ᠬᠤᠲᠠ ᠶᠢᠨ ᠰᠢᠨ᠎ᠠ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ 29 ᠳ᠋ᠤᠭᠡᠷ ᠤᠳᠠᠭ᠎ᠠ ᠶᠢᠨ ᠲᠤᠭᠢᠷᠠᠭᠤᠯᠤᠯᠳᠡ ᠶᠢᠨ ᠬᠤᠷᠡᠯ ᠬᠤᠷᠠᠯᠳᠤᠪᠠ
ᠨᠡᠶᠢᠲᠡᠯᠡᠭᠰᠡᠨ ᠴᠠᠭ᠄
2022/11/7
      ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠳ᠋ᠦ᠋ ᠬᠤᠶ ᠯᠢᠶᠠᠩ ᠬᠤᠲᠠ ᠶᠢᠨ ᠰᠢᠨ᠎ᠠ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ 29 ᠳ᠋ᠤᠭᠡᠷ ᠤᠳᠠᠭ᠎ᠠ ᠶᠢᠨ ᠳᠣᠭᠢᠷᠠᠭᠤᠯᠤᠯᠳᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠳ᠋ᠦ᠋ ᠬᠤᠢ ᠯᠢᠶᠠᠩ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠪᠥᠬᠦ ᠬᠤᠲᠠ ᠪᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠬᠤᠰᠢᠭᠤ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠪᠤᠳᠤᠯᠭᠢᠯᠡᠨ᠂ ᠬᠠᠷᠢᠭᠤᠴᠠᠯᠭ᠎ᠠ ᠶᠢ ᠡᠭᠦᠷᠭᠡᠯᠡᠵᠦ᠂ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠪᠠᠶᠢᠳᠠᠯ ᠮᠥᠨ ᠯᠠ ᠬᠦᠨᠳᠦ ᠬᠡᠴᠡᠭᠦᠸ᠋ ᠪᠥᠭᠡᠳ ᠨᠠᠷᠢᠨ ᠪᠤᠳᠤᠯᠢᠶᠠᠨᠲᠠᠶ ᠪᠠᠶᠢᠨ᠎ᠠ᠃ ︽ᠭᠠᠳᠠᠨ᠎ᠠ ᠠᠴᠠ ᠬᠠᠯᠳᠠᠪᠤᠷᠢᠯᠠᠬᠳᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠡᠭᠢᠨ ᠡᠭᠦᠰᠭᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠤᠳᠤᠯᠭ᠎ᠠ ᠪᠠ ︽ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠢᠮᠠᠭᠲᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠶᠤᠰᠤᠳᠡᠢ ᠲᠦᠷᠪᠡᠨ ᠭᠦᠢᠴᠡᠳᠭᠡᠭᠦ︾᠂ ︽ᠡᠳᠦᠷ ᠤᠨ ᠠᠵᠢᠯ ᠢ ᠡᠳᠦᠷ ᠲᠤᠨᠢ ᠲᠠᠭᠤᠰᠬᠠᠨ ᠳ᠋ᠦᠡᠭᠨᠡᠭᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠨᠡ ᠤᠳᠠᠭᠠᠨ ᠤ ᠬᠤᠷᠢᠭᠯᠠᠯᠳᠡ ᠶᠢᠨ ᠲᠠᠶᠢᠯᠠᠯᠳᠤᠭᠠᠨ᠂ ᠰᠥᠨᠥᠭᠡᠯᠳᠡ ᠶᠢᠨ ᠲᠠᠶᠢᠯᠠᠯᠳᠤᠭᠠᠨ ᠤ ᠢᠯᠠᠯᠲᠠ ᠶᠢ ᠪᠦᠭᠦ ᠭᠦᠴᠦᠨ ᠢᠶᠠᠷ ᠢᠶᠠᠨ ᠤᠯᠬᠤ ᠬᠡᠷᠡᠭᠲᠡᠶ᠃ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠰᠠᠶᠢᠲᠤᠷ ᠬᠢᠵᠦ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠢ ᠶᠢ ᠨᠢ ᠡᠮᠬᠢ ᠵᠢᠷᠤᠮ ᠲᠠᠢ ᠪᠠᠷ ᠲᠠᠯᠪᠢᠬᠤ ᠬᠡᠷᠡᠭᠲᠡᠢ᠃ ᠲᠤᠰᠠᠭᠠᠷᠯᠠᠬᠤ ᠴᠡᠭ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠂ ᠬᠤᠭ ᠨᠣᠪᠰᠢ ᠶᠢ ᠴᠠᠭ ᠲᠤᠬᠠᠢ ᠳᠤᠨᠢ ᠵᠢᠷᠤᠮᠵᠢᠭᠤᠯᠤᠨ ᠰᠢᠢᠳᠪᠦᠷᠢᠯᠡᠵᠦ᠂ ᠰᠣᠯᠪᠢᠴᠠᠨ ᠬᠠᠯᠳᠠᠪᠤᠷᠢᠯᠠᠬᠤ ᠪᠠ ᠬᠢᠵᠢᠭ ᠤᠨ ᠪᠠᠶᠢᠳᠠᠯ ᠲᠡᠯᠭᠡᠷᠡᠭᠦ ᠠᠴᠠ ᠡᠷᠡᠰ ᠵᠠᠶᠢᠯᠠᠰᠭᠢᠬᠦ ᠬᠡᠷᠡᠭᠲᠡᠢ᠃ ᠬᠤᠴᠤᠷᠭᠠᠵᠤ ᠠᠪᠤᠬᠰᠡᠨ ᠬᠥᠮᠦᠰ ᠤᠨ ᠪᠤᠴᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠮᠪᠠᠢ ᠰᠠᠶᠢᠲᠤᠷ ᠬᠢᠵᠦ᠂ ᠤᠯᠠᠨ ᠳᠤ ︽ᠤᠷᠳᠤᠰ ᠤᠨ ᠬᠠᠶᠢᠷ᠎ᠠ ᠬᠠᠯᠠᠮᠵᠢ︾ ᠶᠢ ᠨᠠᠩ ᠢᠯᠡᠭᠦᠦ ᠮᠡᠳᠡᠷᠡᠭᠦᠯᠬᠦ ᠬᠡᠷᠡᠭᠲᠡᠢ ᠭᠡᠪᠠ᠃        ᠳ᠋ᠦ᠋ ᠬᠤᠢ ᠯᠢᠶᠠᠩ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢ ᠰᠢᠯᠵᠢᠭᠦᠯᠦ᠋ᠨ ᠵᠥᠭᠡᠭᠡᠪᠦᠷᠢᠯᠡᠵᠦ ᠨᠤᠲᠤᠭ ᠲᠤᠨᠢ ᠪᠤᠴᠠᠭᠠᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠬᠢᠵᠦ᠂ ᠠᠵᠢᠯ ᠤᠨ ᠶᠠᠪᠤᠴᠠ ᠪᠠ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦ᠋ᠨ᠂ ᠪᠡᠯᠡᠳᠭᠡᠯ ᠭᠦᠶ᠋ᠴᠡᠳ᠂ ᠵᠤᠯᠭᠠᠯᠴᠠᠭᠤᠯᠤᠨ ᠠᠪᠬᠤ ᠳᠤ ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠬᠤ᠂ ᠬᠠᠮᠢᠶᠠᠷᠤᠯᠲᠠ ᠶᠢ ᠪᠥᠬᠦ ᠲᠠᠯ᠎ᠠ ᠪᠠᠷ ᠪᠢᠲᠡᠭᠦᠮᠵᠢᠯᠡᠨ᠂ ᠦᠶ᠋ᠯᠡᠴᠢᠯᠡᠭᠡ ᠪᠠᠷ ᠰᠡᠳᠭᠢᠯ ᠢ ᠳᠤᠯᠠᠭᠠᠴᠠᠭᠤᠯᠵᠤ᠂ ᠪᠤᠴᠠᠭᠠᠨ ᠬᠦᠷᠭᠡᠬᠦ ᠳᠤ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥ᠋ᠪᠵᠢᠭᠦᠯᠦ᠋ᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠠᠭᠤᠷᠬᠠᠢ ᠶᠢᠨ ᠣᠷᠣᠨ ᠤ ᠲᠦᠭᠰᠢᠭᠦᠷᠢᠳᠤ ᠣᠷᠣᠨ ᠢ ᠤᠨᠤᠴᠠᠳᠠᠢ ᠬᠤᠪᠢᠶᠠᠷᠢᠯᠠᠨ᠂ ᠲᠦᠭᠰᠢᠭᠦᠷᠢ ᠶᠢᠨ ᠲᠡᠰ ᠢ ᠤᠨᠤᠴᠠᠳᠡᠢ ᠲᠣᠭᠲᠠᠭᠠᠵᠤ᠂ ᠠᠵᠤ ᠠᠬᠤᠶᠢᠯᠠᠯ ᠢ ᠱᠠᠯᠠᠪᠳᠠᠭᠤᠯᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠳᠤ ᠦᠵᠡᠭᠦᠯᠬᠦ ᠨᠥᠯᠥ᠋ᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠭᠤᠣᠯᠳᠠᠯᠭ᠎ᠠ ᠲᠠᠢ ᠠᠮᠢᠳᠤᠷᠠᠯ ᠤᠨ ᠡᠳ᠋ ᠪᠣᠳᠠᠰ ᠤᠨ ᠦᠢᠯᠡᠳᠪᠦᠷᠢᠯᠡᠯ ᠬᠠᠩᠭᠠᠯᠭ᠎ᠠ ᠪᠠ ᠦᠨ᠎ᠡ ᠬᠠᠩᠰᠢ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠣᠨᠴᠠᠭᠠᠶ ᠬᠦᠴᠢᠷᠳᠡᠯ ᠲᠠᠢ ᠭᠦᠮᠦᠰ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ ᠭᠡᠪᠡ᠃ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ᠂ ᠭᠤᠸ᠋ ᠸᠤᠨ ᠾᠧ᠂ ᠯᠢᠦ ᠹᠤᠩ ᠶᠦᠨ ᠬᠤᠷᠠᠯ ᠳᠤ ᠣᠷᠣᠯᠴᠠᠪᠠ᠃        ᠬᠤᠷᠠᠯ ᠢ ᠸᠢᠳᠢᠣ᠋ ᠬᠤᠷᠡᠯ ᠤᠨ ᠬᠡᠯᠪᠡᠷᠢ ᠪᠠᠷ ᠬᠤᠰᠢᠭᠤ ᠲᠣᠭᠤᠷᠢᠭ ᠭᠦᠷᠳᠡᠯ᠎ᠠ ᠬᠤᠷᠡᠯᠳᠤᠭᠤᠯᠪᠡ᠃  
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ