ᠪᠤᠯᠪᠠᠰᠤᠨ ᠰᠠᠶᠢᠨ ᠰᠠᠶᠢᠬᠠᠨ ᠰᠦᠯᠵᠢᠶᠡᠨ ᠤ ᠣᠷᠴᠢᠨ ᠲᠣᠭᠤᠷᠢᠨ ᠢ ᠤᠬᠠᠮᠰᠠᠷ ᠠᠴᠠ ᠪᠠᠨ ᠬᠠᠮᠠᠭᠠᠯᠠᠵᠤ ᠶᠠᠪᠤᠶ᠎ᠠ
ᠨᠡᠶᠢᠲᠡᠯᠡᠭᠰᠡᠨ ᠴᠠᠭ᠄
2022/11/7
               ᠣᠳᠣᠬᠠᠨ ᠳᠤ ᠬᠢᠵᠢᠭ ᠤᠨ ᠪᠠᠶᠢᠳᠠᠯ ᠨᠠᠷᠢᠨ ᠪᠤᠳᠤᠯᠢᠶᠠᠨᠲᠠᠢ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠬᠦᠨᠳᠦ ᠰᠢᠯᠭᠠᠯᠳᠠ ᠳᠤ ᠤᠴᠠᠷᠠᠵᠤ ᠪᠠᠶᠢᠨ᠎ᠠ᠃  ᠬᠢᠵᠢᠭ ᠤᠨ ᠲᠠᠷᠬᠠᠯᠲᠠ ᠶᠢ ᠪᠦᠲᠦᠮᠵᠢᠲᠡᠢ ᠬᠤᠷᠢᠭᠯᠠᠵᠤ᠂ ᠬᠤᠳᠠ ᠶᠢᠨ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠦᠯᠦᠭᠡ ᠮᠠᠨ ᠤ ᠬᠤᠳᠠ ᠶᠢᠨ ᠡᠯ᠎ᠡ ᠬᠤᠰᠢᠭᠤ ᠲᠤᠭᠤᠷᠢᠭ ᠠᠴᠠ ᠪᠤᠳᠠᠳᠤ ᠪᠠᠶᠢᠳᠠᠯ ᠢᠶᠠᠨ ᠦᠨᠳᠦᠰᠦᠯᠡᠨ ᠲᠦᠷ ᠴᠠᠭ ᠤᠨ ᠴᠢᠨᠠᠷᠲᠠᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠡᠶᠢᠮᠦᠷᠬᠦᠤ ᠤᠨᠴᠠᠭᠠᠢ ᠴᠠᠭ ᠮᠦᠴᠡ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠵᠥᠪ ᠲᠠᠨᠢᠵᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠳᠤ ᠦᠢᠯᠡᠴᠢᠯᠡᠵᠤ ᠪᠠᠶᠢᠭ᠎ᠠ ᠠᠵᠢᠯᠳᠠᠳ ᠲᠠᠢ ᠬᠠᠮᠵᠢᠯᠴᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠶᠢᠨ ᠬᠠᠮᠳᠤ ᠰᠦᠯᠵᠢᠶᠡᠨ ᠤ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ᠂ ᠪᠤᠯᠪᠠᠰᠤᠨ ᠢᠶᠠᠷ ᠰᠦᠯᠵᠢᠶᠡᠨ ᠳᠤ ᠭᠠᠷᠴᠤ ᠬᠠᠤᠯᠢ ᠶᠤᠰᠤᠭᠠᠷ ᠰᠦᠯᠵᠢᠶ᠎ᠡ ᠶᠢ ᠠᠰᠢᠭᠯᠠᠬᠤ ᠬᠡᠷᠡᠭᠳᠡᠢ ᠬᠡᠳᠡᠭ ᠢ ᠠᠩᠬᠠᠷᠤᠯ ᠳᠠᠭᠠᠨ ᠠᠪᠬᠤ ᠴᠢᠬᠤᠯᠠᠳᠠᠢ᠃       ᠪᠢᠳᠡ ᠬᠤᠪᠢ ᠬᠥᠮᠦᠨ ᠵᠢᠴᠢ ᠬᠡᠷ ᠤᠨ ᠬᠥᠮᠦᠰ ᠤᠨ ᠢᠶᠠᠨ ᠬᠢᠵᠢᠭ ᠡᠪᠡᠳᠴᠢᠨ ᠤ ᠰᠡᠷᠭᠡᠶᠢᠯᠡᠯᠳᠡ ᠶᠢ ᠰᠠᠶᠢᠲᠤᠷ ᠬᠢᠬᠦ ᠶᠢᠨ ᠲᠠᠭᠠᠤ ᠳᠤ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠳᠡᠪᠬᠢ ᠬᠦᠴᠦᠨ ᠢ ᠤᠯᠠᠮᠵᠢᠯᠠᠬᠤ ᠨᠢ ᠵᠦᠢᠳᠡᠢ︔ ᠰᠦᠯᠵᠢᠶ᠎ᠡ ᠪᠠᠷ ᠲᠠᠮᠵᠢᠭᠳᠠᠵᠤ ᠪᠠᠶᠢᠭ᠎ᠠ ᠬᠢᠵᠢᠭ ᠤᠨ ᠪᠠᠶᠢᠳᠠᠯ ᠤᠨ ᠲᠤᠬᠠᠢ ᠮᠡᠳᠡᠭᠡ ᠵᠠᠩᠭᠢ ᠶᠢᠨ ᠢᠷᠡᠯᠳᠡ ᠶᠢ ᠲᠣᠳᠣᠷᠬᠠᠢ ᠲᠠᠨᠢᠵᠤ᠂ ᠠᠯᠪᠠᠨ ᠤ ᠲᠠᠯ᠎ᠠ ᠶᠢᠨ ᠮᠡᠳᠡᠭᠡ ᠪᠣᠯᠤᠨ ᠬᠢᠵᠢᠭ ᠢ ᠰᠡᠷᠭᠡᠶᠢᠯᠡᠬᠦ ᠰᠢᠨᠵᠢᠯᠡᠬᠦ ᠤᠬᠠᠭᠠᠨᠴᠢ ᠵᠦᠪ ᠤᠨᠤᠪᠴᠢᠳᠠᠢ ᠮᠡᠳᠡᠯᠭᠡ ᠶᠢ ᠬᠦᠯᠢᠶᠡᠨ ᠠᠪᠴᠤ ᠲᠠᠮᠵᠢᠭᠤᠯᠪᠠᠯ ᠵᠤᠬᠢᠨ᠎ᠠ᠃    ᠬᠠᠤᠯᠢ ᠶᠣᠰᠣᠭᠠᠷ ᠰᠦᠯᠵᠢᠶ᠎ᠠ ᠶᠢ ᠬᠡᠷᠡᠭᠯᠡᠵᠦ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠭᠡᠷᠡᠴᠢᠯᠡᠭᠰᠡᠨ ᠦᠭᠡᠢ ᠮᠡᠳᠡᠭᠡ ᠶᠢ ᠨᠡᠶᠢᠲᠡᠯᠡᠬᠦ ᠦᠭᠡᠢ᠂ ᠳᠡᠯᠭᠡᠷᠡᠭᠦᠯᠬᠦ ᠦᠭᠡᠢ᠂ ᠰᠢᠭᠦᠮᠵᠢᠯᠡᠬᠦ ᠦᠭᠡᠢ ᠪᠠᠶᠢᠬᠤ ᠬᠡᠷᠡᠭᠲᠡᠢ︔ ᠴᠤᠤᠷᠬᠠᠯ ᠢ ᠢᠯᠭᠠᠨ ᠲᠠᠨᠢᠬᠤ ᠴᠢᠳᠠᠪᠤᠷᠢ ᠪᠠᠨ ᠲᠡᠭᠡᠭᠰᠢᠯᠡᠭᠦᠯᠵᠤ᠂ ᠴᠤᠤᠷᠬᠠᠯ ᠢ ᠢᠲᠡᠭᠡᠬᠦ ᠦᠭᠡᠶ᠂ ᠴᠤᠤᠷᠬᠠᠯ ᠲᠠᠷᠬᠠᠭᠠᠬᠤ ᠦᠭᠡᠶ᠂ ᠬᠡᠨ ᠨᠢᠭᠡᠨ ᠳᠤ ᠬᠠᠨᠳᠤᠭᠤᠯᠤᠨ ᠰᠦᠯᠵᠢᠶᠡᠨ ᠬᠦᠴᠦᠷᠬᠡᠭᠯᠡᠯ ᠶᠠᠪᠤᠭᠤᠯᠬᠤ ᠦᠭᠡᠶ᠂ ᠬᠤᠪᠢ ᠬᠥᠮᠦᠨ ᠤ ᠳᠤᠷ᠎ᠠ ᠦᠭᠡᠶᠢᠴᠡᠯ ᠢᠶᠠᠨ ᠰᠦᠯᠵᠢᠶᠡᠨ ᠳᠡᠭᠡᠷ᠎ᠡ ᠭᠠᠷᠭᠠᠬᠤ ᠦᠭᠡᠶ ᠪᠠᠶᠢᠬᠤ ᠶᠢ ᠠᠩᠬᠠᠷᠬᠤ ᠬᠡᠷᠡᠭᠲᠡᠶ᠃        ᠥᠷᠭᠡᠨ ᠤᠯᠠᠨ ᠬᠤᠳᠠ ᠶᠢᠨ ᠠᠷᠠᠳ ᠬᠠᠤᠯᠢ ᠶᠢ ᠮᠡᠳᠡᠵᠤ ᠬᠠᠤᠯᠢ ᠶᠢ ᠰᠠᠬᠢᠵᠤ᠂ ᠪᠣᠯᠪᠠᠰᠤᠨ ᠢᠶᠠᠷ ᠰᠦᠯᠵᠢᠶᠡᠨ ᠳᠤ ᠭᠠᠷᠴᠤ᠂ ᠬᠠᠤᠯᠢ ᠶᠣᠰᠣᠭᠠᠷ ᠰᠦᠯᠵᠢᠶ᠎ᠡ ᠶᠢ ᠬᠡᠷᠡᠭᠯᠡᠵᠦ᠂ ᠰᠡᠳᠭᠢᠯ ᠢᠶᠠᠨ ᠨᠢᠭᠡᠳᠭᠡᠨ ᠬᠢᠵᠢᠭ ᠢ ᠡᠰᠡᠷᠭᠦᠴᠡᠵᠦ᠂ ᠪᠤᠯᠪᠠᠰᠤᠨ ᠰᠠᠶᠢᠨ ᠰᠠᠶᠢᠬᠠᠨ ᠰᠦᠯᠵᠢᠶᠡᠨ ᠤ ᠣᠷᠴᠢᠨ ᠲᠣᠭᠤᠷᠢᠨ ᠢ ᠤᠬᠠᠮᠰᠠᠷ ᠠᠴᠠ ᠪᠠᠨ ᠬᠠᠮᠠᠭᠠᠯᠠᠵᠤ ᠶᠠᠪᠤᠶ᠎ᠠ᠃     
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ