ᠪᠠᠶᠢᠷᠢ ᠳᠤᠬᠳᠠᠭᠠᠯᠳᠠ ᠪᠠᠨ ᠥᠨᠳᠥᠷ ᠲᠣᠭᠲᠠᠭᠠᠵᠤ ᠰᠢᠨ᠎ᠡ ᠡᠭᠦᠷᠭᠡ ᠬᠠᠷᠢᠭᠤᠴᠠᠯᠭ᠎ᠠ ᠨᠢ ᠰᠢᠨ᠎ᠡ ᠡᠭᠦᠷᠭᠡᠯᠡᠯ ᠲᠠᠢ ᠪᠠᠶᠢᠬᠤ ᠶᠢ ᠱᠠᠭᠠᠷᠳᠠᠨ᠎ᠠ | — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠷᠳᠤᠰ ᠲᠤ ᠨᠠᠶᠢᠳᠠᠪᠤᠷᠢᠵᠢᠭᠤᠯᠬᠤ ᠶᠢ ᠠᠬᠢᠭᠤᠯᠬᠤ ᠳᠤᠬᠠᠢ ᠨᠢᠭᠡᠨᠳᠡ ᠦᠬᠦᠯᠡᠬᠦ ᠨᠢ | ᠲᠤᠰ ᠰᠣᠨᠢᠨ ᠤ ᠰᠢᠭᠦᠮᠵᠢᠯᠡᠭᠴᠢ | | ᠦᠪᠡᠳᠡᠭᠰᠢ ᠬᠤᠷᠠᠯ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠵᠢᠷᠤᠭ ᠲᠥᠰᠦᠪ ᠨᠢ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ ᠳᠠᠶᠠᠩ | ᠳᠡᠯᠡᠬᠡᠶ ᠳᠤ ᠠᠩᠬᠠᠷᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ | ᠠᠮᠵᠢᠯᠳᠠ ᠲᠠᠢ ᠲᠡᠭᠦᠰᠦᠭᠰᠡᠨ ᠤ ᠲᠠᠷᠠᠭ᠎ᠠ᠂ ᠬᠤᠳᠠ ᠶᠢᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠦᠬᠦ ᠲᠠᠯ᠎ᠠ ᠪᠠᠷ ᠲᠤᠬᠢᠷᠠᠭᠤᠯᠤᠨ | ᠪᠠᠶᠢᠷᠢᠯᠠᠭᠤᠯᠪᠠ᠃ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠬᠤᠲᠠ ᠶᠢᠨ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠤᠯ ᠳᠠᠷᠤᠶ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ | ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠭᠡᠵᠦ᠂ ᠡᠯ᠎ᠡ | ᠲᠠᠯ᠎ᠠ ᠶᠢᠨ ᠬᠦᠴᠦᠨ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠨ ᠭᠠᠷᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠡᠭᠡᠷ᠎ᠡ | ᠨᠢᠭᠲᠠᠷᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠷᠳᠣᠰ ᠲᠤ ᠨᠠᠶᠢᠳᠠᠪᠤᠷᠢᠵᠢᠭᠤᠯᠤᠨ ᠦᠨᠳᠦᠰᠦᠯᠡᠭᠦᠯᠵᠦ᠂ ᠴᠡᠴᠡᠭᠯᠡᠨ | ᠵᠢᠮᠢᠰᠯᠡᠭᠦᠯᠬᠦ ᠶᠢ ᠠᠬᠢᠭᠤᠯᠬᠤ ᠶᠠᠪᠤᠳᠠᠯ ᠪᠣᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠪᠤᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ | ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡᠨ ᠤᠳᠠᠭᠠᠨ ᠤ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠮᠠᠷᠺᠰ ᠤᠨ | ᠦᠵᠡᠯ ᠤᠨ ᠬᠥᠭᠵᠢᠯᠲᠡ ᠶᠢᠨ ᠲᠡᠦᠬᠡᠨ ᠳᠤ᠂ ᠰᠢᠨ᠎ᠡ ᠳᠤᠮᠳᠠᠳᠤ ᠤᠯᠤᠰ ᠤᠨ ᠬᠥᠭᠵᠢᠯᠲᠡ ᠶᠢᠨ ᠲᠡᠦᠬᠡᠨ ᠳᠤ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠦᠬᠡᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠭᠵᠢᠯᠲᠡ ᠶᠢᠨ ᠲᠡᠦᠬᠡᠨ ᠳᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ | ᠲᠡᠦᠬᠡᠨ ᠳᠤ ᠬᠦᠰᠢᠶ᠎ᠡ ᠳᠡᠮᠳᠡᠭ ᠪᠤᠰᠬᠠᠵᠥ᠂ ᠨᠢᠭᠡᠨ ᠤᠳᠠᠭᠠᠨ ᠤ ᠲᠤᠭ ᠢᠶᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠪᠦᠯᠬᠦᠮᠳᠡᠨ | ᠲᠡᠮᠡᠴᠡᠭᠰᠡᠨ ᠶᠡᠭᠡ ᠬᠤᠷᠠᠯ ᠪᠣᠯᠬᠤ ᠪᠥᠭᠡᠳ ᠪᠠᠰᠠ ᠴᠤ ᠨᠢᠭᠡᠨ ᠤᠳᠠᠭᠠᠨ ᠤ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠲᠡᠦᠬᠡ ᠶᠢᠨ ᠬᠠᠭᠤᠳᠠᠰᠤᠨ ᠳᠤ | ᠲᠡᠮᠳᠡᠭᠯᠡᠭᠳᠡᠭᠰᠡᠨ ᠡᠷᠢᠨ ᠵᠠᠭᠤᠨ ᠤ ᠦᠪᠡᠳᠡᠭᠰᠢ ᠬᠤᠷᠠᠯ ᠪᠣᠯᠬᠤ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠳᠡᠯᠡᠬᠡᠶ ᠶᠢᠨ ᠪᠠ ᠤᠯᠤᠰ ᠤᠨ | ᠳᠣᠲᠣᠭᠠᠳᠤ ᠶᠢᠨ ᠪᠠᠶᠢᠳᠠᠯ ᠢ ᠵᠠᠳᠠᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠢ ᠳᠤᠷᠠᠳᠴᠤ᠂ ᠥᠩᠭᠡᠷᠡᠭᠰᠡᠨ ᠲᠠᠪᠤᠨ ᠵᠢᠯ ᠤᠨ ᠠᠵᠢᠯ | ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠡᠷᠬᠢᠴᠡᠭᠦᠯᠤᠨ ᠳ᠋ᠦᠩᠨᠡᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠰᠢᠨ᠎ᠡ ᠠᠬᠤᠶ ᠪᠠᠶᠢᠳᠠᠯ ᠢ ᠨᠡᠭᠡᠭᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ ᠪᠠ ᠮᠥᠨ | ᠴᠢᠨᠠᠷ ᠤᠨ ᠱᠠᠭᠠᠷᠳᠠᠯᠭ᠎ᠠ ᠵᠡᠷᠭᠡ ᠴᠢᠬᠤᠯᠠ ᠶᠡᠭᠡ ᠠᠰᠠᠭᠤᠳᠠᠯ ᠢ ᠲᠣᠳᠣᠷᠬᠠᠶᠢᠯᠠᠨ ᠥᠭᠦᠯᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠦᠭᠴᠤ᠂ ᠠᠵᠢᠯᠯᠠᠭᠠᠨ ᠤ ᠵᠦᠭᠯᠡᠭᠦᠷ ᠢ ᠲᠣᠭᠲᠠᠭᠠᠭᠰᠠᠨ ᠮᠥᠷᠳᠡᠬᠡᠨ ᠨᠠᠮ ᠠᠴᠠ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠭᠦᠮᠳᠡᠭᠦᠯᠤᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ | ᠢᠯᠠᠯᠲᠠ ᠶᠢ ᠲᠡᠮᠡᠴᠡᠨ ᠤᠯᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ᠂ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ | ᠪᠢᠴᠢᠭ ᠪᠤᠯᠬᠤ ᠶᠤᠮ᠃ | ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠂ ᠰᠢᠨ᠎ᠡ ᠡᠭᠦᠷᠭᠡ ᠬᠠᠷᠢᠭᠤᠴᠠᠯᠭ᠎ᠠ ᠨᠢ ᠰᠢᠨ᠎ᠡ ᠡᠭᠦᠷᠭᠡᠯᠡᠯ ᠲᠠᠢ ᠪᠠᠶᠢᠬᠤ ᠶᠢ | ᠱᠠᠭᠠᠷᠳᠠᠵᠤ ᠪᠠᠶᠢᠨ᠎ᠠ᠃ ᠪᠦᠬᠦ ᠬᠤᠲᠠ ᠪᠠᠷ ᠢᠶᠠᠨ ᠮᠠᠰᠢ ᠳᠦᠷᠭᠡᠨ ᠬᠦᠳᠡᠯᠤᠯᠴᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠤᠷᠢᠯᠡᠭᠴᠢ ᠠᠴᠢ ᠬᠤᠯᠪᠣᠭᠳᠠᠯ ᠢ | ᠭᠦᠨᠵᠡᠭᠡᠶ ᠣᠶᠢᠯᠠᠭᠠᠵᠤ᠂ ︽ᠬᠤᠶᠠᠷ ᠢ ᠲᠤᠭᠳᠠᠭᠠᠭᠰᠠᠨ︾ ᠢ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠢᠮᠠᠭᠲᠠ ᠬᠠᠮᠤᠭ ᠤᠨ ᠶᠡᠭᠡ ᠤᠯᠤᠰ ᠲᠦᠷᠦ᠂ | ᠬᠠᠮᠤᠭ ᠤᠨ ᠶᠡᠭᠡ ᠪᠥᠬᠦ ᠲᠠᠯ᠎ᠠ᠂ ᠬᠠᠮᠤᠭ ᠤᠨ ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠪᠣᠯᠭᠠᠵᠤ᠂ ᠦᠵᠡᠯ | ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠮᠡᠳᠡᠷᠡᠨ᠂ ᠤᠯᠤᠰ ᠲᠦᠷᠦ ᠶᠢᠨ ᠲᠠᠯ᠎ᠠ ᠪᠠᠷ ᠡᠷᠡᠰ ᠬᠠᠮᠠᠭᠠᠯᠠᠵᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ | ᠤᠬᠠᠮᠰᠠᠷ ᠠᠴᠠ ᠪᠠᠨ ᠳᠠᠭᠠᠵᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠳᠠᠭᠠᠬᠤ ᠶᠢ ᠪᠡᠶᠡᠯᠡᠭᠦᠯᠤᠨ᠂ ᠨᠡᠩ ᠡᠷᠡᠰ ᠭᠤᠶᠢᠪᠢᠰᠢ ᠦᠭᠡᠢ ᠪᠠᠷ ᠶᠡᠷᠦᠩᠬᠡᠢ | ᠱᠦᠵᠢ ᠰᠢ ᠶᠢᠨ ᠫᠢᠡᠭ ᠤᠨ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠬᠡᠷᠡᠭᠲᠡᠢ᠃ ︽ᠲᠠᠪᠤ ᠶᠢ ᠪᠠᠲᠤ ᠡᠵᠡᠮᠳᠡᠬᠦ︾ ᠴᠢᠬᠤᠯᠠ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠲᠣᠭᠤᠷᠢᠨ ᠳᠤ᠂ | ᠨᠠᠮ ᠤᠨ ᠲᠤᠭ ᠤᠨ ᠳᠣᠣᠷ᠎ᠠ ᠪᠦᠯᠬᠦᠮᠳᠡᠵᠦ ︽ᠬᠠᠲᠠᠭᠤ ᠪᠠᠬᠢ ᠪᠤᠯᠤᠳ ᠲᠡᠮᠦᠷ︾ ᠪᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠨᠴᠤᠢ ᠰᠢᠮᠠᠯᠠᠨ | ᠴᠢᠷᠮᠠᠶᠢᠨ ᠠᠵᠢᠯᠯᠠᠵᠤ᠂ ᠨᠢᠭᠡ ᠨᠢᠭᠡ ᠠᠯᠬᠤᠮ ᠢᠶᠠᠷ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠪᠣᠳᠠᠲᠠᠢ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠬᠡᠷᠡᠭᠲᠡᠢ᠃ ᠥᠨᠳᠥᠷ ᠪᠠᠶᠢᠷᠢ ᠲᠣᠭᠲᠠᠭᠠᠯᠲᠠ ᠥᠨᠳᠥᠷ | ᠪᠠᠷᠢᠮᠵᠢᠶ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ | ᠲᠡᠷᠢᠭᠦᠨ ᠤ ᠬᠢ ᠪᠠᠷ ᠬᠠᠷᠭᠤᠭᠤᠯᠵᠤ᠂ ᠨᠡᠭᠡᠭᠡᠨ ᠬᠦᠢᠴᠡᠵᠤ ᠳᠠᠪᠠᠵᠤ ᠭᠠᠷᠬᠤ ᠪᠠᠷ ᠰᠢᠭᠤᠷᠬᠠᠶᠢᠯᠠᠨ᠂ ︽ᠳᠡᠯᠡᠬᠡᠢ ᠶᠢᠨ ᠲᠡᠰ ᠤᠨ ᠲᠥᠷᠪᠠᠨ ᠠᠵᠤ ᠦᠢᠯᠡᠰ︾ ᠢ | ᠲᠦᠷᠭᠡᠨ ᠴᠤᠬᠴᠠᠯᠠᠵᠤ᠂ ︽ᠤᠯᠤᠰ ᠤᠨ ᠲᠥᠷᠪᠠᠨ ᠬᠡᠪ ᠳᠠᠭᠤᠷᠢᠶᠠᠯ︾ ᠢ ᠪᠦᠳᠤᠭᠡᠨ ᠪᠠᠶᠢᠭᠤᠯᠵᠤ᠂ ︽ᠪᠦᠬᠦ ᠤᠯᠤᠰ ᠤᠨ ᠲᠦᠷᠪᠡᠨ ᠲᠡᠷᠢᠭᠦᠨ︾ ᠢ ᠡᠭᠦᠳᠴᠦ᠂ | ᠰᠢᠨ᠎ᠡ ᠰᠢᠯᠭᠠᠯᠲᠠ ᠶᠢᠨ ᠵᠠᠮ ᠳᠤ ᠰᠢᠨ᠎ᠡ ᠰᠢᠯᠢᠳᠡᠭ ᠬᠠᠷᠢᠭᠤᠯᠳᠡ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ᠃ | ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠪᠦᠷᠢᠶ᠎ᠡ ᠶᠢᠨ ᠲᠠᠭᠤ ᠶᠢ ᠨᠢᠭᠡᠨᠲᠡ ᠬᠠᠩᠭᠢᠨᠠᠭᠤᠯᠪᠠ᠃ ᠡᠶᠢᠮᠦ ᠨᠢᠭᠡᠨ ᠠᠭᠤᠤ ᠶᠡᠭᠡ ᠴᠠᠭ ᠦᠶ᠎ᠡ ᠳᠤ ᠪᠢᠳᠡ | ᠢᠲᠡᠭᠡᠯ ᠵᠣᠷᠢᠭ ᠢᠶᠠᠨ ᠬᠥᠪᠴᠢᠯᠡᠵᠦ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠮᠡᠭᠡᠶᠢᠯᠡᠨ ᠤᠷᠤᠭᠰᠢᠯᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ | ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ︾ ᠶᠢᠨ ᠤᠷᠳᠤᠰ ᠤᠨ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ᠃ | |