​ᠲᠦᠷᠪᠡᠨ ᠬᠢᠯᠡᠰ ᠴᠡᠭ ᠢᠶᠠᠷ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶᠠᠨ ᠤ ᠪᠠᠶᠢᠭᠤᠯᠤᠯᠳᠡ ᠶᠢᠨ ᠠᠶᠠᠨ ᠳᠤ ᠭᠠᠪᠰᠢᠭᠠᠶᠢᠯᠠᠨ᠎ᠠ
ᠨᠡᠶᠢᠲᠡᠯᠡᠭᠰᠡᠨ ᠴᠠᠭ᠄
2022/11/7
       ᠡᠨᠡ ᠵᠢᠯ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ ᠲᠡᠷᠢᠭᠦᠨ ᠤ ᠬᠢ ᠪᠠᠷ ᠪᠠᠷᠢᠮᠵᠢᠶᠠᠯᠠᠵᠤ ᠡᠭᠦᠳᠤᠨ ᠪᠠᠶᠢᠭᠤᠯᠬᠤ ᠠᠵᠢᠯ ᠢ ᠦᠷᠨᠢᠭᠦᠯᠵᠤ᠂  ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠳᠤ ᠪᠦᠬᠦ ᠲᠠᠯ᠎ᠠ ᠪᠠᠷ ᠰᠢᠨᠡᠴᠢᠯᠡᠯᠳᠡ ᠬᠢᠵᠤ᠂  ︽ᠰᠦᠯᠵᠢᠶᠡᠨ ᠲᠡᠭᠡᠷᠡᠬᠢ ᠨᠤᠮ ᠤᠨ ᠤᠪᠤᠭ᠎ᠠ︾᠂  ︽ᠤᠯᠡᠨ ᠬᠡᠯᠡᠨ ᠤ ᠠᠯᠪᠡᠨ ᠮᠡᠳᠡᠭᠡ ᠶᠢᠨ ᠲᠠᠪᠴᠠᠩ︾  ᠂ ︽ᠤᠨ ᠤ ᠦᠢᠯᠡᠳᠪᠤᠷᠢ ᠶᠢᠨ ᠬᠠᠮᠢᠶᠠᠷᠤᠯᠳᠡ ᠶᠢᠨ ᠲᠠᠪᠴᠠᠩ︾᠂  ︽ᠮᠦᠡᠭᠭᠡ ᠰᠤᠪᠠᠭ ᠠᠷᠠᠳ ᠲᠤ ᠲᠦᠭᠦᠮ ᠦᠵᠡᠭᠦᠯᠬᠦ ᠬᠡᠷᠡᠭᠯᠡᠭᠡᠨ ᠤ ᠲᠠᠪᠴᠠᠩ︾ ᠢᠶᠠᠷ ᠭᠤᠤᠯ ᠪᠤᠯᠭᠠᠬᠰᠡᠨ ᠲᠦᠷᠪᠡᠨ ᠬᠢᠯᠡᠰ ᠴᠡᠭ ᠢ ᠪᠤᠢ ᠪᠤᠯᠭᠠᠵᠤ᠂  ᠪᠦᠬᠦ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶᠡᠨ ᠤ ᠴᠤᠬᠯᠠᠷᠠᠯ ᠤᠨ ᠨᠢᠭᠡᠨ ᠬᠡᠷᠡᠯᠳᠤ ᠤᠳᠤᠨ ᠪᠤᠯᠪᠠ᠃          ︽ᠰᠦᠯᠵᠢᠶᠡᠨ ᠲᠡᠭᠡᠷᠡᠬᠢ ᠨᠤᠮ ᠤᠨ ᠤᠪᠤᠭ᠎ᠠ︾ ᠪᠤᠯ ᠦᠤᠰᠢᠨ ᠬᠤᠰᠢᠭᠤᠨ ᠤ ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠪᠢᠯᠢᠭ ᠤᠨ ᠰᠠᠩ ᠮᠤᠩᠭᠤᠯ ᠨᠤᠮ ᠬᠡᠪᠯᠡᠯ ᠤᠨ ᠮᠦᠽᠸᠢ᠂  ᠨᠤᠮ ᠤᠨ ᠤᠪᠤᠭ᠎ᠠ ᠶᠢ 3D ᠮᠡᠷᠭᠡᠵᠢᠯ ᠢᠶᠠᠷ ᠲᠡᠯᠭᠡᠨ ᠦᠵᠡᠭᠦᠯᠦᠭᠰᠡᠨ  ︽ᠨᠤᠮ ᠤᠨ ᠤᠪᠤᠭ᠎ᠠ︾  ᠲᠠᠪᠴᠠᠩ ᠪᠤᠯᠤᠨ᠎ᠠ᠃  ᠲᠤᠰ ᠲᠠᠪᠴᠠᠩ ᠨᠢ  ︽ᠨᠤᠮ ᠤᠨ ᠤᠪᠤᠭ᠎ᠠ᠂  ᠨᠤᠮ ᠤᠨ ᠤᠷᠳᠤᠨ᠂  ᠨᠤᠮ ᠬᠡᠪᠯᠡᠯ ᠤᠨ ᠮᠦᠽᠸᠢ᠂  ᠤᠳᠤᠳ ᠤᠨ ᠬᠢᠯᠪᠠᠭ᠎ᠠ᠂ ᠵᠤᠬᠢᠶᠠᠬᠴᠢ  ᠶᠢᠨ ᠦᠷᠦᠭᠡ︾ ᠵᠡᠷᠭᠡ ᠲᠠᠪᠤᠨ ᠬᠡᠰᠡᠭ ᠢᠶᠠᠷ ᠪᠦᠷᠢᠯᠳᠦᠵᠤ᠂  ᠢᠯᠠᠩᠭᠤᠶ᠎ᠠ ᠤᠪᠤᠭᠠᠨ ᠤ ᠴᠢᠯᠠᠭᠤ ᠶᠢᠨ ᠨᠡᠷᠡᠶᠢᠳᠦᠯ ᠢᠶᠠᠷ ᠨᠢ ᠲᠤᠶ᠋ᠢᠵᠤ ᠤᠷᠤᠪᠡᠯ ᠨᠤᠮ ᠪᠢᠴᠢᠭ ᠢ ᠦᠵᠡᠵᠤ ᠰᠤᠨᠢᠷᠬᠠᠬᠤ ᠴᠢᠳᠠᠮᠵᠢ ᠲᠠᠢ ᠪᠤᠯᠬᠤᠷ ᠤᠡᠭᠰᠢᠬᠴᠢ ᠲᠦᠮᠡᠨ ᠳᠤ ᠤᠪᠤᠭᠠᠨ ᠲᠡᠭᠡᠷ᠎ᠡ ᠬᠦᠷᠦᠭᠰᠡᠨ ᠮᠡᠳᠤ ᠭᠠᠶᠢᠬᠠᠯᠳᠠᠢ ᠲᠦᠷᠦᠭᠳᠡᠯ ᠢ ᠤᠯᠭᠤᠬᠤ ᠶᠤᠮ᠃        ︽ᠨᠤᠮ ᠬᠡᠪᠯᠡᠯ ᠤᠨ ᠮᠦᠽᠸᠢ︾ ᠳᠤ ᠮᠤᠩᠭᠤᠯ ᠨᠤᠮ ᠬᠡᠪᠯᠡᠯ ᠤᠨ ᠬᠦᠭᠵᠢᠯᠳᠡ ᠶᠢᠨ ᠲᠡᠤᠭᠡ ᠪᠡ ᠮᠤᠩᠭᠤᠯ ᠦᠨᠳᠤᠰᠤᠳᠡᠨ ᠤ ᠤᠳᠬ᠎ᠠ ᠵᠤᠬᠢᠶᠠᠯᠴᠢᠳ  ᠤᠨ ᠬᠤᠪᠤᠷ ᠨᠠᠨᠳᠢᠨ ᠨᠤᠮ ᠪᠢᠴᠢᠭ ᠪᠤᠯᠤᠨ ᠬᠡᠪᠯᠡᠯ ᠲᠠᠰᠤᠷᠠᠬᠰᠡᠨ ᠨᠤᠮ ᠪᠢᠴᠢᠭ ᠤᠳ ᠢ ᠴᠤᠬᠯᠠᠭᠤᠯᠵᠤ᠂  ᠮᠤᠩᠭᠤᠯ ᠰᠤᠶᠤᠯ ᠤᠨ ᠬᠦᠭᠵᠢᠯᠳᠡ ᠶᠢᠨ ᠨᠠᠨᠳᠢᠨ ᠦᠪ ᠢ ᠭᠠᠶᠢᠬᠠᠭᠤᠯᠪᠠ᠃  ︽ᠨᠤᠮ ᠤᠨ ᠤᠷᠳᠤᠨ︾ ᠳᠤ ᠤᠯᠤᠰ ᠤᠨ ᠲᠤᠳᠤᠭᠠᠳᠤ ᠭᠠᠳᠠᠭᠠᠳᠤ  ᠶᠢᠨ ᠮᠤᠩᠭᠤᠯ ᠦᠨᠳᠤᠰᠤᠳᠡᠨ ᠤ ᠵᠤᠬᠢᠶᠠᠯᠴᠢᠳ ᠤᠨ ᠨᠡᠷᠡᠳᠤ ᠵᠤᠬᠢᠶᠠᠯ ᠪᠦᠳᠦᠭᠡᠯ ᠤᠳ ᠢ ᠲᠡᠯᠭᠡᠨ ᠦᠵᠡᠭᠦᠯᠵᠤ᠂  ᠬᠡᠷᠡᠭᠯᠡᠭᠴᠢᠳ ᠤᠨ ᠰᠦᠯᠵᠢᠶᠡᠨ ᠲᠡᠭᠡᠷ᠎ᠡ ᠤᠡᠭᠰᠢᠬᠤ᠂  ᠬᠤᠳᠠᠯᠳᠤᠨ ᠠᠪᠬᠤ ᠬᠡᠷᠡᠭᠴᠡᠭᠡ ᠶᠢ ᠬᠠᠨᠭ᠍ᠭᠠᠪᠠ᠃  ᠲᠤᠰ ᠲᠠᠪᠴᠠᠩ ᠤᠨ ᠪᠠᠶᠢᠭᠤᠯᠤᠯᠳᠡ ᠨᠢ ᠮᠤᠩᠭᠤᠯ ᠲᠤᠯᠭᠤᠷ ᠪᠢᠴᠢᠭ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠪᠡ ᠠᠰᠢᠬᠯᠠᠬᠤ ᠶᠢ ᠪᠡᠶᠡᠯᠡᠭᠦᠯᠵᠤ᠂  ᠮᠤᠩᠭᠤᠯ ᠦᠨᠳᠤᠰᠤᠳᠡᠨ ᠤ ᠤᠯᠠᠮᠵᠢᠯᠠᠯᠳᠤ ᠰᠤᠶᠤᠯ ᠢ ᠵᠠᠯᠭᠠᠮᠵᠢᠯᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠤᠨ᠂  ᠪᠦᠬᠦ ᠤᠷᠤᠨ ᠤ ︽ᠤᠷᠤᠨ ᠨᠤᠳᠤᠭ ᠤᠨ ᠰᠤᠶᠤᠯ ᠤᠨ ᠢᠯᠨ ᠲᠤᠳᠤ ᠦᠪᠡᠷᠮᠢᠴᠨ ᠤᠨᠴᠠᠯᠢᠭ ᠲᠠᠢ ᠲᠠᠪᠴᠠᠩ︾ ᠪᠤᠯᠵᠤ᠂  ᠤᠯᠤᠰ ᠤᠨ ᠲᠤᠳᠤᠭᠠᠳᠤ ᠭᠠᠳᠠᠭᠠᠳᠤ ᠶᠢᠨ ᠤᠳᠬ᠎ᠠ ᠵᠤᠬᠢᠶᠠᠯ  ᠤᠨ ᠪᠠᠭ᠋ᠠᠷᠬᠠᠬᠴᠢᠳ ᠪᠡ ᠤᠡᠭᠰᠢᠬᠴᠢᠳ ᠤᠨ ᠠᠩᠬᠠᠷᠤᠯ ᠢ ᠶᠡᠭᠡᠳᠡ ᠲᠠᠳᠠᠬᠰᠡᠨ ᠪᠠᠶᠢᠨ᠎ᠠ᠃          ︽ᠤᠯᠡᠨ ᠬᠡᠯᠡᠨ ᠤ ᠠᠯᠪᠡᠨ ᠮᠡᠳᠡᠭᠡᠨ ᠤ ᠲᠠᠪᠴᠠᠩ︾ ᠨᠢ ᠴᠠᠭᠠᠰᠤᠨ ᠬᠡᠪᠯᠡᠯ ᠪᠤᠯᠤᠨ ᠡᠯᠧᠺᠲᠷᠤᠨ ᠬᠡᠪᠯᠡᠯ ᠢ ᠤᠷᠭᠠᠨᠢᠭ ᠢᠶᠠᠷ ᠵᠤᠯᠭᠠᠭᠤᠯᠵᠤ᠂  ᠮᠤᠩᠭᠤᠯ ᠬᠢᠳᠡᠳ ᠬᠤᠤᠰ ᠬᠡᠯᠨ ᠶᠢ ᠬᠠᠪᠰᠤᠷᠭᠠᠬᠰᠡᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ ᠴᠢᠬᠤᠯᠨ ᠳ᠋ᠠᠶᠢᠲ᠋ᠠ ᠬᠦᠮᠤᠷᠭᠡ ᠶᠢ ᠪᠠᠶᠢᠭᠤᠯᠵᠤ᠂  ᠤᠯᠡᠨ ᠡᠰᠢᠵᠢᠭᠰᠡᠨ᠂  ᠲᠦᠷᠦᠯ ᠬᠤᠪᠢᠶᠠᠬᠰᠡᠨ᠂  ᠲᠦᠭᠦᠮ ᠲᠦᠳᠡ ᠪᠠᠶᠢᠴᠠᠭᠠᠨ ᠯᠠᠪᠯᠠᠬᠤ ᠮᠡᠷᠭᠡᠵᠢᠯ ᠢ ᠬᠠᠨᠭ᠍ᠭᠠᠵᠤ᠂  ᠠᠯᠪᠡᠨ ᠮᠡᠳᠡᠭᠡ ᠶᠢ ᠲᠤᠭᠠᠵᠢᠭᠤᠯᠬᠤ ᠪᠡ ᠲᠤᠭ᠎ᠠ ᠪᠠᠷᠢᠮᠳᠡ ᠶᠢ ᠬᠠᠷᠢᠯᠴᠠᠨ ᠬᠤᠯᠪᠤᠭᠠᠯᠠᠵᠤ ᠬᠠᠷᠢᠯᠴᠡᠨ ᠨᠡᠪᠳᠡᠷᠡᠯᠴᠡᠭᠦᠯᠬᠦ ᠶᠢ ᠪᠡᠶᠡᠯᠡᠭᠦᠯᠦᠭᠰᠡᠨ ᠪᠦᠭᠡᠳ ᠠᠯᠪᠡᠨ ᠮᠡᠳᠡᠭᠡ ᠶᠢᠨ ᠲᠠᠮᠵᠢᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠤ᠂ ᠰᠢᠯᠵᠢᠮᠡᠯ ᠬᠤᠯᠪᠤᠭᠠᠨ ᠤ ᠦᠵᠦᠭᠦᠷ ᠮᠡᠷᠭᠡᠵᠢᠯ ᠢ ᠠᠰᠢᠬᠯᠠᠵᠤ᠂  ᠬᠠᠮᠢᠭ᠎ᠠ ᠴᠤ ᠭᠡᠳ ᠦᠵᠡᠵᠤ ᠴᠢᠳᠠᠬᠤ ᠪᠤᠯᠭᠠᠵᠤ᠂  ᠵᠠᠰᠠᠭ ᠤᠨ ᠵᠠᠷᠯᠢᠭ᠂  ᠲᠦᠷᠦ ᠶᠢᠨ ᠪᠤᠳᠤᠯᠭ᠎ᠠ ᠶᠢ ᠨᠡᠩ ᠰᠠᠶᠢᠳᠤᠷ ᠤᠯᠠᠮᠵᠢᠯᠠᠬᠤ ᠶᠢ ᠪᠡᠶᠡᠯᠡᠭᠦᠯᠦᠭᠰᠡᠨ ᠪᠠᠶᠢᠨ᠎ᠠ᠃         ︽ᠤᠨ ᠤ ᠤᠶᠢᠯᠡᠪᠤᠷᠢ ᠶᠢᠨ ᠬᠠᠮᠢᠶᠠᠷᠤᠯᠳᠡ ᠶᠢᠨ ᠲᠠᠪᠴᠠᠩ︾ ᠨᠢ ᠲᠤᠭ᠎ᠠ ᠪᠠᠷᠢᠮᠳᠡ ᠶᠢᠨ ᠦᠨᠳᠤᠰᠤᠨ ᠱᠠᠳᠤᠨ ᠤ ᠰᠠᠭᠤᠷᠢ ᠠᠵᠢᠯ ᠳᠤ ᠦᠵᠡᠭᠦᠯᠬᠦ ᠴᠢᠬᠤᠯᠨ ᠵᠦᠪᠯᠡᠬᠦ ᠦᠢᠯᠡᠳᠦᠯ ᠢ ᠪᠠᠳᠠᠷᠠᠭᠤᠯᠵᠤ᠂  ︽ᠢᠨᠲ᠋ᠧᠷ ᠰᠦᠯᠵᠢᠶ᠎ᠡ +︾ ᠶᠢᠨ ᠲᠤᠮᠤ ᠳ᠋ᠠᠶᠢᠲᠨ ᠶᠢᠨ ᠴᠠᠭ ᠦᠶ᠎ᠡ ᠶᠢᠨ ᠬᠦᠭᠵᠢᠯᠳᠡ ᠶᠢᠨ ᠬᠡᠷᠡᠭᠴᠡᠭᠡ  ᠯᠦᠭᠡ ᠵᠤᠬᠢᠴᠠᠭᠤᠯᠵᠤ᠂  ᠬᠤᠳᠠ ᠶᠢᠨ ᠨᠠᠮ ᠤᠨ ᠬᠤᠷᠢᠶ᠎ᠠ᠂  ᠬᠤᠳᠠ ᠶᠢᠨ ᠠᠷᠠᠳ ᠤᠨ ᠵᠠᠰᠠᠭ  ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠤᠳᠠᠳᠤ ᠪᠠᠶᠢᠳᠠᠯ ᠪᠡ ᠠᠷᠠᠳ ᠤᠯᠡᠨ ᠤ ᠬᠦᠭᠵᠢᠯᠳᠡ ᠶᠢᠨ ᠬᠡᠷᠡᠭᠴᠡᠭᠡ ᠳᠤ ᠦᠢᠷᠠᠳᠤᠭᠤᠯᠵᠤ᠂  ᠨᠡᠶᠢᠭᠡᠮ ᠤᠨ ᠬᠦᠭᠵᠢᠯᠳᠡ ᠳᠤ ᠠᠩᠬᠠᠷᠤᠯ ᠢᠶᠠᠨ ᠲᠦᠪᠯᠡᠷᠡᠭᠦᠯᠵᠤ᠂  ︽ᠤᠷᠳᠤᠰ ᠤᠨ ᠡᠨᠡ ᠠᠷᠪᠡᠨ ᠵᠢᠯ︾ ᠤᠨ ᠲᠤᠰᠬᠠᠢ ᠪᠤᠯᠤᠩ ᠢ ᠴᠤᠬᠴᠠᠯᠠᠬᠤ ᠪᠠᠷ ᠲᠦᠯᠦᠪᠯᠡᠵᠤ᠂  ᠠᠷᠪᠡᠨ ᠵᠢᠯ ᠤᠨ ᠲᠤᠷᠰᠢᠬᠢ ᠤᠷᠳᠤᠰ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠤᠯᠤᠬᠰᠡᠨ ᠬᠡᠷᠡᠯ ᠰᠠᠴᠤᠷᠠᠩᠭᠤᠢ ᠠᠮᠵᠢᠯᠳᠡ ᠶᠢ ᠤᠯᠡᠨ ᠲᠠᠯ᠎ᠠ ᠠᠴᠠ ᠲᠡᠯᠭᠡᠨ ᠦᠵᠡᠭᠦᠯᠵᠤ᠂ ᠰᠢᠨ᠎ᠡ ᠠᠶᠠᠨ ᠳᠤ ᠡᠷᠡᠯᠭᠡᠭᠯᠡᠨ ᠤᠷᠤᠬᠰᠢᠯᠠᠬᠤ᠂  ᠰᠢᠨ᠎ᠡ ᠴᠠᠭ ᠦᠶ᠎ᠡ ᠶᠢᠨ ᠠᠤᠭ᠎ᠠ ᠶᠡᠭᠡ ᠬᠦᠴᠦᠨ ᠴᠢᠳᠠᠯ ᠢ ᠤᠯᠡᠮ ᠨᠢᠭᠡ ᠠᠯᠬᠤᠮ ᠨᠢᠬᠳᠠᠷᠠᠭᠤᠯᠤᠬᠰᠡᠨ ᠪᠠᠶᠢᠨ᠎ᠠ᠃         ︽ᠮᠦᠡᠭᠭᠡ ᠰᠤᠪᠠᠭ ᠠᠷᠠᠳ ᠲᠤ ᠲᠦᠭᠦᠮ ᠦᠵᠡᠭᠦᠯᠬᠦ ᠬᠡᠷᠡᠭᠯᠡᠭᠡᠨ ᠤ ᠲᠠᠪᠴᠠᠩ︾ ᠨᠢ ᠤᠯᠡᠨ ᠲᠦᠮᠡᠨ ᠤ ᠰᠦᠯᠵᠢᠶᠠᠨ ᠲᠡᠭᠡᠷ᠎ᠡ ᠠᠵᠢᠯ ᠬᠡᠷᠡᠭ ᠬᠦᠢᠴᠡᠳᠭᠡᠬᠦ ᠳᠤ ᠨᠡᠩ ᠢᠯᠡᠭᠦᠤ ᠲᠦᠭᠦᠮ ᠦᠵᠡᠭᠦᠯᠬᠦ ᠡᠭᠦᠳᠡᠨ ᠠᠴᠠ ︽ᠮᠦᠡᠭᠭᠡ ᠰᠤᠪᠠᠭ︾ APP ᠳᠤ ᠲᠦᠰᠢᠭᠯᠡᠨ᠂   ᠲᠡᠭᠦᠨ ᠤ ᠬᠡᠷᠡᠭᠯᠡᠭᠡᠨ ᠤ ᠴᠢᠳᠠᠮᠵᠢ  ᠶᠢ ᠰᠢᠯᠢᠳᠡᠭᠵᠢᠭᠦᠯᠤᠨ ᠲᠡᠭᠦᠯᠳᠡᠷᠵᠢᠭᠦᠯᠬᠦ ᠪᠠᠷ ᠲᠠᠮᠵᠢᠭᠤᠯᠤᠨ᠂  ᠮᠦᠡᠭᠭᠡ ᠰᠤᠪᠠᠭ ᠤᠨ ᠪᠦᠬᠦ ᠦᠢᠯᠡᠴᠢᠯᠡᠭᠡᠨ ᠤ ᠲᠠᠪᠴᠠᠩ ᠳᠤ ᠰᠢᠭᠤᠳ ᠵᠠᠯᠭᠠᠨ ᠤᠷᠤᠭᠤᠯᠵᠤ᠂  ᠬᠡᠷᠡᠭᠯᠡᠭᠴᠢᠳ ᠲᠤ ᠪᠦᠬᠦ ᠴᠠᠷᠠᠭ᠎ᠠ ᠶᠢᠨ ᠦᠢᠯᠡᠴᠢᠯᠡᠭᠡ ᠶᠢ ᠬᠠᠨᠭ᠍ᠭᠠᠬᠤ ᠪᠤᠯᠤᠨ᠎ᠠ᠃  ︽ᠲᠤᠭᠠᠴᠠᠯᠠᠬᠰᠡᠨ ᠵᠠᠰᠠᠭ ᠤᠨ ᠤᠷᠳᠤᠨ︾ ᠤ ᠪᠠᠶᠢᠭᠤᠯᠤᠯᠳᠡ ᠶᠢ ᠤᠯᠠᠮ ᠨᠢᠭᠡ ᠠᠯᠬᠤᠮ ᠠᠬᠢᠭᠤᠯᠵᠤ᠂  ᠵᠠᠰᠠᠭ ᠤᠨ ᠤᠷᠳᠤᠨ ᠤ ᠰᠦᠯᠵᠢᠶᠡᠨ ᠲᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠡ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠭᠦᠯᠵᠤ᠂  ᠠᠷᠠᠳ ᠲᠤ ᠲᠦᠭᠦᠮ ᠦᠵᠡᠭᠦᠯᠬᠦ᠂  ᠠᠷᠠᠳ ᠲᠤ ᠠᠰᠢᠭ ᠬᠦᠷᠳᠡᠭᠡᠬᠦ ᠶᠢ ᠦᠨᠡᠨ ᠬᠦ ᠪᠡᠶᠡᠯᠡᠭᠦᠯᠵᠠᠢ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ