​ᠯᠢ ᠯᠢ ᠬᠤᠳᠠ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/7
       10 ᠰᠠᠷ᠎ᠠ ᠶᠢᠨ 29 ᠤ ᠡᠳᠤᠷ ᠤᠨ ᠰᠦᠨᠢ᠂  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠤᠬᠠᠢ ᠬᠠᠷᠢᠭᠤ ᠮᠡᠳᠡᠭᠦᠯᠤᠯᠳᠡ ᠶᠢ ᠰᠤᠨᠤᠰᠴᠤ᠂  ᠤᠳᠤᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂  ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠠᠬᠢᠨ ᠪᠠᠶᠢᠷᠢᠯᠠᠭᠤᠯᠤᠯᠳᠡ ᠬᠢᠵᠤ᠂  ᠲᠠᠬᠢᠨ ᠱᠠᠭᠠᠷᠳᠠᠯᠭ᠎ᠠ ᠲᠤᠷᠠᠳᠪᠠ᠃            ᠬᠤᠳᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂  ᠰᠢᠩ ᠵᠸᠡᠭ᠂  ᠰᠤ᠋ ᠼᠦᠢ ᠹᠠᠨᠭ᠌᠂  ᠵᠠᠩ ᠸᠧᠢ᠂  ᠭᠤᠤ ᠸᠧᠨ ᠾᠧ᠂  ᠮᠢᠶᠤᠤ ᠴᠸᠡᠭ ᠢᠤᠢ᠂  ᠯᠢᠤ ᠹᠸᠡᠭ ᠶᠦᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠵᠤ᠂  ᠵᠧᠨ ᠬᠤᠸ᠋ᠨ᠂  ᠬᠤᠸ᠋ᠨ ᠷᠦᠢ ᠹᠸᠡᠭ᠂  ᠸᠠᠩ ᠰᠢᠨ ᠢᠤᠢ᠂  ᠶᠢᠨ ᠭᠤᠸᠠᠩ ᠵᠢᠶᠦ᠋ᠨ ᠬᠤᠰᠢᠭᠤ ᠲᠤᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠡ᠃  ᠬᠤᠳᠠ ᠶᠢᠨ ᠰᠢᠭᠤᠳ ᠬᠠᠷᠢᠶ᠎ᠠ ᠬᠤᠯᠪᠤᠬᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠡᠨ ᠨᠦᠬᠦᠳ ᠬᠤᠷᠠᠯ ᠳᠤ ᠤᠷᠤᠯᠴᠠᠪᠠ᠃           ᠯᠢ ᠯᠢ᠂  ᠤᠳᠤᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢᠭᠡᠨᠳᠡ ᠬᠠᠮᠤᠭ ᠤᠨ ᠬᠦᠴᠢᠷᠳᠠᠢ ᠵᠠᠩᠬᠢᠯᠠᠭ᠎ᠠ ᠶᠢᠨ ᠦᠶ᠎ᠡ ᠳᠤ ᠤᠷᠤᠭᠠᠳ ᠪᠠᠶᠢᠨ᠎ᠠ᠃  ᠡᠯ᠎ᠡ ᠬᠤᠰᠢᠭᠤ ᠲᠤᠭᠤᠷᠢᠭ᠂  ᠡᠯ᠎ᠡ ᠬᠤᠯᠪᠤᠬᠳᠠᠯ ᠪᠦᠭᠦᠢ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠲᠠᠨᠢᠯᠳᠡ ᠪᠠᠨ ᠲᠠᠬᠢᠨ ᠲᠡᠭᠡᠭᠰᠢᠯᠡᠭᠦᠯᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠳᠤᠯᠢᠶᠠᠨᠳᠤ ᠴᠢᠨᠠᠷ᠂  ᠲᠠᠬᠢᠨ ᠲᠠᠪᠳᠠᠬᠤ ᠴᠢᠨᠠᠷ ᠢ ᠬᠦᠢᠴᠡᠳ ᠲᠠᠨᠢᠵᠤ᠂  ᠲᠠᠶᠢᠪᠤᠰᠢᠷᠠᠬᠤ ᠦᠵᠡᠯ ᠰᠠᠨᠠᠭ᠎ᠠ᠂  ᠬᠠᠯᠠᠰᠢᠷᠠᠬᠤ ᠰᠡᠳᠬᠢᠯᠭᠡ᠂  ᠭᠤᠷᠢᠳᠠᠬᠤ ᠪᠤᠳᠤᠯ᠂ ᠰᠤᠯᠠᠷᠠᠬᠤ ᠰᠡᠳᠬᠢᠯᠭᠡ ᠲᠠᠢ ᠤᠬᠳᠤ ᠪᠠᠶᠢᠵᠤ ᠪᠤᠯᠬᠤ ᠦᠭᠡᠢ᠂  ᠬᠠᠷᠢᠭᠤᠴᠠᠯᠠᠭ᠎ᠠ ᠶᠢ ᠤᠯᠠᠮ ᠴᠢᠩᠭᠠᠳᠬᠠᠵᠤ᠂  ᠦᠪᠡᠷᠳᠡᠭᠡᠨ ᠵᠠᠰᠠᠬᠤ ᠤᠷᠤᠨ ᠤ ᠲᠤᠰᠢᠶᠠᠬᠰᠡᠨ ᠡᠭᠦᠷᠭᠡ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠠᠢ ᠪᠦᠭᠡᠳ ᠮᠠᠨ ᠤ ᠬᠤᠳᠠ ᠶᠢᠨ ︽ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ︾ ᠡᠯ᠎ᠡ ᠲᠦᠷᠦᠯ ᠤᠨ ᠱᠠᠭᠠᠷᠳᠠᠯᠭ᠎ᠠ ᠶᠢ ᠰᠠᠶᠢᠳᠤᠷ ᠪᠡᠶᠡᠯᠡᠭᠦᠯᠬᠦ ᠬᠡᠷᠡᠭᠳᠠᠢ᠃  ᠬᠠᠷᠢᠭᠤ ᠲᠤᠰᠬᠠᠬᠤ ᠴᠢᠳᠠᠪᠤᠷᠢ  ᠪᠠᠨ ᠲᠠᠬᠢᠨ ᠲᠡᠭᠡᠭᠰᠢᠯᠡᠭᠦᠯᠤᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠢ ᠬᠢᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠲᠤᠮᠳᠡ ᠲᠤᠯᠭᠠᠷᠠᠬᠰᠡᠨ ᠠᠰᠠᠭᠤᠳᠠᠯ ᠢ ᠲᠠᠷᠤᠶᠢᠬᠠᠨ ᠰᠢᠢᠳᠪᠤᠷᠢᠯᠡᠵᠤ᠂  ᠳ᠋ᠦᠡᠭᠨᠡᠵᠤ ᠭᠠᠷᠭᠠᠬᠰᠡᠨ ᠰᠠᠶᠢᠨ ᠠᠷᠭ᠎ᠠ ᠲᠤᠷᠰᠢᠯᠭ᠎ᠠ ᠶᠢ ᠦᠳᠳᠡᠷ ᠲᠦᠷᠭᠡᠨ ᠲᠡᠯᠭᠡᠷᠡᠭᠦᠯᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠤᠬᠳᠠᠯᠴᠠᠭ᠎ᠠ ᠶᠢᠨ ᠦᠨᠳᠤᠷ ᠪᠦᠳᠦᠮᠵᠢᠳᠠᠢ ᠠᠵᠢᠯᠯᠠᠬᠤ ᠶᠢ ᠴᠠᠭ ᠢᠮᠠᠬᠳᠠ ᠪᠠᠳᠤᠯᠠᠨ᠂ ︽ᠲᠦᠷᠭᠡᠨ ᠰᠢᠯᠭᠠᠨ ᠪᠠᠶᠢᠴᠠᠭᠠᠬᠤ᠂  ᠲᠠᠬᠤᠯ ᠡᠪᠡᠳᠴᠢᠨ ᠤ ᠪᠠᠶᠢᠴᠠᠭᠠᠯᠳᠡ ᠪᠡ ᠡᠬᠢ ᠡᠭᠦᠰᠦᠯ ᠢ ᠨᠢ ᠡᠷᠢᠬᠦ ᠶᠢ ᠲᠦᠷᠭᠡᠨ ᠬᠢᠵᠤ᠂  ᠲᠦᠷᠭᠡᠨ ᠰᠢᠯᠵᠢᠭᠦᠯᠤᠨ ᠵᠦᠭᠡᠭᠡᠪᠤᠷᠢᠯᠡᠬᠦ᠂  ᠲᠦᠷᠭᠡᠨ ᠲᠤᠰᠠᠭᠠᠷᠯᠠᠬᠤ᠂  ᠲᠦᠷᠭᠡᠨ ᠡᠮᠨᠡᠨ ᠵᠠᠰᠠᠬᠤ︾ ᠶᠢ ᠦᠨᠡᠨ ᠬᠦ ᠪᠠᠳᠤᠯᠠᠬᠤ ᠬᠡᠷᠡᠭᠳᠠᠢ᠃  ᠰᠡᠷᠭᠡᠶᠢᠯᠡᠨ ᠡᠵᠡᠮᠳᠡᠬᠦ ᠬᠦᠴᠦᠨ ᠢᠶᠠᠨ ᠴᠢᠨᠠᠬᠰᠢᠳᠡ ᠴᠢᠩᠭᠠᠷᠠᠭᠤᠯᠵᠤ᠂  ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠵᠢᠯᠤᠭᠤᠳᠤᠨ ᠲᠤᠬᠢᠷᠠᠭᠤᠯᠬᠤ ᠪᠡᠨ‌‍ᠪᠦ᠋ᠬᠦ ᠲᠠᠯ᠎ᠠ ᠪᠠᠷ ᠴᠢᠩᠭᠠᠳᠬᠠᠨ᠂  ᠡᠯ᠎ᠡ ᠬᠤᠰᠢᠭᠤ ᠲᠤᠭᠤᠷᠢᠭ ᠡᠯ᠎ᠡ ᠬᠤᠯᠪᠤᠬᠳᠠᠯ ᠪᠦᠭᠦᠢ ᠰᠠᠯᠠᠭ᠎ᠠ ᠮᠦᠴᠢᠷ ᠤᠳ ᠠᠵᠢᠯ ‍ᠤᠨ‌ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠨ᠂  ᠢᠯᠠᠩᠭᠤᠶ᠎ᠠ ︽ᠨᠢᠭᠡᠳᠦᠭᠡᠷ ᠭᠠᠷ︾ ᠲᠤᠬᠠᠢ ᠶᠢᠨ ᠲᠠᠯᠠᠪᠠᠢ ᠳᠤ ᠵᠢᠯᠤᠭᠤᠳᠴᠤ᠂  ᠲᠦᠷᠦᠭᠦᠯᠡᠨ ᠨᠠᠶᠢᠳᠠᠪᠤᠷᠢᠵᠢᠭᠤᠯᠤᠯᠳᠡ ᠶᠢ ᠠᠬᠢᠭᠤᠯᠤᠨ᠂  ᠯᠠᠪᠳᠠᠭᠤᠨ ᠪᠠᠳᠤᠳᠠᠢ ᠠᠵᠢᠯ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠡ  ᠶᠢᠨ ᠱᠤᠭᠤᠮ ᠢ ᠴᠤᠬᠴᠠᠯᠠᠵᠤ᠂  ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠡ ᠨᠢ ᠲᠠᠶᠢᠴᠢᠨ ᠪᠠᠬᠢᠯᠡᠯᠳᠡ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂  ᠬᠤᠯᠪᠤᠬᠳᠠᠯ ᠪᠦᠭᠦᠢ ᠱᠠᠭᠠᠷᠳᠠᠯᠭ᠎ᠠ ᠶᠤᠰᠤᠭᠠᠷ ᠬᠠᠮᠢᠶᠠᠷᠤᠯᠳᠡ ᠪᠠᠨ ᠴᠢᠩᠭᠠᠳᠬᠠᠨ᠂  ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠨᠢᠮᠪᠠᠢ ᠪᠦᠭᠡᠳ ᠪᠤᠳᠠᠳᠠᠢ ᠪᠠᠷ ᠰᠠᠶᠢᠳᠤᠷ ᠠᠳᠬᠤᠬᠤ ᠬᠡᠷᠡᠭᠳᠠᠢ ᠭᠡᠵᠡᠢ᠃            ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂  ᠡᠯ᠎ᠡ ᠬᠤᠰᠢᠭᠤ ᠲᠤᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃       
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ