠᠭᠠᠯᠠᠵᠤ᠂  ᠠᠵᠤ ᠠᠬᠤᠢ ᠨᠡᠶᠢᠭᠡᠮ ᠤᠨ ᠬᠦᠭᠵᠢᠯᠳᠡ ᠳᠤ ᠦᠵᠡᠭᠦᠯᠬᠦ ᠬᠢᠵᠢᠭ ᠤᠨ ᠨᠦᠯᠦᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠵᠤᠷᠢᠬᠰᠡᠨ ᠪᠠᠶᠢᠨ᠎ᠠ᠃        ︽ᠬᠤᠳᠠ ᠶᠢᠨ ᠱᠠᠳᠤᠨ ᠠᠴᠠ ᠨᠢᠭᠡᠳᠦᠯᠳᠠᠢ ᠲᠦᠯᠦᠪᠵᠢᠭᠦᠯᠵᠤ᠂  ᠲᠦᠷᠦᠯ ᠬᠤᠪᠢᠶᠠᠨ ᠠᠷᠭ᠎ᠠ ᠪᠤᠳᠤᠯᠭ᠎ᠠ ᠶᠢ ᠬᠡᠷᠡᠭᠵᠢᠭᠦᠯᠵᠤ᠂ ᠬᠦᠴᠦ ᠪᠠᠨ ᠲᠦᠪᠯᠡᠷᠡᠭᠦᠯᠤᠨ ᠪᠠᠬᠢᠯᠡᠯᠳᠡ ᠲᠠᠭᠠᠷᠢᠬᠤ︾ ᠶᠡᠷᠤᠩᠭᠡᠢ ᠰᠡᠳᠬᠢᠴᠨ ᠶᠤᠰᠤᠭᠠᠷ᠂ ︽ᠪᠦᠬᠦ ᠤᠷᠤᠨ ᠲᠤᠭᠤᠷᠢᠭ ᠢᠶᠠᠷ ᠢᠶᠠᠨ ᠨᠢᠭᠡᠳᠦᠯᠳᠠᠢ ᠬᠦᠳᠡᠯᠤᠯᠴᠠᠵᠤ᠂  ᠴᠢᠳᠠᠪᠤᠷᠢ ᠪᠠᠨ ᠲᠦᠪᠯᠡᠷᠡᠭᠦᠯᠤᠨ ᠲᠡᠭᠡᠭᠰᠢᠯᠡᠭᠦᠯᠵᠤ᠂  ᠪᠦᠬᠦ ᠶᠠᠪᠤᠴᠨ ᠳᠤ ᠪᠠᠶᠢᠴᠠᠭᠠᠵᠤ ᠲᠤᠳᠠᠭᠤᠳᠠᠯ ᠢ ᠨᠦᠬᠦᠪᠤᠷᠢᠯᠡᠬᠦ︾ ᠵᠡᠷᠭᠡ ᠶᠡᠷᠤᠩᠭᠡᠶᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂  ᠮᠠᠨ ᠤ ᠬᠤᠳᠠ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ᠂  ᠡᠮᠴᠢᠯᠡᠭᠡᠨ ᠤ ᠠᠪᠤᠷᠠᠨ ᠵᠠᠰᠠᠬᠤ᠂  ᠪᠦᠭᠡᠮ ᠬᠦᠴᠢᠯ ᠤᠨ ᠪᠠᠶᠢᠴᠠᠭᠠᠯᠳᠡ ᠬᠢᠬᠦ᠂  ᠬᠠᠯᠳᠠᠪᠤᠷᠢᠳᠤ ᠡᠪᠡᠳᠴᠢᠨ ᠤ ᠤᠬᠠᠭᠠᠨ ᠤ ᠪᠠᠶᠢᠴᠠᠭᠠᠯᠳᠡ ᠬᠢᠬᠦ᠂  ᠪᠢᠳᠡᠭᠦᠮᠵᠢᠯᠡᠨ ᠬᠠᠮᠢᠶᠠᠷᠤᠨ ᠡᠵᠡᠮᠳᠡᠬᠦ᠂  ᠲᠤᠰᠠᠭᠠᠷᠯᠠᠬᠤ ᠪᠡᠯᠡᠳᠭᠡᠯ ᠬᠢᠬᠦ᠂  ᠪᠠᠷᠠᠭᠠᠨ ᠤ ᠲᠡᠭᠡᠭᠡᠪᠤᠷᠢ  ᠶᠢᠨ ᠵᠢᠯᠤᠭᠤᠴᠢ᠂  ᠰᠤᠷᠭᠠᠭᠤᠯᠢ ᠶᠢᠨ ᠬᠠᠮᠢᠶᠠᠷᠤᠯᠳᠡ᠂  ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠵᠢᠴᠢ ᠦᠢᠯᠡᠳᠪᠤᠷᠢ ᠠᠭᠤᠷᠬᠠᠢ ᠠᠵᠤ ᠠᠬᠤᠶᠢᠯᠠᠯ ᠤᠨ ᠬᠠᠮᠢᠶᠠᠷᠤᠯᠳᠡ ᠡᠵᠡᠮᠳᠡᠯ ᠵᠡᠷᠭᠡ 9 ᠲᠠᠯ᠎ᠠ ᠪᠠᠷ ᠪᠤᠳᠠᠳᠠᠢ ᠠᠷᠭ᠎ᠠ ᠬᠡᠮᠵᠢᠶ᠎ᠡ ᠲᠤᠬᠳᠠᠭᠠᠪᠠ᠃  ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠤᠯᠭ᠎ᠠ ᠶᠢ ᠦᠨᠳᠤᠷ ᠪᠦᠳᠦᠮᠵᠢᠳᠠᠢ ᠪᠠᠷ ᠠᠵᠢᠯᠯᠠᠭᠤᠯᠵᠤ᠂  ᠬᠤᠳᠠ ᠬᠤᠰᠢᠭᠤ ᠬᠤᠶᠠᠷ ᠱᠠᠳᠤᠨ ᠤ ᠬᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂  ᠦᠨᠳᠤᠷ ᠪᠦᠳᠦᠮᠵᠢᠳᠠᠢ ᠪᠠᠷ ᠵᠢᠯᠤᠭᠤᠳᠤᠨ᠂  ᠨᠠᠷᠢᠯᠢᠭ ᠤᠨᠤᠪᠴᠢᠳᠠᠢ ᠪᠠᠷ ᠠᠬᠢᠭᠤᠯᠵᠤ᠂  ᠬᠦᠴᠦ ᠪᠠᠨ ᠲᠦᠪᠯᠡᠷᠡᠭᠦᠯᠤᠨ ᠪᠠᠬᠢᠯᠡᠯᠳᠡ ᠲᠠᠭᠠᠷᠢᠵᠤ᠂  ᠬᠢᠵᠢᠭ ᠤᠨ ᠪᠠᠶᠢᠳᠠᠯ ᠢ ᠠᠷᠢᠯᠭᠠᠬᠤ ᠲᠠᠶᠢᠨ ᠢ ᠰᠠᠶᠢᠳᠤᠷ ᠬᠢᠬᠦ ᠬᠡᠷᠡᠭᠳᠠᠢ᠃  ᠪᠦᠬᠦ ᠬᠦᠴᠦᠨ ᠢᠶᠠᠷ ᠢᠶᠠᠨ ᠡᠮᠴᠢᠯᠡᠭᠡ ᠪᠠᠷ ᠠᠪᠤᠷᠠᠨ ᠵᠠᠰᠠᠬᠤ ᠪᠠᠷ ᠴᠢᠷᠮᠠᠶᠢᠵᠤ᠂  ᠠᠪᠤᠷᠠᠨ ᠵᠠᠰᠠᠬᠤ ᠲᠤᠰᠬᠠᠢ ᠠᠩᠬᠢ ᠶᠢ ᠪᠠᠶᠢᠭᠤᠯᠤᠨ᠂  ᠲᠦᠷᠦᠯ ᠬᠤᠪᠢᠶᠠᠨ ᠠᠪᠤᠷᠠᠨ ᠵᠠᠰᠠᠵᠤ᠂  ᠲᠠᠷᠠᠭ᠎ᠠ ᠠᠯᠬᠤᠮ ᠤᠨ ᠬᠢᠨᠡᠨ ᠬᠡᠮᠵᠢᠯᠳᠡ ᠶᠢ ᠰᠠᠶᠢᠳᠤᠷ ᠬᠢᠵᠤ᠂  ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠡᠳᠡᠭᠡᠷᠡᠭᠦᠯᠬᠦ ᠨᠤᠷᠮ᠎ᠠ ᠶᠢ ᠲᠡᠭᠡᠭᠰᠢᠯᠡᠭᠦᠯᠵᠤ᠂  ᠦᠬᠦᠬᠦ ᠨᠤᠷᠮ᠎ᠠ ᠶᠢ ᠲᠤᠷᠤᠬᠰᠢᠯᠠᠭᠤᠯᠬᠤ ᠬᠡᠷᠡᠭᠳᠠᠢ ᠃  ᠪᠦᠭᠡᠮ ᠬᠦᠴᠢᠯ ᠤᠨ ᠪᠠᠶᠢᠴᠠᠭᠠᠯᠳᠡ ᠶᠢᠨ ᠴᠢᠨᠠᠷ ᠪᠡ ᠬᠤᠷᠳᠤᠴᠨ ᠶᠢ ᠲᠡᠭᠡᠭᠰᠢᠯᠡᠭᠦᠯᠤᠨ᠂  ᠤᠷᠤᠨ ᠲᠤᠭᠤᠷᠢᠭ ᠤᠨ ᠪᠦᠭᠡᠮ ᠬᠦᠴᠢᠯ ᠤᠨ ᠪᠠᠶᠢᠴᠠᠭᠠᠯᠳᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂  ᠪᠦᠭᠡᠮ ᠬᠦᠴᠢᠯ ᠤᠨ ᠪᠠᠶᠢᠴᠠᠭᠠᠯᠳᠡ ᠶᠢᠨ ᠴᠢᠳᠠᠪᠤᠷᠢ ᠶᠢᠨ ᠲᠠᠯ᠎ᠠ ᠶᠢᠨ ᠲᠤᠳᠠᠭᠤᠳᠠᠯ ᠢ ᠲᠦᠷᠭᠡᠨ ᠨᠦᠬᠦᠪᠤᠷᠢᠯᠡᠵᠤ᠂ ︽ᠴᠤᠬᠯᠠᠭᠤᠯᠬᠤ᠂  ᠬᠦᠷᠭᠡᠬᠦ᠂  ᠪᠠᠶᠢᠴᠠᠭᠠᠬᠤ᠂  ᠮᠡᠳᠡᠭᠦᠯᠬᠦ᠂  ᠬᠢᠨᠠᠬᠤ︾ ᠦᠷ᠎ᠡ ᠪᠦᠳᠦᠮᠵᠢ ᠶᠢ ᠲᠡᠭᠡᠭᠰᠢᠯᠡᠭᠦᠯᠵᠤ᠂ ᠪᠦᠭᠡᠮ ᠬᠦᠴᠢᠯ ᠤᠨ ᠪᠠᠶᠢᠴᠠᠭᠠᠯᠳᠡ ᠬᠢᠬᠦ ᠳᠤ ᠪᠠᠶᠢᠴᠠᠭᠠᠬᠤ ᠶᠤᠰᠤᠳᠠᠢ ᠶᠢ ᠨᠢ ᠪᠦᠬᠦᠨ ᠢ ᠪᠠᠶᠢᠴᠠᠭᠠᠵᠤ᠂  ᠨᠢᠭᠡ ᠬᠦᠮᠤᠨ ᠢ ᠴᠤ ᠤᠷᠬᠢᠬᠳᠠᠭᠤᠯᠬᠤ ᠦᠭᠡᠢ᠃  ᠬᠠᠯᠳᠠᠪᠤᠷᠢᠳᠤ ᠡᠪᠡᠳᠴᠢᠨ ᠤ ᠤᠬᠠᠭᠠᠨ ᠤ ᠪᠠᠶᠢᠴᠠᠭᠠᠯᠳᠡ ᠶᠢᠨ ᠠᠵᠢᠯ ᠢ ᠨᠠᠷᠢᠯᠢᠭ ᠤᠨᠤᠪᠴᠢᠳᠠᠢ ᠬᠢᠵᠤ᠂ ᠬᠠᠯᠳᠠᠪᠤᠷᠢᠳᠤ ᠡᠪᠡᠳᠴᠢᠨ ᠤ ᠤᠬᠠᠭᠠᠨ ᠤ ᠪᠠᠶᠢᠴᠠᠭᠠᠯᠳᠡ ᠶᠢᠨ ᠠᠵᠢᠯ ᠤᠨ ᠵᠢᠵᠢᠭᠦᠷᠯᠡᠬᠦ ᠪᠡ ᠵᠢᠵᠢᠭᠦᠷᠯᠡᠬᠦ ᠪᠡᠯᠡᠳᠭᠡᠯ ᠠᠵᠢᠯ ᠢ ᠴᠢᠩᠭᠠᠳᠬᠠᠵᠤ᠂  ᠠᠵᠢᠯ ᠤᠨ ᠶᠠᠪᠤᠴᠨ ᠶᠢᠨ ᠬᠦᠳᠦᠴᠢ ᠵᠢᠷᠤᠭ ᠭᠠᠷᠭᠠᠵᠤ᠂  ᠨᠢᠬᠳᠠ ᠦᠢᠷᠠᠳᠤᠬᠰᠡᠳ ᠢ ᠤᠨᠤᠪᠴᠢᠳᠠᠢ ᠪᠠᠷ ᠢᠯᠭᠠᠨ ᠲᠤᠬᠳᠠᠭᠠᠵᠤ᠂  ᠦᠨᠳᠤᠷ ᠲᠦᠭᠰᠢᠭᠦᠷᠢᠳᠠᠢ ᠤᠷᠤᠨ ᠲᠤᠭᠤᠷᠢᠭ ᠢ ᠲᠦᠷᠭᠡᠨ ᠵᠠᠭᠠᠬᠯᠠᠨ ᠲᠤᠬᠳᠠᠭᠠᠵᠤ᠂  ᠬᠠᠯᠳᠠᠪᠤᠷᠢᠳᠤ ᠡᠪᠡᠳᠴᠢᠨ ᠤ ᠤᠬᠠᠭᠠᠨ ᠤ ᠪᠠᠶᠢᠴᠠᠭᠠᠯᠳᠡ ᠶᠢᠨ ᠠᠵᠢᠯ ᠤᠨ ᠦᠨᠳᠤᠷ ᠪᠦᠳᠦᠮᠵᠢᠳᠠᠢ᠂  ᠡᠮᠬᠢ ᠴᠡᠭᠴᠨ ᠲᠠᠢ ᠶᠠᠪᠤᠬᠳᠠᠬᠤ ᠶᠢ ᠦᠨᠡᠨ ᠬᠦ ᠪᠠᠳᠤᠯᠠᠬᠤ ᠬᠡᠷᠡᠭᠳᠠᠢ᠃  ᠪᠢᠳᠡᠭᠦᠮᠵᠢᠯᠡᠨ ᠡᠵᠡᠮᠳᠡᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂  ᠬᠤᠳᠠ ᠠᠴᠠ ᠤᠷᠤᠵᠤ ᠭᠠᠷᠬᠤ ᠬᠦᠮᠤᠰ  ᠢ ᠴᠢᠩᠭ᠎ᠠ ᠬᠠᠮᠢᠶᠠᠷᠤᠨ ᠡᠵᠡᠮᠳᠡᠵᠤ᠂  ᠨᠡᠶᠢᠭᠡᠮ ᠤᠨ ᠲᠠᠯ᠎ᠠ᠂  ᠭᠠᠴᠠᠭ᠎ᠠ ᠲᠤᠰᠬᠤᠨ  ︵ᠨᠡᠶᠢᠭᠡᠮ ᠲᠤᠭᠤᠷᠢᠭ︶ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠬᠵᠢᠭᠤᠯᠵᠤ᠂  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠠᠢ᠃  ᠲᠤᠰᠠᠭᠠᠷᠯᠠᠬᠤ ᠪᠡᠯᠡᠳᠭᠡᠯ ᠠᠵᠢᠯ ᠢ ᠲᠦᠷᠭᠡᠨ ᠨᠦᠬᠦᠪᠤᠷᠢᠯᠡᠵᠤ᠂  ᠲᠤᠰᠠᠭᠠᠷᠯᠠᠬᠤ ᠲᠠᠯᠠᠪᠤᠷ ᠪᠠᠶᠢᠭᠤᠯᠬᠤ ᠡᠭᠦᠷᠭᠡ ᠶᠢ ᠪᠡᠶᠡᠯᠡᠭᠦᠯᠵᠤ᠂  ᠪᠢᠳᠡᠭᠦᠮᠵᠢᠯᠡᠭᠰᠡᠨ ᠬᠠᠮᠢᠶᠠᠷᠤᠯᠳᠡ ᠶᠢ ᠴᠢᠩᠭᠠᠳᠬᠠᠵᠤ᠂  ᠪᠦᠭᠡᠮ ᠬᠦᠴᠢᠯ ᠤᠨ ᠦᠯᠢᠭᠡᠷ ᠠᠪᠬᠤ ᠠᠵᠢᠯ ᠢ ᠲᠦᠷᠢᠮᠵᠢᠭᠦᠯᠤᠨ᠂  ᠠᠮᠤᠷ ᠲᠦᠪᠰᠢᠨ ᠤ ᠲᠤᠬᠳᠠᠭᠤᠨ ᠪᠠᠶᠢᠳᠠᠯ ᠢ ᠬᠠᠮᠠᠭᠠᠯᠠᠬᠤ ᠪᠡ ᠡᠮᠬᠢ ᠲᠢᠭᠯᠢᠮ ᠤᠨ ᠲᠤᠬᠳᠠᠭᠤᠨ ᠪᠠᠶᠢᠳᠠᠯ ᠢ ᠬᠠᠮᠠᠭᠠᠯᠠᠬᠤ ᠶᠢ ᠴᠢᠩᠭᠠᠳᠬᠠᠬᠤ ᠬᠡᠷᠡᠭᠳᠠᠢ᠃  ᠪᠠᠷᠠᠭᠠᠨ ᠤ ᠲᠡᠭᠡᠭᠡᠪᠤᠷᠢ ᠶᠢᠨ ᠵᠢᠯᠤᠭᠤᠴᠢ ᠶᠢ ᠪᠦᠬᠦ ᠶᠠᠪᠤᠴᠨ ᠳᠤ ᠬᠢᠨᠡᠨ ᠬᠠᠮᠢᠶᠠᠷᠴᠤ᠂ ︽  ᠵᠢᠯᠤᠭᠤᠴᠢᠳ ᠤᠨ ᠪᠢᠳᠡᠭᠦᠮᠵᠢᠯᠡᠭᠰᠡᠨ ᠬᠠᠮᠢᠶᠠᠷᠤᠯᠳᠡ︾  ᠶᠢ ᠬᠡᠷᠡᠭᠵᠢᠭᠦᠯᠬᠦ ᠪᠠᠷ ᠲᠦᠯᠦᠪᠯᠡᠵᠤ᠂ ︽ᠡᠯᠧᠺᠲᠷᠤᠨ ᠬᠦᠷᠢᠶ᠎ᠡ︾ ᠶᠢ ᠬᠡᠷᠡᠭᠵᠢᠭᠦᠯᠵᠤ᠂ ︽ᠵᠢᠯᠤᠭᠤᠴᠢ ᠶᠢᠨ ᠦᠷᠳᠡᠭᠡ︾ ᠶᠢ ᠪᠠᠶᠢᠭᠤᠯᠵᠤ᠂  ᠲᠠᠪᠴᠠᠩ ᠲᠡᠭᠡᠷ᠎ᠡ ᠪᠤᠯᠵᠤᠬᠤ ᠶᠢ ᠬᠡᠷᠡᠭᠵᠢᠭᠦᠯᠤᠨ᠎ᠡ᠃ ᠰᠤᠷᠭᠠᠭᠤᠯᠢ ᠶᠢᠨ ᠬᠠᠮᠢᠶᠠᠷᠤᠯᠳᠡ ᠶᠢ ᠨᠢᠬᠳᠠ ᠪᠦᠭᠡᠳ ᠪᠠᠳᠤ ᠪᠠᠬᠢ ᠬᠢᠵᠤ᠂  ᠰᠤᠷᠤᠬᠴᠢᠳ ᠢ ᠬᠢᠴᠢᠶᠡᠯ ᠲᠦᠷᠦᠯ ᠤᠨ ᠪᠤᠰᠤ ᠰᠤᠷᠭᠠᠭᠤᠯᠢ  ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠪᠡ ︽ᠵᠢᠵᠢᠭ ᠬᠤᠭᠤᠯᠡᠨ ᠰᠢᠷᠡᠭᠡ︾ ᠵᠡᠷᠭᠡ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠳᠤ ᠤᠷᠤᠯᠴᠠᠭᠤᠯᠵᠤ ᠪᠤᠯᠬᠤ ᠦᠭᠡᠢ᠃  ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠵᠢᠴᠢ ᠦᠢᠯᠡᠳᠪᠤᠷᠢ ᠠᠭᠤᠷᠬᠠᠢ ᠠᠵᠤ ᠠᠬᠤᠶᠢᠯᠠᠯ  ᠢ ᠨᠠᠷᠢᠨ ᠨᠢᠬᠳᠠ ᠬᠠᠮᠢᠶᠠᠷᠤᠨ ᠡᠵᠡᠮᠳᠡᠵᠤ᠂  ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠲᠠᠬᠢ ᠪᠤᠢ ᠪᠦᠭᠦᠢ ᠠᠵᠢᠯᠳᠡᠨ ᠪ᠊ ᠤᠷᠤᠵᠤ ᠭᠠᠷᠬᠤ ᠲᠡᠷᠭᠡ ᠳᠤ ᠪᠦᠬᠦ ᠶᠠᠪᠤᠴᠨ ᠶᠢᠨ ᠪᠢᠳᠡᠭᠦᠮᠵᠢᠯᠡᠭᠰᠡᠨ ᠬᠠᠮᠢᠶᠠᠷᠤᠯᠳᠡ ᠬᠢᠵᠤ᠂  ᠡᠯ᠎ᠡ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ᠂  ᠦᠢᠯᠡᠳᠪᠤᠷᠢ ᠠᠭᠤᠷᠬᠠᠢ ᠠᠵᠤ ᠠᠬᠤᠶᠢᠯᠠᠯ ᠤᠨ ᠬᠠᠷᠢᠭᠤᠴᠠᠯᠭᠠᠳᠡᠨ ᠨᠠᠷ ᠬᠢᠵᠢᠭ ᠤᠨ ᠪᠠᠶᠢᠳᠠᠯ ᠢ ᠠᠷᠢᠯᠭᠠᠬᠤ ᠠᠵᠢᠯᠯᠠᠭ᠎ᠠ ᠶᠢᠨ ᠨᠢᠭᠡᠳᠦᠭᠡᠷ ᠬᠠᠷᠢᠭᠤᠴᠠᠯᠭᠠᠳᠡᠨ ᠤ ᠲᠤᠰᠢᠶᠠᠯ ᠢ ᠡᠭᠦᠷᠭᠡᠯᠡᠵᠤ᠂  ᠬᠠᠷᠢᠶ᠎ᠠ ᠲᠤᠭᠤᠷᠢᠭ  ᠤᠨ ᠬᠦᠮᠤᠰ ᠤᠨ ᠪᠦᠭᠡᠮ ᠬᠦᠴᠢᠯ ᠤᠨ ᠪᠠᠶᠢᠴᠠᠭᠠᠯᠳᠡ ᠬᠢᠬᠦ᠂  ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠡ ᠬᠢᠬᠦ ᠪᠡ ᠡᠷᠡᠭᠦᠯ ᠮᠠᠨᠳᠤ ᠶᠢᠨ ᠺᠤᠳ᠋᠂  ᠠᠶᠠᠯᠡᠯ ᠤᠨ ᠺᠠᠷᠲ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠰᠠᠶᠢᠳᠤᠷ ᠵᠤᠬᠢᠶᠠᠨ ᠪᠠᠶᠢᠭᠤᠯᠤᠨ ᠦᠷᠨᠢᠭᠦᠯᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ᠃     
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ