163 ᠲᠦᠮᠨ 9000 ᠬᠥᠮᠥᠨ ᠳᠤ ᠨᠥᠬᠦᠪᠦᠷᠢ ᠣᠯᠭᠤᠯ᠎ᠠ
ᠨᠡᠶᠢᠲᠡᠯᠡᠭᠰᠡᠨ ᠴᠠᠭ᠄
2022/11/8
                               ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠳ᠋ ᠪᠠᠷᠠᠭᠠᠨ ᠤ ᠦᠨ᠎ᠡ ᠶᠢᠨ ᠥᠰᠦᠯᠲᠡ ᠠᠴᠠ ᠪᠤᠯᠵᠦ ᠠᠷᠠᠳ ᠤᠨ ᠠᠮᠢᠳᠣᠷᠠᠯ ᠮᠠᠭᠤᠳᠠᠬᠤ ᠨᠥᠯᠥᠭᠡ ᠶᠢ ᠪᠠᠭᠠᠰᠬᠠᠬᠤ ᠶᠢᠨ ᠲᠥᠯᠥᠭᠡ᠂ 1 ᠠᠴᠠ 9 ᠳ᠋ᠣᠭᠡᠷ ᠰᠠᠷ᠎ᠠ ᠳᠤ᠂ ᠦᠪᠦᠷ ᠮᠣᠩᠭᠤᠯ ᠤᠨ 6 ᠠᠶᠢᠮᠠᠭ ᠬᠤᠲᠠ ᠶᠢᠨ ᠬᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠨᠢᠯᠬᠠᠰ ᠵᠡᠷᠭᠡ ᠬᠦᠴᠢᠷᠳᠡᠯᠲᠡᠢ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 2947 ᠲᠦᠮᠨ 6000 ᠲᠥᠭᠦᠷᠢᠭ ᠲᠠᠷᠬᠠᠭᠠᠵᠤ᠂ 163 ᠲᠦᠮᠨ 9000 ᠬᠥᠮᠥᠨ ᠳᠤ ᠠᠰᠢᠭ ᠬᠦᠷᠲᠡᠭᠡᠭᠰᠡᠨ ᠪᠠᠶᠢᠨ᠎ᠠ᠃        ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ 6 ᠠᠶᠢᠮᠠᠭ ᠬᠤᠲᠠ ᠳᠤ ᠪᠤᠭᠤᠲᠤ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ ᠪᠠᠭᠳᠠᠵᠦ ᠪᠠᠶᠢᠭ᠎ᠠ ᠶᠤᠮ᠃        ᠣᠳᠣᠬᠠᠨ ᠳᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠪᠦᠷ ᠮᠣᠩᠭᠤᠯ ᠤᠨ ᠬᠢᠨ ᠠᠶᠢᠮᠠᠭ ᠬᠤᠲᠠ ᠪᠠᠷ ᠨᠢᠭᠡᠴᠡ ᠪᠣᠯᠭᠠᠨ ᠡᠬᠢᠯᠡᠭᠦᠯᠵᠦ᠂ ︽ᠰᠠᠷ᠎ᠠ ᠪᠠᠷ ᠪᠤᠳᠤᠵᠤ᠂ ᠰᠠᠷ᠎ᠠ ᠳᠤᠨᠢ ᠴᠠᠶᠢᠷᠠᠭᠤᠯᠬᠤ︾ ᠠᠷᠭ᠎ᠠ ᠶᠢ ᠬᠡᠷᠡᠭᠯᠡᠨ᠂ ᠨᠥᠬᠦᠴᠡᠯ ᠳᠤ ᠨᠡᠶᠢᠴᠡᠪᠡᠯ᠂ ᠡᠯ᠎ᠡ ᠭᠠᠵᠠᠷ ᠤᠨ  ᠬᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠲᠣᠭᠲᠠᠭᠠᠭᠰᠠᠨ ᠤ ᠳᠠᠷᠠᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠢ ᠳᠤᠨᠢ ᠡᠬᠢᠯᠡᠭᠦᠯᠬᠦ ᠶᠢᠨ ᠬᠠᠮᠲᠤ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭᠠᠬᠢ 20 ᠠᠵᠢᠯ ᠤᠨ ᠡᠳᠦᠷ ᠳᠣᠲᠣᠷ᠎ᠠ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠣᠯᠭᠤᠬᠤ ᠠᠵᠢᠯ ᠢ ᠪᠡᠶᠡᠯᠡᠭᠦᠯᠬᠦ  ᠪᠠᠷ ᠪᠠᠶᠢᠨ᠎ᠠ᠃ 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ