| ᠡᠨᠡ ᠵᠢᠯ ᠠᠴᠠ ᠨᠠᠭᠠᠰᠢ᠂ ᠪᠥᠬᠦ ᠬᠤᠲᠠ ᠪᠠᠷ ᠢᠶᠠᠨ ︽ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ︾ | ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠦᠲᠦᠮᠵᠢᠲᠡᠶ ᠪᠠᠯᠠ ᠣᠷᠣᠭᠤᠯᠤᠯᠲᠠ ᠶᠢ ᠠᠷᠭ᠎ᠠ | ᠪᠦᠬᠦᠨ ᠢ ᠰᠦᠪᠡᠭᠴᠢᠯᠡᠨ ᠨᠡᠮᠡᠭᠳᠡᠬᠦᠯᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ ᠪᠠᠶᠢᠨ᠎ᠠ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠵᠦ᠂ ᠲᠦᠷᠦᠭᠦᠤ ᠰᠠᠷ᠎ᠠ ᠶᠢᠨ ᠬᠢ ᠠᠴᠠ ᠵᠠᠭᠤᠨ ᠤ | ᠬᠤᠪᠢ ᠶᠢᠨ ᠬᠠᠷᠢᠴᠡᠯ ᠢᠶᠠᠷ 0.1 ᠲᠡᠭᠡᠭᠰᠢᠯᠡᠵᠤ᠂ ᠪᠥᠬᠦ ᠣᠷᠣᠨ ᠤ ᠳᠥᠷᠪᠡᠳᠦᠭᠡᠷ ᠲᠤ ᠵᠢᠭᠰᠠᠭᠠᠭᠳᠠᠵᠠᠶ᠃ | ᠭᠤᠷᠪᠠᠨ ᠠᠵᠤ ᠦᠢᠯᠡᠰ ᠤᠨ ᠲᠠᠯ᠎ᠠ ᠪᠠᠷ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 22.6% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 34.7% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠵᠦ᠂ ᠭᠤᠷᠪᠠᠨ ᠠᠵᠤ ᠦᠢᠯᠡᠰ ᠤᠨ ᠪᠠᠯᠠ | ᠣᠷᠣᠭᠤᠯᠤᠯᠲᠠ ᠴᠥᠮ ᠨᠡᠮᠡᠭᠳᠡᠭᠰᠡᠨ ᠪᠠᠶᠢᠨ᠎ᠠ᠃ ᠠᠵᠤ ᠦᠢᠯᠡᠳᠪᠦᠷᠢ ᠪᠣᠯᠤᠨ ᠠᠵᠤ ᠦᠢᠯᠡᠳᠪᠦᠷᠢ ᠶᠢᠨ | ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠠᠯ᠎ᠠ ᠪᠠᠷ᠂ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.2% ᠢᠶᠠᠷ ᠨᠡᠮᠡᠭᠳᠡᠵᠦ᠂ ᠪᠦᠬᠦ ᠬᠤᠳᠠ ᠶᠢᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 3.7 ᠦᠨᠳᠦᠷ ᠪᠤᠯᠵᠤ᠂ ᠴᠢᠨᠠᠷ ᠰᠠᠶᠢᠲᠠᠢ | ᠴᠠᠬᠢᠭᠤᠷ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ ᠶᠢᠨ ᠮᠡᠷᠭᠡᠵᠢᠯ ᠢ ᠲᠡᠰ ᠲᠡᠪᠰᠢᠭᠦᠯᠤᠨ ᠥᠭᠡᠷᠡᠴᠢᠯᠡᠬᠦ ᠵᠡᠷᠭᠡ | ᠲᠦᠷᠦᠯ ᠵᠦᠢᠯ ᠢᠶᠠᠷ ᠲᠠᠢᠴᠢᠯᠠᠵᠦ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠵᠦ᠂ ᠨᠡᠯᠢᠶᠡᠳ ᠲᠦᠷᠭᠡᠨ ᠨᠡᠮᠡᠭᠳᠡᠯ ᠢ | ᠪᠡᠶᠡᠯᠡᠭᠦᠯᠵᠡᠢ᠃ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43. | 4% ᠪᠠᠷ ᠨᠡᠮᠡᠭᠳᠡᠪᠡ᠂ ᠡᠭᠦᠨ ᠳᠤ᠂ ᠴᠢᠮᠡᠭᠡ ᠵᠠᠩᠭᠢ ᠲᠡᠮᠵᠢᠭᠤᠯᠬᠤ ᠵᠥᠭᠡᠯᠡᠨ ᠲᠣᠨᠤᠭ ᠪᠠ ᠴᠢᠮᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠪᠠ ᠴᠠᠬᠢᠯᠭᠠᠨ ᠬᠦᠴᠦᠨ ᠢᠯᠴᠢ ᠶᠢᠨ ᠬᠦᠴᠦᠨ ᠪᠠᠶᠢᠭᠠᠯᠢ ᠶᠢᠨ ᠰᠢᠲᠠᠮᠠᠬᠠᠶ | ᠬᠡᠶ ᠵᠢᠴᠢ ᠤᠰᠤᠨ ᠤ ᠦᠢᠯᠡᠳᠪᠤᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠨᠡᠯᠢᠶᠡᠳ ᠲᠦᠷᠭᠡᠨ ᠪᠤᠯᠵᠡᠢ᠃ | ᠴᠢᠬᠤᠯᠠ ᠶᠡᠭᠡ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠲᠠᠯ᠎ᠠ ᠪᠠᠷ᠂ ᠪᠥᠬᠦ ᠬᠤᠲᠠ ᠶᠢᠨ ᠶᠡᠷᠦᠩᠬᠡᠶ ᠪᠠᠯᠠ | ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠦᠳᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ | ᠨᠡᠶᠢᠲᠡ 339 ᠪᠠᠶᠢᠵᠤ᠂ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 29.7% ᠪᠠᠷ | ᠨᠡᠮᠡᠭᠳᠡᠵᠦ᠂ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃ ᠴᠠᠬᠢᠯᠭᠠᠨ ᠬᠦᠴᠦᠨ ᠢᠯᠴᠢ ᠶᠢᠨ ᠬᠦᠴᠦᠨ ᠤ | ᠦᠢᠯᠡᠳᠪᠦᠷᠢᠯᠡᠯ ᠪᠣᠯᠤᠨ ᠬᠠᠩᠭᠠᠯᠭ᠎ᠠ ᠶᠢᠨ ᠦᠢᠯᠡᠰ ᠤᠨ ᠭᠦᠴᠦᠳᠡᠢ ᠲᠠᠶᠢᠴᠢᠯᠠᠯ ᠲᠤᠤᠷ᠎ᠠ᠂ ᠰᠢᠨ᠎ᠡ ᠡᠨᠧᠷᠭᠢ ᠶᠢᠨ | ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 129.8% ᠪᠠᠷ | ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 12.5 | ᠲᠠᠶᠢᠴᠢᠯᠡᠵᠤ᠂ ᠡᠭᠦᠨ ᠳᠤ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ᠂ ᠰᠠᠯᠬᠢᠨ ᠬᠦᠴᠦᠨ ᠤ ᠴᠠᠬᠢᠯᠭᠠᠨ | ᠭᠠᠷᠭᠠᠯᠲᠠ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ 85.7%᠂ 176. | 4% ᠪᠠᠷ ᠨᠡᠮᠡᠭᠳᠡᠵᠡᠢ᠃ | |