24 ᠴᠠᠭ ᠦᠢᠯᠡᠴᠢᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠡᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/11/7
       ᠤᠷᠴᠢᠮᠬᠠᠨ ᠬᠡᠷᠡᠭᠯᠡᠯᠳᠡ ᠳᠤ ᠤᠷᠤᠬᠰᠠᠨ ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠬᠡᠳᠤ ᠪᠠᠯᠭᠠᠰᠤ ᠶᠢᠨ ᠪᠤᠯᠪᠠᠰᠤᠨ ᠵᠠᠮ ᠨᠡᠶᠢᠬᠡᠮ ᠲᠤᠭᠤᠷᠢᠭ ᠲᠠᠬᠢ 24 ᠴᠠᠭ ᠤᠨ ᠲᠤᠷᠰᠢ ᠦᠢᠯᠡᠴᠢᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠡᠭ ᠪᠡᠶ᠎ᠠ ᠶᠢᠨ ᠦᠨᠡᠮᠯᠡᠯ ᠬᠢᠬᠦ᠂ ᠬᠡᠷ ᠬᠦᠷᠦᠩᠬᠡ ᠶᠢᠨ ᠬᠤᠷᠠᠮᠳᠤᠭᠤᠯᠤᠯ ᠤᠨ ᠮᠥᠡᠭᠬᠦ ᠶᠢᠨ ᠦᠢᠯᠡᠴᠢᠯᠡᠭᠡ ᠬᠦᠷᠳᠡᠬᠡᠬᠦ ᠵᠡᠷᠬᠡ 60 ᠤᠷᠴᠢᠮ ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠯᠡᠬᠦᠯᠬᠦ ᠪᠤᠯᠤᠬᠰᠠᠨ ᠪᠠᠶᠢᠨ᠎ᠠ᠃ ᠤᠳᠤᠬᠠᠨ ᠳᠤ ᠡᠶᠢᠮᠦᠷᠬᠦᠤ ᠦᠢᠯᠡᠴᠢᠯᠡᠬᠡᠨ ᠤ ᠴᠡᠭ ᠨᠠᠶᠢᠳᠠ 6 ᠪᠠᠶᠢᠵᠦ᠂ ᠬᠤᠳᠠ ᠶᠢᠨ ᠠᠷᠠᠳ ᠤᠨ ᠵᠠᠰᠠᠭ ᠤᠨ ᠶᠠᠪᠤᠳᠠᠯ ᠤᠨ ᠭᠠᠷ ᠬᠦᠢᠴᠡᠳᠬᠡᠯ ᠬᠢᠬᠦ ᠳᠤ ᠦᠨᠡᠨ ᠬᠦ ᠠᠴᠢ ᠲᠤᠰᠠ ᠦᠵᠡᠬᠦᠯᠵᠦ ᠪᠠᠶᠢᠨ᠎ᠠ᠃         ᠡᠨᠡ ᠬᠦ ᠠᠦ᠋ᠲ᠋ᠤᠴᠢᠯᠠᠬᠰᠠᠨ ᠮᠠᠰᠢᠨ ᠢ ᠬᠡᠷᠡᠭᠯᠡᠬᠦ ᠠᠷᠭ᠎ᠠ ᠪᠠᠷᠢᠯ ᠵᠢᠴᠢ ᠵᠤᠷᠢᠬᠰᠠᠨ ᠬᠡᠷᠡᠭ ᠶᠠᠪᠤᠳᠠᠯ ᠢᠶᠠᠨ ᠬᠦᠢᠴᠡᠳᠬᠡᠬᠦ ᠳᠤ ᠬᠡᠷᠡᠭᠯᠡᠬᠦ ᠬᠦᠨᠦᠰᠦᠭᠳᠤ ᠵᠡᠷᠬᠡ ᠨᠢ ᠢᠵᠢ ᠪᠦᠷᠢᠨᠰᠢᠵᠦ᠂ ᠵᠢᠯᠤᠭᠤᠴᠢ ᠶᠢᠨ ᠦᠨᠡᠮᠯᠡᠯ ᠰᠤᠯᠢᠬᠤ᠂ ᠪᠡᠶ᠎ᠠ ᠶᠢᠨ ᠦᠨᠡᠮᠯᠡᠯ ᠬᠢᠬᠦ ᠵᠡᠷᠬᠡ 60 ᠤᠷᠴᠢᠮ ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠷᠦᠯ ᠪᠠ 20 ᠤᠨᠴᠠᠯᠢᠭ ᠲᠠᠢ ᠬᠡᠷᠡᠭᠯᠡᠯᠳᠡ ᠶᠢᠨ ᠦᠢᠯᠡᠴᠢᠯᠡᠭᠡ ᠬᠠᠨᠭ᠍ᠭᠠᠵᠦ᠂ ᠬᠦᠮᠦᠰ ᠪᠡᠶ᠎ᠠ ᠶᠢᠨ ᠦᠨᠡᠮᠯᠡᠯ ᠢᠶᠠᠨ ᠠᠪᠴᠤ ᠬᠠᠷᠠᠭᠠᠯᠵᠠᠬᠰᠠᠨ ᠮᠠᠰᠢᠨ ᠲᠡᠭᠡᠷ᠎ᠠ ᠨᠢᠬᠡ ᠯᠡ ᠤᠳᠠᠭ᠎ᠠ ᠳᠤ ᠬᠦᠢᠴᠡᠳᠬᠡᠵᠦ ᠴᠢᠳᠠᠬᠤ ᠪᠤᠯᠤᠬᠰᠠᠨ ᠨᠢ ᠬᠢᠵᠢᠭ ᠤᠨ ᠬᠤᠭᠤᠴᠠᠭᠠᠨ ᠳᠤ ᠤᠯᠠᠨ ᠲᠦᠮᠠᠨ ᠳᠡᠭᠡᠨ ᠬᠠᠨᠭ᠍ᠭᠠᠵᠦ ᠦᠭᠬᠦᠭᠰᠡᠨ ᠨᠠᠮ ᠵᠠᠰᠠᠭ ᠤᠨ ᠶᠡᠬᠡᠬᠡᠨ ᠬᠠᠷᠠᠭᠠᠯᠵᠠᠯ ᠪᠠᠶᠢᠯ᠎ᠠ᠃   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ