​  ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠳᠤ ᠭᠤᠣᠯᠳᠠᠭᠤ ᠶᠠᠭᠤ ᠶᠢ ᠳᠣᠷᠠᠳᠣᠭᠰᠠᠨ ᠪᠣᠢ︖
ᠨᠡᠶᠢᠲᠡᠯᠡᠭᠰᠡᠨ ᠴᠠᠭ᠄
2022/11/8
       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠠᠷᠤᠮᠠᠯᠯᠠᠨ ᠲᠠᠷᠬᠠᠭᠠᠭᠰᠠᠨ  ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠨᠢ ᠨᠡᠶᠢᠲᠡ 6 ᠪᠦᠯᠦᠭ 50 ᠵᠤᠷᠪᠤᠰ ᠲᠠᠢ᠂ ᠡᠨᠡᠬᠦ ᠲᠦᠷᠢᠮ ᠢ ᠡᠨᠡ ᠵᠢᠯ ᠤᠨ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ  ᠪᠠᠷ ᠪᠣᠢ᠃                   ᠲᠦᠷᠢᠮ ᠳᠤ᠂ ᠣᠯᠠᠨ ᠲᠦᠮᠡᠨ ᠤ ᠰᠠᠨᠠᠯ ᠢ ᠰᠣᠨᠣᠰᠴᠤ᠂ ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ  ᠠᠩᠬᠠᠷᠤᠨ ᠬᠠᠯᠠᠮᠵᠢᠯᠠᠬᠤ ᠶᠢᠨ ᠬᠠᠮᠲᠣ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ  ᠵᠠᠬᠢᠳᠠᠯ  ᠰᠤᠷᠪᠤᠯᠵᠢᠯᠠᠭ᠎ᠠ  ᠬᠢᠭᠰᠡᠳ  ᠲᠤ ᠴᠣᠬᠢᠯᠲᠠ ᠥᠭᠴᠦ ᠪᠣᠯᠬᠤ ᠦᠭᠡᠶ᠃  ᠵᠠᠬᠢᠳᠠᠯ  ᠰᠤᠷᠪᠤᠯᠵᠢᠯᠠᠭ᠎ᠠ  ᠬᠢᠭᠰᠡᠳ  ᠪᠣᠳᠠᠲᠤ  ᠬᠡᠷᠡᠭ ᠢ  ᠭᠠᠵᠢᠭᠤᠳᠠᠭᠤᠯᠬᠤ  ᠪᠣᠶᠣ ᠪᠤᠰᠤᠳ ᠢ ᠭᠦᠳᠬᠡᠵᠦ ᠪᠣᠯᠬᠤ ᠦᠭᠡᠢ︔ ᠣᠯᠠᠨ ᠬᠥᠮᠦᠨ ᠤ ᠵᠠᠬᠢᠳᠠᠯ ᠰᠣᠷᠪᠣᠯᠵᠢᠯᠠᠭ᠎ᠠ ᠳᠤ ᠣᠷᠣᠯᠴᠠᠬᠤ ᠬᠦᠮᠦᠨ ᠤ ᠲᠤᠭ᠎ᠠ 5 ᠠᠴᠠ ᠬᠡᠲᠦᠷᠡᠵᠦ ᠪᠣᠯᠬᠤ ᠦᠭᠡᠶ︔ ᠵᠠᠬᠢᠳᠠᠯ ᠰᠤᠷᠪᠤᠯᠵᠢᠯᠠᠭ᠎ᠠ ᠬᠢᠭᠰᠡᠳ ᠪᠠᠶᠢᠭᠤᠯᠭ᠎ᠠ ᠨᠢᠭᠡᠴᠢ ᠶᠢᠨ ᠡᠷᠬᠢᠨ ᠲᠣᠭᠤᠷᠢᠨ᠂ ᠤᠯᠠᠨ‌ᠨᠡᠶᠢᠲᠡ ᠶᠢᠨ ᠲᠠᠯᠠᠪᠤᠷ ᠲᠤ ᠬᠠᠤᠯᠢ ᠪᠤᠰᠤ ᠪᠠᠷ ᠴᠤᠭᠯᠠᠷᠠᠬᠤ᠂ ᠠᠯᠪᠠᠨ ᠤ ᠲᠡᠷᠭᠡ ᠬᠥᠰᠬᠡ ᠪᠣᠶᠣ ᠵᠠᠮ ᠬᠠᠷᠢᠯᠴᠠᠭ᠎ᠠ ᠶᠢ ᠬᠠᠰᠢᠵᠦ ᠪᠣᠯᠬᠤ ᠦᠬᠡᠢ︔ ᠠᠶᠤᠯᠲᠠᠶ ᠪᠣᠳᠠᠰ ᠵᠡᠷᠭᠡ ᠶᠢ ᠪᠡᠶ᠎ᠡ ᠳᠡᠭᠡᠨ ᠠᠪᠴᠤ ᠶᠠᠪᠤᠵᠦ ᠪᠣᠯᠬᠤ ᠦᠬᠡᠢ︔  ᠪᠠᠶᠢᠭᠤᠯᠭ᠎ᠠ  ᠨᠢᠭᠡᠴᠢ  ᠶᠢᠨ ᠠᠵᠢᠯᠳᠡᠠ ᠢ ᠭᠤᠲᠤᠭᠠᠬᠤ᠂ ᠵᠣᠳᠣᠬᠤ᠂ ᠰᠦᠷᠳᠡᠭᠦᠯᠬᠦ ᠪᠤᠶᠤ ᠡᠳ᠋  ᠬᠤᠭᠰᠢᠯ  ᠢ  ᠡᠪᠳᠡᠨ  ᠰᠦᠢᠳᠬᠡᠵᠦ  ᠪᠣᠯᠬᠤ ᠦᠬᠡᠢ︔ ᠪᠤᠰᠤᠳ ᠢ ᠥᠳᠥᠭᠡᠬᠦ᠂  ᠪᠤᠰᠤᠳ ᠲᠠᠢ ᠰᠦᠯᠪᠡᠭᠡᠯᠡᠬᠦ᠂ ᠪᠤᠰᠤᠳ ᠢ  ᠰᠦᠷᠳᠡᠭᠦᠯᠬᠦ  ᠪᠣᠶᠣ  ᠵᠠᠬᠢᠳᠠᠯ  ᠰᠤᠷᠪᠤᠯᠵᠢᠯᠠᠭ᠎ᠠ ᠶᠢᠨ ᠨᠡᠷ᠎ᠡ ᠪᠠᠷ ᠡᠳ᠋ ᠠᠰᠢᠭ ᠬᠤᠷᠢᠶᠠᠵᠦ ᠪᠣᠯᠬᠤ ᠦᠬᠡᠢ︔ ᠤᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠬᠤ ᠪᠤᠶᠤ ᠤᠯᠤᠰ ᠣᠷᠣᠨ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠬᠠᠷᠰᠢᠯᠠᠬᠤ ᠠᠵᠢᠯᠯᠠᠭ᠎ᠠ ᠨᠤᠭᠤᠳ ᠢ ᠬᠢᠵᠦ ᠪᠣᠯᠬᠤ ᠦᠬᠡᠢ ᠭᠡᠵᠦ ᠲᠣᠲᠣᠷᠬᠠᠢ ᠲᠣᠭᠲᠠᠭᠠᠪᠠ᠃               ᠲᠦᠷᠢᠮ ᠳᠤ ᠪᠠᠰᠠ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠰᠢᠢᠳᠪᠦᠷᠢᠯᠡᠬᠦ ᠳᠤ ᠠᠯᠪᠠᠨ ᠵᠠᠭᠠᠯᠳᠣᠯᠭ᠎ᠠ ᠪᠠ  ᠵᠠᠬᠢᠳᠠᠯ ᠰᠤᠷᠪᠤᠯᠵᠢᠯᠠᠭ᠎ᠠ ᠶᠢ ᠰᠠᠯᠭᠠᠵᠦ᠂ ᠳᠣᠷᠠᠳᠣᠭᠰᠠᠨ ᠰᠠᠨᠠᠯ ᠰᠠᠨᠠᠭᠤᠯᠭ᠎ᠠ ᠨᠢ ᠠᠵᠢᠯ ᠳᠤ ᠢᠳᠡᠪᠬᠢ ᠬᠤᠪᠢ ᠨᠡᠮᠡᠷᠢ ᠦᠵᠡᠭᠦᠯᠦᠭᠰᠡᠨ ᠪᠣᠯ ᠱᠠᠩᠨᠠᠨ ᠬᠦᠬᠢᠬᠦᠯᠦᠨ᠎ᠡ︔ ᠢᠯᠡᠴᠢᠯᠡᠭᠰᠡᠨ ᠮᠠᠲ᠋ᠧᠷᠢᠶᠠᠯ ᠢ ᠢᠯᠡᠴᠢᠯᠡᠭᠳᠡᠭᠰᠡᠨ ᠡᠲᠡᠭᠡᠳ ᠲᠤ ᠰᠢᠯᠵᠢᠭᠦᠯᠦᠨ ᠥᠭᠴᠦ  ᠪᠣᠯᠬᠤ ᠦᠭᠡᠶ︔ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 60  ᠡᠳᠦᠷ ᠤᠨ  ᠳᠣᠲᠣᠷ᠎ᠠ ᠰᠢᠢᠳᠪᠦᠷᠢᠯᠡᠵᠦ ᠳᠠᠭᠤᠰᠬᠠᠬᠤ ᠬᠡᠷᠡᠭᠲᠡᠶ︔ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠰᠢᠢᠳᠪᠦᠷᠢᠯᠡᠬᠦ ᠠᠵᠢᠯ ᠢ ᠠᠷᠭᠠᠴᠠᠬᠤ ᠪᠣᠶᠣ ᠰᠢᠢᠳᠪᠦᠷᠢᠯᠡᠬᠦ ᠬᠤᠭᠤᠴᠠᠭ᠎ᠠ  ᠶᠢ ᠰᠠᠭᠠᠳᠠᠭᠠᠪᠠᠯ ᠬᠠᠷᠢᠭᠤᠴᠠᠯᠭ᠎ᠠ ᠨᠡᠬᠡᠮᠵᠢᠯᠡᠨ᠎ᠡ ᠭᠡᠪᠡ᠃             
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠤ᠋