ᠲᠦᠷᠦᠭᠦᠦ 10 ᠰᠠᠷ᠎ᠠ ᠳᠤ ᠵᠥᠭᠡᠯᠡᠨ ᠲᠣᠨᠤᠭ ᠤᠨ ᠲᠤᠬᠠᠶᠢᠯᠠᠭᠰᠠᠨ ᠠᠵᠢᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠪᠠᠨ 10% ᠪᠠᠷ ᠨᠡᠮᠡᠭᠳᠡᠪᠡ ︵ᠰᠢᠨ᠎ᠡ ᠳ᠋ᠠᠶᠢᠲ᠋ᠠ ᠰᠢᠨ᠎ᠡ ᠬᠢᠯᠠᠰᠵᠢᠯ︶
ᠨᠡᠶᠢᠲᠡᠯᠡᠭᠰᠡᠨ ᠴᠠᠭ᠄
2022/11/28
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 11 ᠰᠠᠷ᠎ᠠ ᠶᠢᠨ 24 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠵᠧᠩ︶    ᠰᠤᠷᠪᠤᠯᠵᠢᠯᠠᠭᠴᠢ 24 ᠤ ᠡᠳᠦᠷ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ   ᠶᠠᠮᠤᠨ ᠡᠴᠠ‌ᠣᠶᠢᠯᠠᠭᠠᠭᠰᠠᠨ ᠢᠶᠠᠷ᠄ ᠲᠦᠷᠦᠭᠦᠦ 10 ᠰᠠᠷ᠎ᠠ ᠳᠤ᠂ ᠮᠠᠨ ᠤ  ᠤᠯᠤᠰ ᠤᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ  ᠤ  ᠦᠢᠯᠡᠰ ᠤᠨ ᠠᠵᠢᠯᠯᠠᠭᠠᠨ ᠤ  ᠪᠠᠶᠢᠳᠠᠯ  ᠲᠣᠭᠲᠠᠭᠤᠨ ᠢᠶᠠᠷ  ᠰᠠᠶᠢᠵᠢᠷᠠᠵᠤ᠂ ᠵᠥᠭᠡᠯᠡᠨ ᠲᠣᠨᠤᠭ ᠤᠨ ᠲᠤᠬᠠᠶᠢᠯᠠᠭᠰᠠᠨ ᠠᠵᠢᠯ ᠤᠨ  ᠣᠷᠣᠯᠭ᠎ᠠ  84214  ᠳ᠋ᠦᠩᠰᠢᠭᠤᠷ  ᠲᠥᠭᠦᠷᠢᠭ ᠲᠤ  ᠬᠦᠷᠴᠦ᠂  ᠠᠳᠠᠯᠢ ᠬᠤᠭᠤᠴᠠᠭᠠᠨ ᠤ ᠬᠢ ᠠᠴᠠ  ᠪᠠᠨ   10% ᠪᠠᠷ  ᠨᠡᠮᠡᠭᠳᠡᠨ᠂  ᠨᠡᠮᠡᠭᠳᠡᠯ ᠤᠨ   ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ ᠪᠠᠨ 0.2 ᠵᠠᠭᠤᠨ ᠤ ᠬᠤᠪᠢ ᠶᠢᠨ ᠴᠡᠭ ᠳᠡᠭᠡᠭᠰᠢᠯᠡᠵᠡᠢ᠃            ᠵᠥᠭᠡᠯᠡᠨ ᠲᠣᠨᠤᠭ ᠤᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠠᠭ᠎ᠠ ᠬᠡᠮᠵᠢᠶ᠎ᠡ ᠪᠠᠷ ᠳᠡᠭᠡᠭᠰᠢᠯᠡᠭᠰᠡᠨ ᠤ ᠵᠡᠷᠭᠡᠪᠡᠷ ᠠᠰᠢᠭ ᠬᠤᠨᠵᠢᠪᠣᠷᠢ ᠶᠢᠨ ᠪᠥᠬᠦ ᠲᠣᠭᠠᠨ ᠤ ᠨᠡᠮᠡᠭᠳᠡᠯ  ᠴᠦ ᠲᠦᠷᠭᠡᠳᠴᠦ  ᠪᠠᠶᠢᠨ᠎ᠠ᠃ ᠲᠦᠷᠦᠭᠦᠦ10 ᠰᠠᠷ᠎ᠠ ᠳᠤ᠂ ᠵᠥᠭᠡᠯᠡᠨ ᠲᠣᠨᠤᠭ ᠤᠨ ᠦᠢᠯᠡᠰ ᠤᠨ ᠠᠰᠢᠭ ᠬᠤᠨᠵᠢᠪᠣᠷᠢ ᠶᠢᠨ  ᠪᠥᠬᠦ  ᠲᠤᠭ᠎ᠠ  10047  ᠳ᠋ᠦᠩᠰᠢᠭᠤᠷ‌‍ᠲ᠋ᠥ᠋ᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 4.5% ᠪᠠᠷ  ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ ᠪᠠᠨ 1.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠣᠷᠣᠯᠭ᠎ᠠ ᠨᠡᠯᠢᠶᠡᠳ ᠲᠦᠷᠭᠡᠨ ᠨᠡᠮᠡᠭᠳᠡᠬᠦ  ᠶᠢ ᠪᠠᠲᠤᠯᠠᠪᠠ᠃ ᠲᠦᠷᠦᠭᠦᠦ 10 ᠰᠠᠷ᠎ᠠ ᠳᠤ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ  ᠤ ᠣᠷᠣᠯᠭ᠎ᠠ 54583 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  ᠪᠠᠨ10.1% ᠪᠠᠷ  ᠨᠡᠮᠡᠭᠳᠡᠪᠡ᠃ ᠡᠭᠦᠨ ᠳᠤ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ ᠶᠢᠨ ᠦᠢᠯᠡᠴᠢᠯᠡᠭᠡ ᠨᠢ ᠨᠡᠶᠢᠲᠡ 8234  ᠳ᠋ᠦᠩᠰᠢᠭᠤᠷ  ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠪᠠᠨ 7.7% ᠪᠠᠷ ᠨᠡᠮᠡᠭᠳᠡᠪᠡ︔ ᠬᠤᠷᠠᠮᠠᠯ ᠴᠠᠬᠢᠯᠭᠠᠨ ᠬᠡᠯᠬᠢᠶ᠎ᠡ ᠶᠢᠨ ᠵᠢᠷᠤᠭ ᠲᠥᠯᠥᠪᠯᠡᠭᠡ ᠶᠢᠨ ᠣᠷᠣᠯᠭ᠎ᠠ 2286 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ   ᠪᠠᠨ13.0 % ᠢᠶᠠᠷ ᠨᠡᠮᠡᠭᠳᠡᠪᠡ︔ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠮᠡᠷᠭᠡᠵᠢᠯ ᠤᠨ ᠦᠢᠯᠡᠴᠢᠯᠡᠭᠡᠨ ‍ᠤ‌ᠣᠷᠣᠯᠭ᠎ᠠ 8386 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  ᠪᠠᠨ16.5% ᠪᠠᠷ ᠨᠡᠮᠡᠭᠳᠡᠪᠡ᠃         ᠠᠵᠤ ᠦᠢᠯᠡᠳᠪᠦᠷᠢ ᠶᠢᠨ ᠵᠥᠭᠡᠯᠡᠨ  ᠲᠣᠨᠤᠭ ᠤᠨ  ᠦᠢᠯᠡᠳᠭᠦᠨ ᠤ  ᠣᠷᠣᠯᠭ᠎ᠠ  ᠬᠤᠶᠠᠷ  ᠣᠷᠣᠨᠲᠤ  ᠲᠤᠭ᠎ᠠ ᠪᠠᠷ‌ᠨᠡᠮᠡᠭᠳᠡᠵᠦ᠂ ᠦᠢᠯᠡᠳᠬᠦ ᠦᠢᠯᠡᠰ ᠤᠨ ᠲᠤᠭᠠᠵᠢᠭᠤᠯᠤᠯᠳᠠ ᠶᠢᠨ ᠬᠡᠯᠪᠡᠷᠢ ᠪᠠᠨ ᠬᠤᠪᠢᠷᠠᠭᠤᠯᠤᠨ ᠲᠠᠰ  ᠳᠡᠪᠰᠢᠬᠦ ᠶᠢ ᠬᠦᠴᠦᠲᠡᠶ ᠲᠤᠯᠭᠠᠭᠤᠷᠢᠯᠠᠪᠠ᠃ ᠲᠦᠷᠦᠭᠦᠦ10 ᠰᠠᠷ᠎ᠠ ᠳᠤ ᠵᠥᠭᠡᠯᠡᠨ ᠲᠣᠨᠤᠭ ᠤᠨ ᠦᠢᠯᠡᠳᠭᠦᠨ ᠤ ᠣᠷᠣᠯᠭ᠎ᠠ 20737 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 9.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ ᠪᠠᠨ 0.2 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃  ᠡᠭᠦᠨ ᠳᠤ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠦᠢᠯᠡᠳᠭᠦᠨ ᠤ ᠣᠷᠣᠯᠭ᠎ᠠ 1861 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  ᠪᠠᠨ 12.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ‌ᠤᠯᠠᠷᠢᠯ ᠤᠨ ᠬᠢ ᠠᠴᠠ ᠪᠠᠨ 3.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃          
ᠢᠷᠡᠯᠲᠡ᠄ ᠠᠷᠠᠳ ᠤᠨ ᠰᠦᠯᠵᠢᠶ᠎ᠡ