| ︽ᠦᠷ᠎ᠡ ᠬᠡᠦᠬᠡᠳ ᠳᠡᠷᠭᠡᠳᠡ ᠪᠠᠶᠢᠬᠤ ᠦᠭᠡᠶ᠂ ᠬᠦᠳᠡᠯᠮᠦᠷᠢ ᠬᠦᠴᠦ ᠲᠤᠳᠠᠭᠳᠠᠵᠤ ᠪᠠᠶᠢᠭᠰᠠᠨ ᠦᠶ᠎ᠡ ᠳᠤ ᠮᠠᠨ ᠤ ᠲᠤᠰᠬᠤᠨ ᠤ ᠯᠢᠦ ᠢ ᠾᠧ ᠨᠠᠳᠠ ᠳᠤ | ᠬᠢᠮᠢ ᠶᠢᠨ ᠪᠣᠷᠳᠣᠭᠤᠷ ᠲᠠᠲᠠᠵᠤ᠂ ᠲᠷᠠᠺᠲ᠋ᠣᠷ ᠢᠶᠠᠷ ᠭᠠᠵᠠᠷ ᠬᠠᠭᠠᠯᠪᠤᠷᠢᠯᠠᠨ ᠦᠭᠴᠦ᠂ ᠬᠦᠷᠢᠶ᠎ᠡ ᠬᠠᠰᠢᠶ᠎ᠠ ᠶᠢ ᠰᠡᠯᠪᠢᠨ ᠵᠠᠰᠠᠵᠤ ᠥᠭᠭᠦᠭᠰᠡᠨ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠬᠡᠵᠤ ᠡᠵᠡᠨ ᠬᠤᠷᠤᠭ᠎ᠠ ᠬᠤᠰᠢᠭᠤᠨ ᠤ ᠬᠤᠨᠢᠴᠢᠨᠭᠤᠤᠯ ᠪᠠᠯᠭᠠᠰᠤ ᠶᠢᠨ ᠪᠦᠦ ᠯᠢᠨ ᠲᠣᠰᠬᠤᠨ ᠤ ᠽᠢ ᠾᠧ ᠫᠢᠡᠭ | ᠬᠡᠯᠡᠨ᠎ᠡ᠃ | ︽ᠽᠢ ᠾᠧ ᠫᠢᠡᠭ ᠴᠤ ᠨᠠᠳᠠ ᠶᠢ ᠤᠯᠠᠨ ᠤᠳᠠᠭ᠎ᠠ ᠲᠤᠰᠠᠯᠠᠭᠰᠠᠨ ᠶᠤᠮ᠃ ᠨᠠᠳᠠ ᠳᠤ ᠲᠡᠵᠢᠭᠡᠨ ᠦᠷᠡᠵᠢᠭᠦᠯᠬᠦ ᠮᠡᠷᠭᠡᠵᠢᠯ ᠵᠢᠭᠠᠵᠤ᠂ ᠨᠡᠭᠦᠷᠡᠰᠦ | ᠲᠡᠭᠡᠭᠡᠪᠦᠷᠢᠯᠡᠨ ᠦᠭᠴᠤ᠂ ᠭᠠᠭ᠋ᠠᠶ ᠬᠤᠨᠢ ᠶᠢ ᠬᠤᠳᠠᠯᠳᠤᠵᠤ ᠥᠭᠭᠦᠭᠰᠡᠨ ᠳᠤ ᠲᠠᠯᠠᠷᠬᠠᠵᠤ ᠪᠠᠶᠢᠨ᠎ᠠ︾ ᠭᠡᠵᠦ ᠪᠤᠤ ᠯᠢᠨ ᠲᠤᠰᠬᠤᠨ ᠤ ᠲᠠᠷᠢᠶᠠᠴᠢᠨ ᠯᠢᠤ ᠢ ᠾᠧ | ᠬᠡᠯᠡᠨ᠎ᠡ᠃ | ︽ᠮᠠᠯᠵᠢᠬᠤ ᠲᠠᠷᠢᠶᠠᠯᠠᠬᠤ ᠤᠷᠤᠨ ᠤ ᠬᠠᠯᠠᠮᠵᠢᠯᠠᠯ ᠦᠵᠡᠬᠦᠯᠵᠤ ᠬᠠᠷᠢᠯᠴᠠᠨ ᠬᠠᠪᠰᠤᠷᠤᠯᠴᠠᠬᠤ ᠳᠤᠭᠤᠶᠢᠯᠠᠩ︾ ᠪᠠᠶᠢᠭᠤᠯᠤᠭᠳᠠᠭᠰᠠᠨ ᠠᠴᠠ ᠨᠠᠭᠠᠰᠢ ᠮᠠᠯᠴᠢᠨ | ᠲᠠᠷᠢᠶᠠᠴᠢᠳ ᠠᠨᠠᠷ ᠤᠨ ᠦᠷ᠎ᠡ ᠰᠢᠭ ᠨᠢᠭᠳᠠᠷᠠᠨ ᠪᠦᠯᠬᠦᠮᠳᠡᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠨᠢᠭᠡᠳᠴᠦ ᠬᠠᠷᠢᠯᠴᠠᠨ | ᠬᠠᠪᠰᠤᠷᠤᠯᠴᠠᠳᠠᠭ ᠪᠤᠯᠤᠭᠰᠠᠨ ᠪᠠᠶᠢᠨ᠎ᠠ᠃ 2022 ᠣᠨ ᠳᠤ ᠣᠷᠳᠣᠰ ᠬᠤᠲᠠ ᠶᠢᠨ ᠣᠶᠤᠨ ᠰᠠᠨᠠᠭᠠᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ︽ | ᠬᠤᠶᠢᠰᠢᠳᠠ ᠶᠢᠨ ᠲᠠᠪᠤᠨ ᠵᠢᠯ ᠤᠨ ᠣᠷᠳᠣᠰ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠶᠤᠨ ᠰᠠᠨᠠᠭᠠᠨ ᠤ ᠪᠣᠯᠪᠠᠰᠤᠨ ᠤ ᠪᠠᠶᠢᠭᠤᠯᠤᠯᠲᠠ ᠶᠢᠨ ᠰᠡᠳᠭᠢᠴᠡ | ᠪᠠ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠳᠤ ︽ᠮᠠᠯᠵᠢᠬᠤ ᠲᠠᠷᠢᠶᠠᠯᠠᠬᠤ ᠣᠷᠣᠨ ᠤ ᠬᠠᠯᠠᠮᠵᠢᠯᠠᠯ ᠦᠵᠡᠬᠦᠯᠵᠤ | ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠢ ᠪᠠᠶᠢᠭᠤᠯᠤᠨ᠎ᠠ︾ ᠬᠡᠵᠤ ᠲᠤᠭᠳᠠᠪᠠ᠃ ᠲᠤᠬᠠᠶᠢᠯᠠᠪᠠᠯ᠂ ᠲᠣᠰᠬᠤᠨ ᠤ ᠠᠷᠠᠳ ᠬᠤᠭᠤᠷᠣᠨᠳᠣ ᠪᠠᠨ ᠬᠠᠯᠠᠮᠵᠢᠯᠠᠯ | ᠦᠵᠡᠬᠦᠯᠵᠤ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠪᠠᠶᠢᠭᠤᠯᠵᠤ ᠬᠠᠪᠰᠤᠷᠤᠯᠴᠠᠨ᠎ᠠ᠃ ᠵᠢᠱᠢᠶᠡᠯᠡᠪᠡᠯ᠂ ᠬᠠᠪᠤᠷ ᠤᠨ ᠲᠠᠷᠢᠶᠠᠯᠠᠭ᠎ᠠ᠂ ᠨᠠᠮᠤᠷ ᠤᠨ ᠬᠤᠷᠢᠶᠠᠯᠲᠠ᠂ | ᠡᠳᠦᠷ ᠳᠤᠳᠤᠮ ᠤᠨ ᠠᠮᠢᠳᠤᠷᠠᠯ ᠳᠠᠭᠠᠨ ᠬᠠᠷᠢᠯᠴᠠᠨ ᠬᠠᠪᠰᠤᠷᠤᠯᠴᠠᠬᠤ ᠪᠠᠷ ᠲᠠᠮᠵᠢᠨ ᠮᠠᠯᠴᠢᠨ ᠲᠠᠷᠢᠶᠠᠴᠢᠳ ᠤᠨ ᠪᠦᠬᠦᠯᠢ ᠴᠣᠭᠴᠠ ᠶᠢᠨ ᠬᠡᠪ ᠴᠢᠨᠠᠷ ᠢᠶᠠᠨ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠬᠤ ᠬᠠᠷᠠᠯᠳᠠ ᠳᠤ ᠬᠦᠷᠬᠦ ᠪᠤᠯᠤᠨ᠎ᠠ᠃ | ᠣᠲᠣ ᠪᠣᠯᠲᠠᠯ᠎ᠠ ᠪᠥᠬᠦ ᠬᠤᠲᠠ ᠳᠤ ᠡᠯ᠎ᠡ ᠱᠠᠲᠤᠨ ᠤ ᠪᠣᠯᠪᠠᠰᠤᠨ ᠲᠣᠰᠬᠤᠨ ᠪᠠᠯᠭᠠᠰᠤ 528 ᠪᠠᠶᠢᠵᠤ᠂ ᠡᠭᠦᠨ ᠳᠤ ᠤᠯᠤᠰ ᠤᠨ ᠲᠠᠰ ᠤᠨ ᠪᠣᠯᠪᠠᠰᠤᠨ | ᠲᠣᠰᠬᠤᠨ ᠪᠠᠯᠭᠠᠰᠤ 16᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠲᠣᠰᠬᠤᠨ ᠪᠠᠯᠭᠠᠰᠤ 84᠂ ᠬᠤᠲᠠ ᠶᠢᠨ ᠲᠠᠰ ᠤᠨ ᠪᠣᠯᠪᠠᠰᠤᠨ ᠲᠣᠰᠬᠤᠨ | ᠪᠠᠯᠭᠠᠰᠤ 122᠂ ᠬᠤᠰᠢᠭᠤ ᠰᠢᠶᠠᠨ ᠤ ᠲᠡᠰ ᠤᠨ ᠪᠣᠯᠪᠠᠰᠤᠨ ᠲᠣᠰᠬᠤᠨ ᠪᠠᠯᠭᠠᠰᠤ 306 ᠪᠣᠶ᠃ ᠡᠯ᠎ᠡ ᠬᠤᠰᠢᠭᠤ ᠲᠤᠭᠤᠷᠢᠭ ᠤᠨ ᠮᠠᠯᠵᠢᠬᠤ ᠲᠠᠷᠢᠶᠠᠯᠠᠬᠤ | ᠣᠷᠣᠨ ᠳᠤ ᠨᠢᠭᠡᠨᠲᠡ 828 ᠬᠠᠯᠠᠮᠵᠢᠯᠠᠯ ᠦᠵᠡᠬᠦᠯᠵᠤ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠢ ᠪᠠᠶᠢᠭᠤᠯᠵᠤ᠂ ᠨᠢᠭᠡᠨᠳᠡ 1727 ᠡᠷᠦᠬᠡ ᠣᠷᠣᠯᠴᠠᠭᠰᠠᠨ | ᠪᠠᠶᠢᠨ᠎ᠠ᠃ | ᠲᠠᠷᠠᠭᠠᠴᠢ ᠶᠢᠨ ᠠᠯᠬᠤᠮ ᠳᠤ ᠬᠤᠲᠠ ᠶᠢᠨ ᠣᠶᠤᠨ ᠰᠠᠨᠠᠭᠠᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠪᠥᠬᠦ ᠬᠤᠲᠠ ᠶᠢᠨ 735 ᠭᠠᠴᠠᠭ᠎ᠠ | ᠲᠣᠰᠬᠤᠨ ᠳᠤ ︽ᠮᠠᠯᠵᠢᠬᠤ ᠲᠠᠷᠢᠶᠠᠯᠠᠬᠤ ᠣᠷᠣᠨ ᠤ ᠬᠠᠯᠠᠮᠵᠢᠯᠠᠯ ᠦᠵᠡᠬᠦᠯᠵᠤ ᠬᠠᠷᠢᠯᠴᠠᠨ ᠬᠠᠪᠰᠤᠷᠤᠯᠴᠠᠬᠤ ᠳᠤᠭᠤᠶᠢᠯᠠᠩ︾ ᠤᠨ ᠠᠵᠢᠯ ᠢ ᠦᠷᠭᠦᠯᠵᠢᠯᠡᠨ ᠪᠥᠬᠦ | ᠲᠠᠯ᠎ᠠ ᠪᠠᠷ ᠠᠬᠢᠭᠤᠯᠬᠤ ᠵᠢᠯᠣᠭᠤᠳᠣᠯᠭ᠎ᠠ ᠬᠢᠵᠤ᠂ ᠲᠤᠬᠠᠶ ᠶᠢᠨ ᠭᠠᠵᠠᠷ ᠲᠤᠨᠢ ᠬᠦᠡᠵᠡᠭᠡᠶᠢᠷᠡᠨ ᠪᠠᠶᠢᠴᠠᠭᠠᠵᠤ᠂ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ᠪᠣᠯᠪᠠᠰᠤᠨ ᠬᠡᠪ ᠰᠤᠷᠳᠠᠯ ᠢ ᠲᠡᠭᠡᠭᠰᠢᠯᠡᠭᠦᠯᠤᠨ᠂ ᠬᠥᠳᠡᠭᠡ ᠲᠣᠰᠬᠤᠨ ᠤ ᠬᠦᠭᠵᠢᠯᠳᠡ ᠶᠢ ᠠᠬᠢᠭᠤᠯᠬᠤ | ᠪᠤᠯᠤᠨ᠎ᠠ᠃ | | | |