​ᠬᠤᠳᠠ ᠶᠢᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ 2022 ᠤᠨ ᠤ 12 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2022/11/7
      ᠦᠢᠷ᠎ᠠ ᠶᠢᠨ ᠡᠳᠤᠷ᠂  ᠬᠤᠳᠠ ᠶᠢᠨ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ 2022 ᠤᠨ ᠤ 12 ᠳ᠋ᠤᠭᠠᠷ ᠤᠳᠠᠭ᠎ᠠ  ᠶᠢᠨ ᠬᠤᠷᠠᠯ ᠬᠤᠷᠠᠯᠳᠤᠭᠤᠯᠵᠠᠢ᠃  ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂  ᠬᠤᠳᠠ ᠶᠢᠨ ᠲᠠᠷᠤᠭ᠎ᠠ᠂  ᠬᠤᠳᠠ ᠶᠢᠨ ᠵᠠᠰᠠᠭ  ᠤᠨ ᠤᠷᠳᠤᠨ ᠤ ᠨᠠᠮ ᠤᠨ ᠲᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠷᠠᠯ ᠢ ᠡᠷᠬᠢᠯᠡᠭᠰᠡᠨ ᠤ ᠬᠠᠮᠳᠤ ᠶᠠᠷᠢᠶ᠎ᠠ ᠲᠠᠯᠪᠢᠪᠡ᠃      ᠬᠤᠷᠠᠯ ᠠᠴᠠ 10 ᠰᠠᠷ᠎ᠠ ᠶᠢᠨ 25 ᠤ ᠡᠳᠤᠷ ᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠤᠩᠭᠡᠢ ᠱᠦᠵᠢ ᠰᠢ ᠶᠢᠨ ᠫᠢᠡᠭ ᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠲᠡᠭᠡᠷᠡᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠦᠢᠯᠠᠭᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠮᠰᠡᠷᠳᠤ ᠴᠢᠨᠠᠷ᠂  ᠰᠠᠨᠠᠭᠠᠴᠢᠯᠠᠭᠠᠳᠤ ᠴᠢᠨᠠᠷ᠂  ᠪᠤᠳᠠᠳᠤ ᠦᠷ᠎ᠡ ᠪᠦᠳᠦᠮᠵᠢᠳᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠠᠢ᠃  ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠨ ᠶᠡᠭᠡ ᠠᠴᠢ ᠬᠤᠯᠪᠤᠬᠳᠠᠯ ᠢ ᠬᠦᠨᠵᠡᠭᠡᠢ ᠡᠵᠡᠮᠳᠡᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠭᠡ ᠪᠤᠯᠤᠨ ᠡᠭᠦᠷᠭᠡᠳᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠳᠠᠢ᠃  ᠨᠠᠮ ᠤᠨ ᠬᠤᠷᠢᠳᠤᠭᠠᠷ ᠶᠡᠭᠡ ᠬᠤᠷᠠᠯ  ᠤᠨ ᠵᠤᠷᠢᠭ ᠰᠠᠨᠠᠭᠠᠨ ᠤ ᠪᠠᠶᠠᠯᠢᠭ ᠠᠭᠤᠯᠤᠬᠳᠠᠬᠤᠨ ᠢ ᠬᠦᠨᠵᠡᠭᠡᠢ ᠡᠵᠡᠮᠰᠢᠵᠤ᠂ ᠢᠯᠡᠳᠭᠡᠯ ᠤᠨ ᠪᠠᠶᠢᠷᠢᠯᠠᠭᠤᠯᠤᠯᠳᠡ ᠳᠤ ᠠᠩᠬᠠᠷᠤᠯ ᠢᠶᠠᠨ ᠲᠦᠪᠯᠡᠷᠡᠭᠦᠯᠤᠨ ᠤᠷᠳᠤᠰ ᠤᠨ ᠡᠯ᠎ᠡ ᠲᠦᠷᠦᠯ ᠤᠨ ᠠᠵᠢᠯ ᠢ ᠰᠠᠶᠢᠳᠤᠷ ᠬᠢᠬᠦ ᠬᠡᠷᠡᠭᠳᠠᠢ᠃ ︽ᠬᠤᠶᠠᠷ ᠢ ᠲᠤᠬᠳᠠᠭᠠᠬᠰᠡᠨ︾ ᠤ ᠰᠢᠢᠳᠪᠤᠷᠢᠯᠡᠭᠴᠢ ᠴᠢᠨᠠᠷᠳᠠᠢ ᠠᠴᠢ ᠬᠤᠯᠪᠤᠬᠳᠠᠯ ᠢ ᠬᠦᠨᠵᠡᠭᠡᠢ ᠡᠵᠡᠮᠰᠢᠵᠤ᠂  ︽ᠬᠤᠶᠠᠷ ᠢ ᠬᠠᠮᠠᠭᠠᠯᠠᠬᠤ︾ ᠶᠢ ᠬᠠᠮᠤᠭ ᠤᠨ ᠦᠨᠳᠤᠰᠤᠨ ᠤᠯᠤᠰ ᠲᠦᠷᠦ ᠶᠢᠨ ᠰᠠᠬᠢᠯᠭ᠎ᠠ ᠪᠠᠳᠤ ᠪᠡ ᠤᠯᠤᠰ ᠲᠦᠷᠦ ᠶᠢᠨ ᠲᠦᠷᠢᠮ ᠲᠤᠬᠳᠠᠭᠠᠯ ᠪᠤᠯᠭᠠᠨ ᠰᠡᠳᠬᠢᠯ ᠳᠡᠭᠡᠨ ᠬᠠᠳᠠᠩᠰᠢᠭᠤᠯᠤᠨ᠂  ᠦᠢᠯᠨ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃         ᠬᠤᠷᠠᠯ ᠠᠴᠠ᠂  ᠬᠤᠳᠠ ᠶᠢᠨ ᠵᠠᠰᠠᠭ ᠤᠨ ᠤᠷᠳᠤᠨ ᠤ ᠡᠯ᠎ᠡ ᠨᠠᠮ ᠤᠨ ᠲᠤᠭᠤᠶᠢᠯᠠᠩ ᠤᠨ ᠪᠦᠷᠢᠯᠳᠦᠭᠦᠨ ᠪᠡᠶ᠎ᠡ ᠪᠠᠷ ᠢᠶᠠᠨ ᠲᠠᠭᠤᠷᠢᠶᠠᠯ ᠦᠵᠡᠭᠦᠯᠤᠨ᠂  ᠲᠡᠭᠡᠳᠤ ᠱᠠᠳᠤ ᠨᠢ ᠲᠤᠤᠷᠠᠳᠤ ᠱᠠᠳᠤ ᠪᠠᠨ ᠲᠠᠶᠢᠴᠢᠯᠠᠬᠤ ᠶᠢ ᠪᠠᠷᠢᠮᠳᠡᠯᠡᠨ᠂  ᠪᠦᠬᠦ ᠬᠤᠳᠠ ᠶᠢᠨ ᠵᠠᠰᠠᠭ ᠤᠨ ᠤᠷᠳᠤᠨ ᠤ ᠰᠢᠰᠲ᠋ᠧᠮ ᠢ ᠲᠠᠶᠢᠴᠢᠯᠡᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠦᠷᠨᠢᠯᠳᠡ ᠶᠢ ᠪᠦᠬᠦ ᠲᠠᠯ᠎ᠠ ᠪᠠᠷ ᠪᠤᠢ ᠪᠤᠯᠭᠠᠬᠤ ᠬᠡᠷᠡᠭᠳᠠᠢ᠃  ᠲᠦᠷᠦᠭᠦᠯᠡᠨ ᠰᠤᠷᠤᠯᠴᠠᠵᠤ᠂  ᠰᠤᠷᠤᠯᠴᠠᠯᠭ᠎ᠠ ᠶᠢᠨ ᠮᠡᠳᠡᠭᠦᠯᠤᠯᠳᠡ ᠶᠢ ᠶᠡᠭᠡ ᠬᠤᠷᠠᠯ ᠤᠨ ᠰᠢᠷᠢᠰ ᠶᠠᠷᠢᠶ᠎ᠠ ᠪᠤᠯᠤᠨ ᠬᠤᠯᠪᠤᠬᠳᠠᠯ ᠪᠦᠭᠦᠢ ᠪᠢᠴᠢᠭ ᠮᠠᠲ᠋ᠧᠷᠢᠶᠠᠯ ᠢ ᠰᠤᠷᠤᠯᠴᠠᠬᠤ ᠲᠠᠢ ᠤᠶᠠᠯᠳᠤᠭᠤᠯᠵᠤ᠂  ᠶᠡᠷᠤᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠲᠠᠯᠪᠢᠬᠰᠡᠨ ᠴᠢᠬᠤᠯᠨ ᠶᠠᠷᠢᠶ᠎ᠠ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ᠤᠷᠳᠤᠰ ᠤᠨ ᠬᠦᠭᠵᠢᠯᠳᠡ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂  ᠬᠤᠷᠢᠳᠤᠭᠠᠷ ᠶᠡᠭᠡ ᠬᠤᠷᠠᠯ ᠠᠴᠠ ᠲᠤᠷᠠᠳᠤᠬᠰᠡᠨ ᠰᠢᠨ᠎ᠡ ᠦᠵᠡᠯ ᠰᠠᠨᠠᠭ᠎ᠠ᠂  ᠰᠢᠨ᠎ᠡ ᠪᠠᠶᠢᠯᠳᠤᠬᠤ ᠪᠤᠳᠤᠯᠭ᠎ᠠ᠂  ᠰᠢᠨ᠎ᠡ ᠡᠭᠦᠷᠭᠡ᠂  ᠰᠢᠨ᠎ᠡ ᠠᠷᠭ᠎ᠠ ᠬᠡᠮᠵᠢᠶ᠎ᠡ ᠶᠢ ᠦᠨᠡᠨ ᠬᠦ ᠰᠤᠷᠤᠯᠴᠠᠨ ᠦᠢᠯᠠᠭᠠᠵᠤ ᠨᠡᠪᠳᠡᠷᠡᠳᠡᠯ᠎ᠡ ᠦᠢᠯᠠᠭᠠᠬᠤ ᠬᠡᠷᠡᠭᠳᠠᠢ᠃  ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠤᠬᠠᠭᠤᠯᠤᠬᠴᠢ ᠪᠤᠯᠵᠤ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠡᠨ ᠲᠦᠮᠡᠨ ᠤ ᠲᠤᠮᠳᠡ ᠬᠦᠨᠵᠡᠭᠡᠶᠢᠷᠡᠭᠦᠯᠤᠨ᠂  ᠬᠦᠮᠤᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠳᠠᠢ᠃  ᠲᠦᠷᠦᠭᠦᠯᠡᠨ ᠠᠵᠢᠯᠯᠠᠵᠤ᠂  ᠶᠡᠷᠤᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠲᠤᠰᠢᠶᠠᠬᠰᠡᠨ ᠲᠠᠪᠤᠨ ᠶᠡᠭᠡ ᠡᠭᠦᠷᠭᠡ ᠲᠠᠢ ᠤᠶᠠᠯᠳᠤᠭᠤᠯᠵᠤ᠂  ᠡᠯ᠎ᠡ ᠲᠦᠷᠦᠯ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠠᠰᠤᠷᠠᠯᠳᠡ ᠦᠭᠡᠢ ᠬᠦᠨᠵᠡᠭᠡᠶᠢᠷᠡᠭᠦᠯᠵᠤ᠂  ᠪᠤᠳᠠᠳᠠᠶᠢᠵᠢᠭᠤᠯᠵᠤ᠂  ᠨᠠᠷᠢᠯᠢᠬᠵᠢᠭᠤᠯᠬᠤ ᠬᠡᠷᠡᠭᠳᠠᠢ᠃  ᠨᠠᠮ ᠤᠨ ᠲᠦᠪ ᠬᠤᠷᠢᠶ᠎ᠠ ᠲᠠᠢ ᠤᠬᠠᠮᠰᠡᠷ ᠠᠴᠠ ᠪᠠᠨ ᠨᠢᠭᠡᠳᠦᠯᠳᠠᠢ ᠪᠠᠶᠢᠵᠤ᠂ ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠵᠢᠴᠢ ᠬᠡᠷᠡᠭᠵᠢᠭᠦᠯᠬᠦ‌ᠨᠠᠷᠢᠨ ᠲᠦᠷᠢᠮ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ︽ᠲᠦᠷᠪᠡᠨ ᠰᠤᠷᠳᠡᠯ︾ ᠢ ᠴᠡᠭᠴᠡᠯᠡᠬᠦ᠂  ᠠᠵᠢᠯ ᠤᠨ ᠤᠪᠤᠷ ᠰᠤᠷᠳᠡᠯ ᠢ ᠬᠤᠪᠢᠷᠠᠭᠤᠯᠬᠤ ᠶᠢ ᠴᠦᠭᠦᠷᠡᠰᠢ ᠦᠭᠡᠢ ᠪᠠᠷᠢᠮᠳᠠᠯᠠᠨ᠂  ᠰᠤᠷᠳᠡᠯ ᠴᠢᠭᠡᠴᠢ ᠤᠪᠤᠷ ᠲᠦᠪ ᠤᠯᠤᠰ ᠲᠦᠷᠦ ᠶᠢᠨ ᠤᠷᠴᠢᠨ ᠠᠬᠤᠢ ᠶᠢ ᠴᠢᠷᠮᠠᠶᠢᠨ ᠪᠤᠢ ᠪᠤᠯᠭᠠᠬᠤ ᠬᠡᠷᠡᠭᠳᠠᠢ ᠭᠡᠵᠤ ᠴᠢᠬᠤᠯᠠᠴᠢᠯᠠᠪᠠ᠃           ᠬᠤᠷᠠᠯ ᠠᠴᠠ ᠲᠠᠪᠤ ᠶᠢ ᠲᠤᠶᠢᠯᠪᠤᠷᠢᠳᠠᠢ ᠪᠠᠶᠢᠴᠠᠭᠠᠬᠤ ᠠᠵᠢᠯᠯᠠᠭ᠎ᠠ ᠶᠢ ᠠᠬᠢᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠡ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ