2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2022/11/28
                                 ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ  ᠶᠠᠮᠤᠨ ᠬᠠᠮᠲᠤᠷᠠᠨ ︽ᠬᠠᠤᠯᠢ ᠲᠣᠭᠲᠠᠭᠠᠯ ᠢ ᠵᠥᠷᠢᠴᠡᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠠᠷᠭ᠎ᠠ︾ ᠶᠢ ᠲᠣᠭᠲᠠᠭᠠᠵᠠᠶ᠂ ᠲᠣᠰ ᠠᠷᠭ᠎ᠠ ᠶᠢ 2023 ᠣᠨ ᠤ1 ᠳ᠋ᠤᠭᠡᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃             ᠲᠤᠰ ᠠᠷᠭ᠎ᠠ ᠨᠢ ︽ᠡᠮᠴᠢᠯᠡᠭᠡᠨ ᠤ  ᠪᠠᠲᠤᠯᠠᠭ᠎ᠠ ᠶᠢᠨ ᠰᠠᠭᠤᠷᠢ  ᠮᠥᠩᠭᠦ ᠶᠢᠨ  ᠬᠡᠷᠡᠭᠯᠡᠯᠲᠡ ᠶᠢ  ᠬᠢᠨᠠᠨ ᠬᠠᠮᠢᠶᠠᠷᠴᠦ ᠢᠯᠡᠴᠢᠯᠡᠨ ᠮᠡᠳᠡᠬᠦᠯᠵᠦ ᠰᠢᠢᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ︾ ᠶᠢᠨ ᠢᠵᠢ  ᠪᠦᠷᠢᠳᠦᠭᠰᠡᠨ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ᠨᠡᠶᠢᠳᠡ ᠠᠷᠪᠠᠨ ᠲᠠᠪᠤᠨ ᠵᠤᠷᠪᠤᠰ ᠪᠠᠶᠢᠵᠦ᠂ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠲᠦᠷᠢᠮ ᠤᠨ ᠵᠣᠷᠢᠯᠭ᠎ᠠ ᠶᠢᠨ  ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠱᠠᠩᠨᠠᠨ ᠬᠥᠬᠢᠭᠦᠯᠬᠦ ᠵᠠᠷᠴᠢᠮ᠂ ᠨᠥᠬᠦᠴᠡᠯ᠂ ᠪᠠᠷᠢᠮᠵᠢᠶ᠎ᠠ᠂ ᠣᠯᠭᠤᠬᠤ᠂ ᠪᠤᠴᠠᠭᠠᠨ ᠠᠪᠬᠤ ᠵᠡᠷᠭᠡ ᠠᠭᠤᠯᠭ᠎ᠠ ᠶᠢ ᠲᠣᠭᠲᠠᠭᠠᠭᠰᠠᠨ ᠤ ᠬᠠᠮᠲᠤ ᠪᠠᠰᠠ  ᠱᠠᠩᠨᠠᠯ ᠲᠠᠢ ᠪᠠᠷ ᠢᠯᠡᠴᠢᠯᠡᠨ‌ᠮᠡᠳᠡᠭᠦᠯᠬᠦ ᠲᠦᠷᠢᠮ ᠢ ᠭᠦᠨᠵᠡᠭᠡᠶᠢᠷᠡᠭᠦᠯᠬᠦ᠂ ᠤᠯᠠᠨ ᠲᠦᠮᠡᠨ ᠤ ᠬᠢᠨᠠᠯᠲᠠ ᠲᠠᠯᠪᠢᠵᠦ ᠣᠷᠣᠯᠴᠠᠬᠤ ᠶᠢ ᠵᠣᠷᠢᠭᠵᠢᠭᠤᠯᠬᠤ ᠵᠡᠷᠭᠡ ᠲᠠᠯ᠎ᠠ ᠪᠠᠷ ᠬᠢ ᠪᠣᠳᠣᠯᠬᠢᠯᠠᠯ ᠢ ᠭᠦᠢᠴᠡᠳ ᠬᠠᠷᠠᠭᠤᠯᠵᠠᠶ᠃              
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋