| ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 22 ᠤᠨ ᠡᠳᠦᠷ 2021 ᠣᠨ ᠤ ᠳᠥᠷᠪᠡᠳᠦᠭᠡᠷ ᠤᠯᠠᠷᠢᠯ ᠤᠨ 100 | ᠵᠦᠢᠯ ᠤᠨᠠᠵᠢᠯ ᠮᠡᠷᠭᠡᠵᠢᠯ ᠤᠨ ᠵᠢᠭᠰᠠᠭᠠᠯᠲᠠ ᠶᠢ ᠨᠡᠶᠢᠲᠡᠯᠡᠪᠡ᠂ ᠡᠭᠦᠨ ᠳᠤ ᠡᠵᠡᠩᠨᠡᠨ ᠪᠣᠷᠣᠯᠠᠭᠤᠯᠤᠭᠴᠢ᠂ ᠬᠤᠭᠤᠯᠠᠨ ᠬᠡᠷ ᠤᠨ ᠦᠢᠯᠡᠴᠢᠯᠡᠭᠴᠢ᠂ ᠲᠠᠸᠠᠷ | ᠡᠵᠡᠩᠨᠡᠭᠴᠢ᠂ ᠵᠤᠷᠭᠤᠬᠤ ᠠᠵᠢᠯᠴᠢᠨ᠂ ᠬᠡᠷ ᠠᠬᠤᠢ ᠶᠢᠨ ᠦᠢᠯᠡᠴᠢᠯᠡᠭᠴᠢ᠂ ᠠᠮᠤᠷ ᠢ ᠬᠠᠮᠠᠭᠠᠯᠠᠭᠴᠢ᠂ ᠪᠣᠭᠤᠳᠠᠯᠯᠠᠬᠤ ᠠᠵᠢᠯᠴᠢᠨ᠂ ᠬᠡᠷᠡᠭᠯᠡᠭᠴᠢ ᠶᠢᠨ ᠦᠢᠯᠴᠢᠯᠡᠭᠡ | ᠬᠠᠮᠢᠶᠠᠷᠤᠭᠴᠢ᠂ ᠴᠡᠪᠡᠷᠯᠡᠭᠴᠢ᠂ ᠲᠦᠷᠭᠡᠨ ᠬᠦᠷᠭᠡᠭᠴᠢ ᠵᠡᠷᠭᠡ ᠠᠵᠢᠯ ᠤᠨ ᠪᠠᠶᠢᠷᠢ ᠡᠮᠦᠨ᠎ᠡ ᠠᠷᠪᠠ ᠳᠤ ᠵᠢᠭᠰᠠᠭᠠᠭᠳᠠᠵᠠᠢ᠃ | ᠳᠡᠭᠡᠷ᠎ᠡ ᠨᠢᠭᠡ ᠬᠤᠭᠤᠴᠠᠭ᠎ᠠ ᠲᠠᠢ ᠬᠠᠷᠢᠴᠠᠭᠤᠯᠪᠠᠯ ᠡᠮᠦᠨ᠎ᠡ ᠠᠷᠪᠠᠨ ᠠᠵᠢᠯ ᠵᠢᠭᠠᠬᠠᠨ ᠬᠤᠪᠢᠷᠠᠯᠲᠠ ᠲᠠᠢ᠃ ᠲᠣᠰ ᠬᠤᠭᠤᠴᠠᠭᠠᠨ ᠳᠤ ᠵᠤᠷᠭᠤᠬᠤ | ᠠᠵᠢᠯᠴᠢᠨ᠂ ᠪᠣᠭᠤᠳᠠᠯᠯᠠᠬᠤ ᠠᠵᠢᠯᠴᠢᠨ ᠡᠮᠦᠨ᠎ᠡ ᠠᠷᠪᠠ ᠳᠤ ᠣᠷᠣᠵᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠤᠰᠬᠠᠶ ᠮᠡᠷᠭᠡᠵᠢᠯ ᠤᠨ ᠠᠵᠢᠯᠲᠠᠨ᠂ | ᠭᠠᠩᠨᠠᠭᠤᠷᠴᠢᠨ ᠡᠮᠦᠨ᠎ᠡ ᠠᠷᠪᠠ ᠠᠴᠠ ᠤᠬᠤᠷᠢᠨ ᠭᠠᠷᠴᠠᠢ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ | ᠂ ᠲᠣᠰ ᠬᠤᠭᠤᠴᠠᠭᠠᠨ ᠤ ᠵᠢᠭᠰᠠᠭᠠᠯᠲᠠ ᠳᠤ ᠢᠯᠡᠷᠡᠭᠦᠯᠦᠭᠰᠡᠨ ᠨᠢ᠂ ᠦᠢᠯᠡᠳᠬᠦ ᠠᠵᠦ ᠦᠢᠯᠡᠰ ᠤᠨ ᠠᠵᠢᠯᠴᠢᠨ ᠳᠤᠲᠠᠭᠳᠠᠵᠤ ᠪᠠᠶᠢᠭ᠎ᠠ ᠪᠠᠶᠢᠳᠠᠯ ᠦᠷᠭᠦᠯᠵᠢᠵᠦ᠂ | ᠣᠶᠤᠨᠴᠢ ᠦᠢᠯᠡᠳᠬᠦ ᠠᠵᠦ ᠦᠢᠯᠡᠰ ᠤᠨ ᠬᠦᠷᠢᠶᠡᠨ ᠳᠤ ᠠᠵᠢᠯᠴᠢᠨ ᠲᠤᠲᠠᠬᠲᠠᠬᠤ ᠲᠤᠭ᠎ᠠ ᠬᠡᠮᠵᠢᠶ᠎ᠡ ᠨᠡᠮᠡᠭᠳᠡᠵᠦ ᠪᠠᠶᠢᠨ᠎ᠠ᠃ 100 ᠵᠦᠢᠯ ᠤᠨ ᠠᠵᠢᠯ | ᠮᠡᠷᠭᠡᠵᠢᠯ ᠤᠨ ᠲᠠᠷᠬᠠᠯᠲᠠ ᠠᠴᠠ ᠦᠵᠡᠪᠡᠯ᠂ 43 ᠵᠦᠢᠯ ᠤᠨ ᠦᠢᠯᠡᠳᠪᠤᠷᠢᠯᠡᠬᠦ ᠪᠠ ᠦᠢᠯᠡᠳᠬᠦ ᠠᠵᠢᠯ ᠲᠦᠷᠦᠯ ᠳᠤ ᠬᠠᠷᠢᠶᠠᠯᠠᠬᠲᠠᠨᠠ᠂ 2019 ᠣᠨ ᠤ | ᠭᠤᠷᠪᠠᠳᠤᠭᠠᠷ ᠤᠯᠠᠷᠢᠯ ᠳᠤ ᠲᠣᠰ ᠵᠢᠭᠰᠠᠭᠠᠯᠲᠠ ᠶᠢ ᠨᠡᠶᠢᠲᠡᠯᠡᠭᠰᠡᠨ ᠠᠴᠠ ᠨᠠᠰᠢ᠂ ᠦᠢᠯᠡᠳᠬᠦ ᠠᠵᠦ ᠦᠢᠯᠡᠰ ᠤᠨ ᠠᠵᠢᠯ ᠮᠡᠷᠭᠡᠵᠢᠯ ᠤᠨ ᠡᠵᠡᠯᠡᠬᠦ ᠬᠠᠷᠢᠴᠠᠯ | ᠨᠡᠯᠢᠶᠡᠳ ᠥᠨᠳᠥᠷ ᠪᠠᠶᠢᠨ᠎ᠠ︔ ᠮᠠᠰᠢᠨ ᠲᠡᠷᠭᠡᠨ ᠤ ᠦᠢᠯᠡᠳᠪᠤᠷᠢᠯᠡᠯ ᠬᠡᠷᠡᠭᠯᠡᠭᠡᠨ ᠤ ᠬᠦᠷᠢᠶᠡᠨ ᠳᠠᠬᠢ ᠠᠵᠢᠯᠴᠢᠨ ᠬᠡᠷᠡᠭᠯᠡᠬᠦ ᠬᠡᠷᠡᠭᠴᠡᠭᠡ ᠶᠡᠭᠡ ᠪᠠᠷ ᠨᠡᠮᠡᠭᠳᠡᠵᠦ᠂ | ᠮᠠᠰᠢᠨ ᠲᠡᠷᠭᠡᠨ ᠤ ᠰᠡᠯᠪᠢᠭ ᠲᠣᠨᠤᠭ ᠳᠠᠬᠢᠨ ᠦᠢᠯᠡᠳᠬᠦ ᠠᠵᠢᠯᠴᠢᠨ᠂ ᠮᠠᠰᠢᠨ ᠲᠡᠷᠭᠡᠨ ᠤ ᠴᠢᠮᠡᠭᠯᠡᠯ ᠤᠨ ᠲᠣᠨᠤᠭ ᠦᠢᠯᠡᠳᠬᠦ ᠠᠵᠢᠯᠴᠢᠨ᠂ ᠮᠠᠰᠢᠨ ᠲᠡᠷᠭᠡ | ᠰᠡᠯᠪᠢᠨ ᠵᠠᠰᠠᠬᠤ ᠠᠵᠢᠯᠴᠢᠨ ᠵᠡᠷᠭᠡ ᠠᠵᠢᠯ ᠮᠡᠷᠭᠡᠵᠢᠯ ᠰᠢᠨ᠎ᠡ ᠵᠢᠭᠰᠠᠭᠠᠯᠲᠠ ᠳᠤ ᠣᠷᠣᠪᠠ︔ ᠣᠶᠤᠨᠴᠢ ᠦᠢᠯᠡᠳᠬᠦ ᠠᠵᠦ ᠦᠢᠯᠡᠰ ᠤᠨ ᠬᠦᠷᠢᠶᠡᠨ ᠳᠠᠬᠢ ᠣᠯᠠᠨ | ᠠᠵᠢᠯ ᠤᠨ ᠳᠠᠷᠠᠭᠠᠯᠠᠯ ᠲᠠᠢ ᠲᠤᠭᠠᠴᠢᠯᠠᠭᠰᠠᠨ ᠡᠵᠡᠮᠰᠢᠯᠲᠦ ᠰᠠᠭᠤᠷᠢ ᠮᠠᠰᠢᠨ ᠤ ᠠᠵᠢᠯᠯᠠᠭᠤᠯᠬᠤ ᠶᠢ ᠲᠣᠬᠢᠷᠠᠭᠤᠯᠬᠤ ᠠᠵᠢᠯᠴᠢᠨ᠂ ᠠᠵᠤ ᠦᠢᠯᠡᠳᠪᠤᠷᠢ ᠶᠢᠨ | ᠮᠠᠰᠢᠨ ᠬᠥᠮᠦᠨ ᠤ ᠰᠢᠰᠲ᠋ᠧᠮ ᠤᠨ ᠠᠵᠢᠯᠯᠠᠭᠴᠢ ᠵᠡᠷᠭᠡ ᠠᠵᠢᠯ ᠮᠡᠷᠭᠡᠵᠢᠯ ᠤᠨ ᠵᠢᠭᠰᠠᠭᠠᠯᠲᠠ ᠳᠡᠭᠡᠭᠰᠢᠯᠡᠵᠦ᠂ ᠠᠵᠢᠯᠴᠢᠨ ᠲᠤᠲᠠᠬᠲᠠᠬᠤ ᠲᠤᠭ᠎ᠠ ᠬᠡᠮᠵᠢᠶ᠎ᠡ ᠨᠡᠮᠡᠭᠳᠡᠵᠦ | ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠵᠢᠭᠰᠠᠭᠠᠯᠲᠠ ᠨᠢ ᠪᠥᠬᠦ ᠤᠯᠤᠰ ᠤᠨ ᠴᠡᠭ ᠲᠣᠭᠲᠠᠭᠠᠨ ᠬᠢᠨᠠᠨ ᠬᠡᠮᠵᠢᠬᠦ 102ᠬᠤᠲᠠ ᠶᠢᠨ ᠣᠯᠠᠨ ᠨᠡᠶᠢᠲᠡ ᠶᠢᠨ | ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠵᠢᠯᠲᠠᠨ | ᠡᠯᠰᠡᠬᠦ᠂ ᠠᠵᠢᠯ ᠡᠷᠢᠬᠦ ᠲᠤᠭ᠎ᠠ ᠪᠠᠷᠢᠮᠲᠠ ᠠᠴᠠ ᠢᠷᠡᠯᠲᠡ ᠲᠠᠢ᠂ ᠪᠣᠳᠠᠲᠠᠶ ᠨᠡᠷᠡᠰ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠤ ᠠᠯᠪᠠᠨ ᠰᠦᠯᠵᠢᠶ᠎ᠡ ᠠᠴᠠ ᠪᠠᠶᠢᠴᠠᠭᠠᠨ ᠯᠠᠪᠯᠠᠵᠤ ᠪᠣᠯᠤᠨ᠎ᠠ᠃ | | | |