​ ᠥᠪᠥᠷ ᠮᠣᠩᠭᠤᠯ ᠤᠨ 6 ᠠᠶᠢᠮᠠᠭ ᠬᠤᠲᠠ ᠬᠦᠴᠢᠷᠳᠡᠯᠲᠡᠶ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠪᠠ
ᠨᠡᠶᠢᠲᠡᠯᠡᠭᠰᠡᠨ ᠴᠠᠭ᠄
2022/11/8
     ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠪᠠᠷᠠᠭᠠᠨ ᠤ ᠦᠨ᠎ᠡ ᠬᠠᠩᠰᠢ ᠶᠢᠨ ᠥᠰᠥᠯᠲᠡ ᠠᠴᠠ ᠬᠦᠴᠢᠷᠳᠡᠯᠲᠡᠶ ᠣᠯᠠᠨ  ᠲᠦᠮᠡᠨ ᠤ  ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ ᠨᠠᠮᠳᠠᠭᠤᠯᠬᠤ ᠶᠢᠨ  ᠲᠥᠯᠥᠭᠡ᠂  1 ᠠᠴᠠ  9  ᠳ᠋ᠤᠭᠡᠷ  ᠰᠠᠷ᠎ᠠ ᠪᠣᠯᠲᠠᠯ᠎ᠠ᠂ ᠥᠪᠥᠷ ᠮᠣᠩᠭᠤᠯ ᠤᠨ 6 ᠠᠶᠢᠮᠠᠭ ᠬᠤᠲᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂  ᠣᠨᠴᠠ  ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ  ᠲᠡᠵᠢᠭᠡᠬᠦ  ᠬᠥᠮᠦᠨ  ᠥᠬᠡᠶ  ᠬᠡᠦᠬᠡᠳ  ᠵᠡᠷᠭᠡ  ᠬᠦᠴᠢᠷᠳᠡᠯᠲᠡᠶ ᠣᠯᠠᠨ ᠲᠦᠮᠡᠨ ᠳᠤ ᠨᠡᠶᠢᠲᠡ 2947 . 6 ᠲᠦᠮᠡᠨ ᠲᠥᠭᠦᠷᠢᠭ ᠤᠨ ᠦᠨ᠎ᠡ ᠬᠠᠩᠰᠢ ᠶᠢᠨ  ᠲᠦᠷ  ᠴᠠᠭ ᠤᠨ  ᠨᠥᠬᠦᠪᠥᠷᠢ ᠮᠥᠩᠭᠦ ᠣᠯᠭᠤᠵᠤ᠂ 163 . 9 ᠲᠦᠮᠡᠨ ᠬᠥᠮᠦᠨ  ︵ᠤᠳᠠᠭ᠎ᠠ︶  ᠠᠰᠢᠭ ᠭᠥᠷᠳᠡᠵᠡᠶ᠃  ᠦᠨ᠎ᠡ  ᠬᠠᠩᠰᠢ ᠶᠢᠨ  ᠲᠦᠷ  ᠴᠠᠭ ᠤᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ 6 ᠠᠶᠢᠮᠠᠭ ᠬᠤᠲᠠ ᠨᠢ ᠲᠣᠰ ᠲᠣᠰ ᠄  ᠪᠤᠭᠤᠲᠤ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂  ᠣᠷᠳᠣᠰ  ᠬᠤᠲᠠ ᠪᠣᠯᠤᠨ᠎ᠠ᠃              ᠣᠳᠣᠬᠠᠨ ᠳᠤ᠂ ᠥᠪᠥᠷ  ᠮᠣᠩᠭᠤᠯ ᠤᠨ  ᠦᠨ᠎ᠡ  ᠬᠠᠩᠰᠢ ᠶᠢᠨ  ᠲᠦᠷ  ᠴᠠᠭ ᠤᠨ  ᠨᠥᠬᠦᠪᠥᠷᠢ ᠶᠢᠨ  ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠡᠬᠢᠯᠡᠭᠦᠯᠵᠦ᠂  ︽ᠰᠠᠷ᠎ᠠ ᠪᠠᠷ ᠲᠥᠰᠦᠭᠡᠯᠡᠨ ᠪᠤᠳᠤᠬᠤ᠂ ᠰᠠᠷ᠎ᠠ ᠪᠠᠷ ᠣᠯᠭᠤᠬᠤ︾ ᠠᠷᠭ᠎ᠠ ᠶᠢ ᠠᠪᠴᠤ᠂ ᠨᠥᠬᠦᠴᠡᠯ ᠳᠤ ᠬᠦᠷᠦᠭᠰᠡᠨ ᠪᠠᠶᠢᠪᠠᠯ᠂ ᠡᠯ᠎ᠡ ᠭᠠᠵᠠᠷ ᠤᠳ ᠲᠣᠭᠲᠠᠭᠠᠭᠰᠠᠨ ᠦᠨ᠎ᠡ ᠬᠠᠩᠰᠢ ᠶᠢᠨ ᠭᠦᠢᠴᠡᠳᠭᠡᠯ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠬᠦ ᠶᠢᠨ ᠬᠠᠮᠲᠤ᠂ ᠬᠦᠢᠴᠡᠳᠬᠡᠯ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠲᠡᠢ ᠭᠡᠵᠠᠢ᠃   
ᠢᠷᠡᠯᠲᠡ᠄ ᠠᠷᠠᠳ ᠤᠨ ᠰᠦᠯᠵᠢᠶ᠎ᠡ