ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 11 ᠳ᠋ᠦ᠋ᠭᠡᠷ ᠰᠠᠷ᠎ᠠ ᠶᠢᠨ 29 ᠤ ᠡᠳᠦᠷ ᠤᠨ | ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠶ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠂ ᠬᠠᠮᠲᠤ ᠪᠠᠷ ᠠᠩᠬᠠᠷᠴᠠᠭᠠᠶ᠎ᠠ︕ | ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ | ᠤᠷᠳᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠲᠤᠶᠢᠯ ᠤᠨ ᠶᠡᠭᠡ ᠪᠠᠷ | ᠨᠥᠯᠥᠭᠡᠯᠡᠬᠦ ᠪᠠᠷ ᠪᠠᠷᠠᠬᠤ ᠦᠭᠡᠢ ᠠᠮᠠᠷᠬᠠᠨ ᠪᠤᠬᠢᠨᠢᠳᠤᠬᠤ ᠰᠡᠳᠬᠢᠯᠭᠡ ᠶᠢ ᠡᠭᠦᠰᠬᠡᠵᠦ᠂ ᠠᠮᠢᠳᠤᠷᠠᠯ ᠤᠨ ᠬᠦᠴᠢᠷᠳᠡᠯ ᠢ ᠪᠤᠢ ᠪᠣᠯᠭᠠᠳᠠᠭ᠃ ᠡᠶᠢᠮᠦᠷᠬᠦᠦ ᠪᠠᠶᠢᠳᠠᠯ ᠢ | ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ᠃ ᠡᠶᠢᠮᠦ ᠠᠴᠠ᠂ ᠡᠯ᠎ᠡ ᠭᠠᠵᠠᠷ ᠤᠨ ᠬᠢᠨ ᠥᠨᠳᠥᠷ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ | ᠬᠤᠪᠢᠶᠠᠷᠢᠯᠠᠬᠤ ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠦᠭᠰᠢᠭᠦᠷᠢᠲᠦ ᠣᠷᠣᠨ ᠢ ᠬᠤᠪᠢᠶᠠᠷᠢᠯᠠᠨ ᠲᠣᠭᠲᠠᠭᠠᠬᠤ ᠪᠠ | ᠬᠠᠮᠢᠶᠠᠷᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠵᠠᠷᠴᠢᠮ ᠳᠡᠭᠡᠷ᠎ᠡ ᠪᠠᠨ ᠥᠨᠳᠥᠷ ᠳᠡᠰ ᠤᠨ ᠲᠦᠭᠰᠢᠭᠦᠷᠢᠲᠦ ᠣᠷᠣᠨ ᠢ ᠡᠩ ᠤᠨ ᠪᠠᠶᠢᠳᠠᠯ ᠳᠤ ᠣᠷᠣᠴᠠ᠂ | ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ ᠬᠢᠵᠢᠭ ᠤᠨ ᠪᠠᠶᠢᠳᠠᠯ ᠤᠨ | ᠬᠠᠯᠳᠠᠪᠤᠷᠢᠯᠠᠬᠤ ᠲᠦᠭᠰᠢᠭᠦᠷᠢ ᠨᠢ ᠲᠣᠳᠣᠷᠬᠠᠢ ᠦᠭᠡᠢ ᠪᠤᠶᠤ ᠨᠡᠶᠢᠭᠡᠮ ᠲᠣᠭᠤᠷᠢᠭ ᠲᠤ ᠥᠷᠭᠡᠨ ᠢᠶᠠᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠶᠢᠭ᠎ᠠ ᠪᠠᠶᠢᠳᠠᠯ | ᠳᠣᠣᠷ᠎ᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ ᠪᠣᠯᠣᠨ᠎ᠠ᠂ | ᠭᠡᠬᠦ ᠳᠤ ᠪᠠᠨ ᠴᠠᠭ ᠲᠤᠬᠠᠢ ᠳᠤ ᠨᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ | ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ ᠬᠡᠷᠡᠭᠲᠡᠢ᠃ ᠲᠦᠭᠰᠢᠭᠦᠷᠢᠲᠦ ᠬᠥᠮᠥᠰ ᠢ ᠮᠠᠭᠠᠳᠯᠠᠨ ᠲᠣᠭᠲᠠᠭᠠᠬᠤ ᠳᠤ ᠪᠠᠨ ᠲᠤᠬᠠᠢ ᠶᠢᠨ ᠲᠠᠯᠠᠪᠤᠷ ᠤᠨ | ᠬᠠᠯᠳᠠᠪᠤᠷᠢᠲᠦ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ ᠪᠣᠯᠭᠠᠬᠤ ᠬᠡᠷᠡᠭᠲᠡᠢ᠂ ᠴᠠᠭ ᠬᠤᠭᠤᠴᠠᠭ᠎ᠠ ᠪᠠ ᠣᠷᠣᠨ ᠵᠠᠢ ᠶᠢᠨ ᠳᠠᠭᠠᠯᠲᠠ ᠪᠠᠷ ᠳᠠᠮᠵᠢᠭᠤᠯᠤᠨ | ᠬᠡᠪᠴᠢᠶ᠎ᠡ ᠶᠢ ᠨᠢ ᠥᠷᠭᠡᠳᠬᠡᠵᠦ᠂ ᠶᠡᠭᠡ ᠬᠡᠪᠴᠢᠶ᠎ᠡ ᠪᠠᠷ ︽ᠠᠳᠡᠭᠦᠷᠡᠨ ᠪᠢᠲᠡᠭᠦᠮᠵᠢᠯᠡᠵᠦ︾ ᠪᠣᠯᠬᠤ ᠦᠭᠡᠢ᠃ ᠬᠢᠵᠢᠭ ᠤᠨ ᠪᠠᠶᠢᠳᠠᠯ ᠠᠴᠠ ᠪᠣᠯᠵᠤ ᠣᠯᠠᠨ | ᠲᠦᠮᠡᠨ ᠳᠤ ᠶᠠᠷᠰᠢᠭ ᠲᠦᠪᠡᠭ ᠤᠴᠠᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠥᠨᠳᠥᠷ ᠳᠡᠰ ᠤᠨ ᠲᠦᠭᠰᠢᠭᠦᠷᠢᠲᠦ ᠣᠷᠣᠨ ᠢ | ᠴᠢᠩᠭ᠎ᠠ ᠬᠠᠮᠢᠶᠠᠷᠤᠨ ᠡᠵᠡᠮᠳᠡᠵᠦ᠂ ︽ᠭᠡᠷ ᠠᠴᠠ ᠪᠠᠨ ᠭᠠᠷᠬᠤ ᠦᠭᠡᠢ︾ ᠪᠠᠶᠢᠬᠤ ᠶᠢ ᠪᠡᠶᠡᠯᠡᠭᠦᠯᠬᠦ ᠪᠠᠷ ᠪᠠᠷᠠᠬᠤ ᠦᠭᠡᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠭᠦᠨ ᠤ ᠵᠡᠷᠭᠡ ᠳᠤ᠂ ᠪᠢᠲᠡᠭᠦᠮᠵᠢᠯᠡᠨ ᠡᠵᠡᠮᠳᠡᠬᠦ ᠪᠠ ᠲᠤᠰᠠᠭᠠᠷᠯᠠᠬᠤ ᠬᠥᠮᠥᠰ ᠢ ᠬᠥᠲᠥᠯᠥᠨ ᠵᠢᠯᠤᠭᠤᠳᠬᠤ ᠠᠵᠢᠯ ᠢ | ᠰᠠᠶᠢᠲᠤᠷ ᠬᠢᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠶ ᠬᠥᠮᠥᠰ ᠢ ᠬᠠᠯᠠᠮᠵᠢᠯᠠᠨ ᠬᠠᠪᠰᠤᠷᠬᠤ ᠡᠷᠴᠢᠮ ᠢᠶᠠᠨ ᠴᠢᠩᠭᠠᠷᠠᠭᠤᠯᠵᠤ | ᠂ ᠠᠷᠠᠳ ᠣᠯᠠᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠵᠠᠷᠯᠠᠨ ᠨᠡᠶᠢᠲᠡᠯᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ | ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠲᠦᠷᠭᠡᠨ ᠥᠷᠪᠢᠰᠬᠦ ᠬᠠᠨᠳᠤᠰᠢ ᠲᠠᠢ ᠪᠣᠯᠵᠤ᠂ ᠬᠢᠵᠢᠭ ᠤᠨ | ᠪᠠᠶᠢᠳᠠᠯ ᠤᠨ ᠬᠠᠮᠤᠷᠬᠤ ᠬᠡᠪᠴᠢᠶ᠎ᠡ ᠥᠷᠭᠡᠳᠴᠦ᠂ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠨᠡᠮᠡᠭᠳᠡᠬᠦ ᠠᠶᠤᠯ | ᠲᠦᠭᠰᠢᠭᠦᠷᠢ ᠢᠯᠡᠷᠡᠵᠦ᠂ ᠵᠠᠷᠢᠮ ᠭᠠᠵᠠᠷ ᠣᠷᠣᠨ ᠳᠤ ᠭᠤᠷᠪᠠᠨ ᠵᠢᠯ ᠤᠨ ᠲᠤᠷᠰᠢᠬᠢ ᠬᠠᠮᠤᠭ ᠤᠨ ᠪᠤᠳᠤᠯᠢᠶᠠᠨᠲᠠᠢ᠂ ᠬᠠᠮᠤᠭ ᠤᠨ ᠬᠦᠨᠳᠦ ᠨᠣᠴᠢᠲᠠᠢ ᠪᠠᠶᠢᠳᠠᠯ ᠳᠤ | ᠲᠤᠯᠭᠠᠷᠠᠵᠤ ᠪᠠᠶᠢᠨ᠎ᠠ᠃ | ᠤᠯᠤᠰ ᠤᠨ ︽ᠶᠢᠰᠦ ᠶᠢ ᠥᠯᠥ ᠵᠥᠪᠰᠢᠶᠡᠷᠡᠬᠦ︾ ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢᠶᠠᠷ ᠳᠡᠮᠵᠢᠨ ᠣᠶᠢᠯᠠᠭᠠᠭᠰᠠᠨ ᠢᠶᠠᠷ᠂ | ᠣᠳᠣᠬᠠᠨ ᠳᠤ ᠣᠯᠠᠨ ᠲᠦᠮᠡᠨ ᠤ ᠲᠤᠰᠬᠠᠭᠰᠠᠨ ᠭᠤᠣᠯ ᠠᠰᠠᠭᠤᠳᠠᠯ ᠳᠤ ᠡᠨᠡ ᠬᠡᠳᠦᠨ ᠲᠠᠯ᠎ᠠ ᠪᠠᠭᠲᠠᠨ᠎ᠠ᠄ ᠨᠢᠭᠡ ᠳᠤ᠂ ᠵᠠᠷᠢᠮ ᠭᠠᠵᠠᠷ ᠣᠷᠣᠨ ᠤ ᠠᠪᠤᠭᠰᠠᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠣᠨᠣᠪᠴᠢᠲᠠᠶ ᠪᠢᠰᠢ ᠪᠠᠶᠢᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ | ᠦᠵᠡᠭᠦᠯᠵᠦ ᠪᠠᠶᠢᠬᠤ ᠮᠥᠷᠲᠡᠭᠡᠨ ᠤᠯᠤᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ ᠪᠠᠶᠢᠨ᠎ᠠ︔ ᠬᠤᠶᠠᠷ ᠲᠤ᠂ ᠣᠨᠴᠠ ᠵᠠᠷᠢᠮ ᠦᠨᠳᠦᠰᠦᠨ ᠱᠠᠲᠤᠨ ᠤ | ᠠᠵᠢᠯᠲᠠᠨ ᠤ ᠠᠵᠢᠯᠯᠠᠬᠤ ᠠᠷᠭ᠎ᠠ ᠨᠢ ᠲᠠᠩ ᠴᠤᠯᠭᠤᠢ᠂ ᠣᠪᠣᠷ ᠨᠢ ᠮᠠᠭᠤ᠂ ᠬᠦᠯᠢᠴᠡᠩᠭᠦᠢ ᠪᠤᠰᠤ᠂ ᠤᠯᠠᠨ ᠲᠦᠮᠡᠨ ᠲᠠᠢ ᠨᠡᠪᠲᠡᠷᠡᠯᠴᠡᠬᠦ ᠨᠢ ᠰᠢᠯᠤᠭᠤᠨ ᠪᠢᠰᠢ᠂ | ᠵᠥᠷᠢᠴᠡᠯ ᠢ ᠠᠮᠠᠷᠬᠠᠨ ᠬᠤᠷᠴᠠᠳᠬᠠᠵᠤ ᠪᠠᠶᠢᠨ᠎ᠠ︔ ᠭᠤᠷᠪᠠ ᠳᠤ᠂ ᠴᠥᠭᠡᠨ ᠲᠣᠭᠠᠨ ᠤ ᠭᠠᠵᠠᠷ ᠣᠷᠣᠨ ᠤ ᠬᠢᠵᠢᠭ ᠲᠤ ᠬᠤᠯᠪᠣᠭᠳᠠᠭᠰᠠᠨ ᠮᠡᠳᠡᠭᠡ ᠵᠠᠩᠭᠢ ᠶᠢ ᠴᠠᠭ | ᠲᠤᠬᠠᠢ ᠳᠤ ᠨᠢ ᠪᠦᠷᠢᠨ ᠭᠦᠢᠴᠡᠳ ᠨᠡᠶᠢᠲᠡᠯᠡᠭᠰᠡᠨ ᠦᠭᠡᠢ ᠠᠴᠠ ᠪᠣᠯᠵᠤ ᠤᠯᠠᠨ ᠲᠦᠮᠡᠨ ᠳᠤ ᠠᠮᠠᠷᠬᠠᠨ ᠡ᠊ᠨᠳᠡᠭᠦᠦ ᠣᠶᠢᠯᠠᠭᠠᠯᠲᠠ ᠥᠭᠴᠦ ᠪᠠᠶᠢᠨ᠎ᠠ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠴᠡᠭᠴᠡᠯᠡᠨ ᠵᠠᠰᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠬᠠᠷᠢᠶ᠎ᠠ | ᠣᠷᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠯᠤᠰ ᠤᠨ ᠰᠡᠷᠭᠡᠶᠢᠯᠡᠨ ᠡᠵᠡᠮᠳᠡᠬᠦ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠳᠤᠷ᠎ᠠ ᠪᠠᠷ ᠰᠤᠷᠭᠠᠭᠤᠯᠢ ᠶᠢ ᠪᠢᠲᠡᠭᠦᠮᠵᠢᠯᠡᠨ ᠬᠢᠴᠢᠶᠡᠯ ᠢ ᠵᠣᠭᠰᠤᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ᠂ ᠪᠠᠰᠠ ᠵᠥᠪᠰᠢᠶᠡᠷᠡᠯ | ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠲᠣᠭᠲᠠᠩᠭᠤᠢ︾ ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠣᠷᠳᠣ | ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ᠂ ᠳᠤᠷ᠎ᠠ ᠪᠠᠷ ᠡᠮᠴᠢᠯᠡᠭᠡ ᠶᠢ ᠵᠣᠭᠰᠤᠭᠠᠬᠤ ᠵᠡᠷᠭᠡ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ | ᠦᠶᠯᠡ ᠠᠵᠢᠯᠯᠠᠭ᠎ᠠ ᠶᠢ ᠵᠠᠷᠯᠠᠨ ᠮᠡᠳᠡᠭᠳᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ | ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠬᠤ ᠬᠡᠷᠡᠭᠲᠡᠢ | ᠵᠠᠷᠢᠮ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠠᠵᠢᠯ ᠢ ᠥᠷᠨᠢᠭᠦᠯᠬᠦ ᠪᠠᠷ ᠲᠤᠷᠰᠢᠵᠤ ᠪᠠᠶᠢᠨ᠎ᠠ᠂ | ᠭᠡᠪᠡᠴᠦ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠴᠤ᠂ | ᠪᠦᠷᠢᠨ ᠲᠡᠭᠦᠯᠳᠡᠷ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠮᠡᠷᠭᠡᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠴᠢᠷ ᠨᠢ ᠦᠯᠢᠭᠡᠷ ᠠᠪᠬᠤ ᠶᠢᠨ ᠶᠠᠰᠤ ᠴᠢᠨᠠᠷ ᠤᠨ ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ | ᠲᠤᠶᠢᠯ ᠤᠨ ᠴᠢᠬᠤᠯᠠ ᠶᠤᠮ᠂ ᠡᠶᠢᠮᠦ ᠠᠴᠠ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠳᠤ ᠴᠤ ᠦᠯᠢᠭᠡᠷ ᠠᠪᠬᠤ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ | | ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠬᠤᠪᠢᠰᠤᠭᠰᠠᠨ ᠰᠠᠯᠪᠤᠷᠢ ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ ᠠᠩᠬᠠᠨ ᠤ | ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ ᠪᠠᠭᠤᠷᠠᠵᠠᠢ | ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠭᠡᠷᠡᠴᠢᠯᠡᠭᠰᠡᠨ ᠢᠶᠠᠷ᠂ ᠣᠮᠢᠺᠷᠦᠨ ᠣᠨᠳᠣᠣᠰᠢᠭᠰᠠᠨ | ᠸᠢᠷᠦ᠋ᠰ ᠵᠢᠴᠢ ᠲᠡᠭᠦᠨ ᠤ ᠰᠠᠯᠪᠤᠷᠢᠯᠠᠨ ᠬᠤᠪᠢᠰᠤᠭᠰᠠᠨ BA.1᠂ BA.2᠂ BA.5᠂ BF.7᠂ BQ.1 ᠪᠠ ᠳᠠᠬᠢᠨ ᠨᠡᠶᠢᠯᠡᠭᠰᠡᠨ ᠴᠣᠭᠴᠠ XBB ᠶᠢᠨ | ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ | ᠪᠠᠭᠤᠷᠠᠭᠰᠠᠨ ᠪᠠᠶᠢᠨ᠎ᠠ᠃ ᠤᠯᠤᠰ ᠤᠨ ᠭᠠᠳᠠᠭᠠᠳᠤ ᠶᠢᠨ ᠰᠤᠳᠤᠯᠭᠠᠨ ᠠᠴᠠ ᠦᠵᠡᠪᠡᠯ᠂ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ ᠬᠦᠨᠳᠦ | ᠡᠪᠡᠳᠴᠢᠨ ᠳᠤ ᠨᠡᠷᠪᠡᠭᠳᠡᠬᠦ ᠪᠠ ᠦᠬᠦᠬᠦ ᠬᠠᠷᠢᠴᠠᠯ ᠨᠢ ᠠᠩᠬᠠᠨ ᠤ ᠸᠢᠷᠦ᠋ᠰ ᠪᠠ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠠᠴᠠ ᠢᠯᠡᠳᠲᠡ | ᠳᠣᠣᠷ᠎ᠠ ᠪᠠᠶᠢᠵᠤ᠂ ᠡᠨᠡ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠣᠨᠴᠠᠯᠢᠭ ᠪᠣᠯᠬᠤ ᠪᠠᠷ ᠪᠠᠷᠠᠬᠤ ᠦᠭᠡᠢ ᠸᠠᠺᠼᠢᠨ ᠤ ᠲᠠᠷᠢᠯᠭ᠎ᠠ ᠶᠢᠨ ᠬᠥᠮᠥᠰ ᠤᠨ | ᠡᠭᠡᠯᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠ ᠴᠠᠭ ᠲᠤᠬᠠᠢ ᠳᠤ ᠨᠢ ᠡᠮᠴᠢᠯᠡᠭᠰᠡᠨ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠃ | ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠵᠢᠴᠢ ᠲᠡᠭᠦᠨ ᠲᠠᠢ ᠬᠤᠯᠪᠣᠭᠳᠠᠬᠤ | ᠦᠬᠦᠯ ᠤᠨ ᠨᠣᠷᠮ᠎ᠠ ᠨᠢ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ ᠪᠠᠶᠢᠨ᠎ᠠ᠂ ᠡᠨᠡ ᠨᠢ ᠮᠠᠨ ᠤ ᠢᠳᠡᠪᠬᠢᠲᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ | ᠪᠠ ᠴᠢᠨᠠᠷ ᠰᠠᠶᠢᠲᠠᠢ ᠠᠪᠤᠷᠠᠨ ᠵᠠᠰᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ ᠶᠤᠮ᠃ ᠬᠢᠲᠠᠳ ᠡᠮ ᠡᠮᠨᠡᠯᠭᠡ ᠨᠢ ᠪᠠᠰᠠ ᠢᠳᠡᠪᠬᠢᠲᠡᠢ | ᠦᠢᠯᠡᠳᠦᠯ ᠭᠠᠷᠭᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ ᠲᠠᠢ᠂ ᠥᠨᠳᠥᠷ ᠨᠠᠰᠤᠲᠠᠢ ᠡᠪᠡᠳᠴᠢᠲᠡᠨ ᠪᠠ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ | ᠬᠡᠷᠪᠡ ᠣᠮᠢᠺᠷᠦᠨ ᠣᠨᠳᠣᠣᠰᠢᠭᠰᠠᠨ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠮᠥᠨ ᠬᠦ ᠵᠣᠬᠢᠬᠤ ᠬᠠᠷᠢᠴᠠᠯ ᠢᠶᠠᠷ ᠬᠦᠨᠳᠦ ᠡᠪᠡᠳᠴᠢᠨ ᠳᠤ ᠨᠡᠷᠪᠡᠭᠳᠡᠵᠦ ᠮᠡᠳᠡᠨ᠎ᠡ᠃ | ᠭᠡᠪᠡᠴᠦ ᠣᠲᠣ ᠶᠢᠨ ᠪᠠᠶᠢᠭ᠎ᠠ ᠸᠠᠺᠼᠢᠨ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ | ᠪᠠ ᠦᠬᠦᠬᠦ ᠨᠤᠷᠮ᠎ᠠ ᠶᠢ ᠪᠠᠭᠠᠰᠬᠠᠬᠤ ᠳᠤ ᠮᠥᠨ ᠨᠡᠯᠢᠶᠡᠳ ᠰᠠᠶᠢᠨ ᠦᠢᠯᠡᠳᠦᠯ ᠲᠠᠢ ᠶᠤᠮ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠶᠢᠨ ᠦᠢᠯᠡᠳᠦᠯᠭᠡ ᠠᠴᠠ ᠦᠵᠡᠪᠡᠯ᠂ ᠭᠤᠷᠪᠠᠨ ᠲᠥᠷᠥᠯ ᠤᠨ ᠬᠥᠮᠣ᠋ᠰ | ᠬᠦᠨᠳᠦ ᠡᠪᠡᠳᠴᠢᠨ ᠳᠤ ᠨᠡᠷᠪᠡᠭᠳᠡᠬᠦ ᠬᠠᠨᠳᠤᠰᠢ ᠲᠠᠢ | ᠨᠢᠭᠡ ᠳᠤ᠂ ᠨᠠᠰᠤᠲᠠᠶᠢᠴᠤᠳ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ | ᠨᠢ ᠬᠦᠨᠳᠦᠷᠡᠬᠦ ᠠᠶᠤᠯᠲᠠᠢ ᠬᠥᠮᠥᠰ ᠪᠣᠯᠣᠨ᠎ᠠ᠃ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠨᠡᠩ ᠴᠤ ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠥᠰ | ᠪᠣᠯᠣᠨ᠎ᠠ᠃ ᠡᠶᠢᠮᠦ ᠠᠴᠠ ᠨᠠᠰᠤᠲᠠᠶᠢᠴᠤᠳ ᠲᠠᠢ ᠭᠡᠷ ᠪᠦᠯᠢ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠠᠯᠳᠠᠪᠤᠷᠢᠯᠠᠯ ᠤᠨ ᠲᠦᠭᠰᠢᠭᠦᠷᠢ ᠶᠢ ᠨᠠᠩ | ᠢᠯᠡᠭᠦᠦ ᠰᠡᠷᠭᠡᠶᠢᠯᠡᠬᠦ ᠬᠡᠷᠡᠭᠲᠡᠢ ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠨᠠᠰᠤᠲᠠᠶᠢᠴᠤᠳ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠨᠠᠰᠤᠲᠠᠶᠢᠴᠤᠳ ᠪᠠᠰᠠ ᠠᠮᠠᠪᠴᠢ ᠵᠡᠭᠦᠬᠦ᠂ | ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ ᠵᠡᠷᠭᠡ ᠬᠤᠪᠢ ᠬᠥᠮᠥᠨ ᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠶᠢ ᠠᠪᠬᠤ ᠬᠡᠷᠡᠭᠲᠡᠢ᠃ | ᠬᠤᠶᠠᠷ ᠲᠤ᠂ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ᠃ ᠡᠮᠴᠢᠯᠡᠭᠡᠨ ᠤ ᠳᠤᠮᠳᠠ᠂ ᠰᠠᠭᠤᠷᠢ ᠴᠢᠨᠠᠷᠲᠠᠢ ᠡᠪᠡᠳᠴᠢᠨ ᠲᠠᠢ᠂ ᠢᠯᠠᠩᠭᠤᠶ᠎ᠠ ᠵᠢᠷᠦᠬᠡ | ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ ᠡᠪᠡᠳᠴᠢᠨ᠂ ᠬᠠᠪᠤᠳᠠᠷ᠂ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ | ᠪᠤᠰᠤ ᠵᠡᠷᠭᠡ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠨᠢ ᠬᠦᠨᠳᠦᠷᠡᠬᠦ ᠲᠦᠭᠰᠢᠭᠦᠷᠢ | ᠨᠢ ᠨᠠᠩ ᠶᠡᠭᠡ ᠪᠠᠶᠢᠳᠠᠭ᠃ | ᠭᠤᠷᠪᠠ ᠳᠤ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ᠃ ᠸᠠᠺᠼᠢᠨ ᠤ ᠲᠠᠷᠢᠯᠭ᠎ᠠ ᠨᠢ ᠡᠪᠡᠳᠴᠢᠨ ᠬᠦᠨᠳᠦᠷᠡᠬᠦ ᠪᠠ ᠦᠬᠦᠯ ᠤᠨ ᠲᠦᠭᠰᠢᠭᠦᠷᠢ ᠶᠢ | ᠪᠦᠲᠦᠮᠵᠢᠲᠡᠶ ᠪᠠᠭᠤᠷᠠᠭᠤᠯᠵᠤ ᠪᠣᠯᠣᠨ᠎ᠠ᠃ ᠴᠡᠭᠡᠷᠯᠡᠬᠦ ᠡᠪᠡᠳᠴᠢᠨ ᠦᠭᠡᠢ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠥᠮᠥᠰ᠂ ᠢᠯᠠᠩᠭᠤᠶ᠎ᠠ ᠨᠠᠰᠤᠲᠠᠶᠢᠴᠤᠳ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠦᠷᠭᠡᠬᠡᠨ ᠳᠠᠷᠢᠵᠤ᠂ ᠪᠠᠲᠤᠳᠬᠠᠨ ᠲᠠᠷᠢᠬᠤ ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ ᠪᠠᠲᠤᠳᠬᠠᠬᠤ | ᠲᠠᠷᠢᠯᠭ᠎ᠠ ᠶᠢ ᠲᠠᠷᠢᠬᠤ ᠶᠢ ᠰᠠᠨᠠᠭᠤᠯᠬᠤ ᠬᠡᠷᠡᠭᠲᠡᠢ᠃ | ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠶᠢᠨ ᠬᠠᠯᠳᠠᠪᠤᠷᠢᠯᠠᠯ ᠤᠨ ᠲᠦᠭᠰᠢᠭᠦᠷᠢ ᠠᠴᠠ ᠬᠡᠷᠬᠢᠨ ᠵᠠᠶᠢᠯᠠᠰᠬᠢᠬᠦ ᠪᠣᠶ ︖ | ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠬᠦ ᠶᠢ ᠵᠢᠷᠤᠮᠵᠢᠭᠤᠯᠵᠤ᠂ ᠴᠤᠭᠯᠠᠷᠠᠬᠤ ᠦᠭᠡᠢ | ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ ᠬᠥᠮᠥᠰ ᠲᠠᠢ ᠪᠠᠨ ᠨᠢᠭᠡ ᠮᠧᠲᠷ ᠠᠴᠠ ᠳᠡᠭᠡᠭᠰᠢ ᠵᠠᠢ ᠶᠢ ᠪᠠᠲᠤᠯᠠᠵᠤ᠂ ᠲᠤᠬᠠᠢ ᠶᠢᠨ ᠲᠠᠯᠠᠪᠤᠷ ᠤᠨ ᠠᠵᠢᠯᠲᠠᠨ ᠤ | ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠬᠤ ᠬᠡᠷᠡᠭᠲᠡᠢ᠃ ᠦᠯᠢᠭᠡᠷ ᠠᠪᠬᠤ ᠶᠠᠪᠤᠴᠠ ᠳᠤ ᠡᠮᠦᠨᠡᠬᠢ ᠬᠥᠮᠥᠨ ᠶᠠᠪᠤᠭᠰᠠᠨ ᠤ ᠳᠠᠷᠠᠭ᠎ᠠ ᠦᠯᠢᠭᠡᠷ ᠠᠪᠤᠭᠴᠢ | ᠭᠠᠷ ᠢᠶᠠᠨ ᠰᠠᠶᠢᠲᠤᠷ ᠠᠷᠢᠭᠤᠳᠬᠠᠭᠰᠠᠨ ᠤ ᠳᠠᠷᠠᠭ᠎ᠠ ᠰᠠᠶ᠋ᠢ ᠤᠷᠤᠭᠰᠢ ᠪᠠᠨ ᠣᠴᠢᠵᠤ ᠥᠯᠢᠭᠡᠷ ᠠᠪᠤᠭᠤᠯᠬᠤ ᠬᠡᠷᠡᠭᠲᠡᠢ᠃ ᠡᠭᠦᠨ ᠤ ᠬᠠᠮᠲᠤ᠂ ᠦᠯᠢᠭᠡᠷ ᠠᠪᠬᠤ | ᠦᠶ᠎ᠡ ᠳᠤ᠂ ᠦᠯᠢᠭᠡᠷ ᠠᠪᠤᠭᠤᠯᠤᠭᠴᠢ ᠦᠯᠢᠭᠡᠷ ᠠᠪᠬᠤ ᠲᠠᠪᠴᠠᠩ ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ ᠪᠣᠯᠬᠤ ᠦᠭᠡᠢ᠂ ᠦᠯᠢᠭᠡᠷ ᠠᠪᠤᠭᠤᠯᠤᠭᠰᠠᠨ ᠤ | ᠳᠠᠷᠠᠭ᠎ᠠ ᠪᠠᠰᠠ ᠠᠮᠠᠪᠴᠢ ᠪᠠᠨ ᠲᠦᠷᠭᠡᠨ ᠵᠡᠭᠦᠵᠦ᠂ ᠦᠯᠢᠭᠡᠷ ᠠᠪᠬᠤ ᠲᠠᠯᠠᠪᠤᠷ ᠠᠴᠠ ᠲᠦᠷᠭᠡᠨ ᠵᠠᠶᠢᠯᠠᠬᠤ ᠬᠡᠷᠡᠭᠲᠡᠢ᠃ | ᠬᠤᠳᠠᠯ ᠬᠠᠭᠤᠷᠮᠠᠭ ᠪᠥᠭᠡᠮ ᠬᠦᠴᠢᠯ ᠤᠨ ᠪᠠᠶᠢᠴᠠᠭ᠋ᠯᠲᠡ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠠᠯ᠎ᠠ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠶᠡᠷᠦ ᠠᠴᠠ | ᠪᠠᠶᠢᠴᠠᠭᠠᠨ ᠰᠢᠯᠭᠠᠬᠤ ᠬᠢᠷᠢ ᠬᠡᠮ ᠤᠨ ᠵᠥᠪᠰᠢᠶᠡᠷᠡᠨ ᠣᠷᠣᠭᠤᠯᠬᠤ ᠪᠠ ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ᠂ ᠮᠡᠷᠭᠡᠵᠢᠯ ᠤᠨ ᠵᠢᠷᠤᠮᠵᠢᠯ ᠢ ᠲᠠᠰᠤᠷᠠᠯᠲᠠ | ᠦᠭᠡᠢ ᠰᠢᠯᠢᠳᠡᠭᠵᠢᠭᠦᠯᠬᠦ ᠶᠢᠨ ᠬᠠᠮᠲᠤ᠂ ᠭᠤᠷᠪᠠᠳᠠᠭᠴᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠠᠭᠲᠠᠭᠠᠭᠰᠠᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠭᠰᠠᠭᠠᠷ ᠢᠷᠡᠵᠡᠶ᠃ ᠡᠨᠡ ᠵᠢᠯ ᠠᠴᠠ ᠨᠠᠭᠠᠰᠢ᠂ ᠪᠡᠭᠡᠵᠢᠩ᠂ ᠠᠨᠾᠦ᠋ᠢ ᠶᠢᠨ | ᠾᠧᠹᠧᠢ᠂ ᠾᠧᠪᠧᠢ ᠶᠢᠨ ᠱᠢ ᠵᠢᠶᠠ ᠵᠤᠸᠠᠩ᠂ ᠾᠧᠨᠠᠨ ᠤ ᠰᠢᠦᠢ ᠴᠠᠩ᠂ ᠥᠪᠥᠷ ᠮᠣᠩᠭᠤᠯ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠳ ᠴᠥᠮ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤᠮᠳᠠ ᠪᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ | ᠬᠠᠤᠯᠢ ᠲᠣᠭᠲᠠᠭᠠᠯ ᠢ ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠥᠭᠡᠳ ᠴᠥᠮ ᠴᠢᠩᠭ᠎ᠠ ᠰᠢᠢᠳᠬᠡᠯ ᠥᠭᠴᠦ ᠂ ᠬᠠᠤᠯᠢ ᠶᠢ | ᠵᠥᠷᠢᠴᠡᠭᠰᠡᠨ ᠵᠠᠷᠢᠮ ᠪᠠᠶᠢᠭᠤᠯᠤᠮᠵᠢ ᠪᠠ ᠬᠤᠪᠢ ᠬᠥᠮᠥᠨ ᠠᠴᠠ ᠪᠠᠰᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠶᠢ | ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ᠃ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠢ ᠬᠡᠷᠬᠢᠨ ᠬᠠᠮᠢᠶᠠᠷᠬᠤ ᠪᠣᠶ︖ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ ᠭᠡᠷ ᠲᠤ ᠪᠠᠨ ᠲᠤᠰᠠᠭᠠᠷᠯᠠᠬᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠮᠲᠤ ᠳᠤ ᠨᠢ ᠵᠢᠷᠤᠮᠯᠠᠬᠤ ᠬᠡᠷᠡᠭᠲᠡᠢ᠃ | ᠨᠢᠭᠡ ᠳᠤ᠂ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠠᠳᠠᠭᠰᠢ ᠭᠠᠷᠬᠤ ᠦᠭᠡᠢ ᠪᠠᠶᠢᠬᠤ ᠶᠢ ᠴᠢᠩᠭ᠎ᠠ ᠪᠠᠷᠢᠮᠲᠠᠯᠠᠨ᠂ ᠠᠯᠢᠪᠠ ᠪᠣᠯᠭᠤᠭᠠᠨ ᠦᠵᠡᠬᠦ ᠶᠢ | ᠲᠡᠪᠴᠢᠬᠦ ᠬᠡᠷᠡᠭᠲᠡᠢ︔ ᠡᠪᠡᠳᠴᠢᠨ ᠦᠵᠡᠭᠦᠯᠬᠦ ᠵᠡᠷᠭᠡ ᠠᠴᠠ ᠪᠣᠯᠣᠭᠠᠳ ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠲᠤ᠂ ᠨᠡᠶᠢᠭᠡᠮ ᠲᠣᠭᠤᠷᠢᠭ ᠲᠤ | ᠭᠤᠶᠤᠴᠢᠯᠠᠯ ᠳᠡᠪᠰᠢᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠬᠤᠪᠢ ᠬᠥᠮᠥᠨ ᠤ ᠬᠠᠮᠠᠭᠠᠯᠠᠯᠲᠠ ᠶᠢ ᠪᠥᠬᠦ | ᠶᠠᠪᠤᠴᠠ ᠳᠤ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ ᠲᠤ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠥᠷᠥᠭᠡᠨ ᠳᠤ ᠠᠯᠢ ᠴᠢᠳᠠᠬᠤ ᠪᠠᠷ ᠣᠷᠣᠵᠤ ᠪᠣᠯᠬᠤ ᠦᠭᠡᠢ᠂ ᠵᠣᠷᠯᠣᠩ ᠪᠤᠶᠤ | ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠠᠴᠠ ᠵᠠᠶᠢᠯᠠᠰᠬᠢᠨ᠎ᠡ᠃ ᠬᠡᠷᠪᠡ ᠶᠠᠮᠠᠷ ᠨᠢᠭᠡᠨ ᠰᠢᠭᠤᠳ ᠬᠦᠷᠦᠯᠴᠡᠬᠦ ᠪᠣᠯᠣᠮᠵᠢ ᠪᠤᠶᠤ ᠪᠣᠬᠢᠷᠳᠤᠯ ᠪᠣᠳᠠᠰ ᠢ | ᠰᠢᠢᠳᠪᠦᠷᠢᠯᠡᠬᠦ ᠦᠶ᠎ᠡ ᠳᠤ ᠡᠷᠬᠡᠪᠰᠢ ᠥᠪᠡᠷ ᠤᠨ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠴᠠᠭ ᠲᠤᠬᠠᠢ ᠳᠤ ᠨᠢ ᠭᠠᠷ ᠢᠶᠠᠨ ᠴᠡᠪᠡᠷᠯᠡᠵᠦ ᠠᠷᠢᠭᠤᠳᠬᠠᠬᠤ | ᠬᠡᠷᠡᠭᠲᠡᠢ᠃ | ᠭᠤᠷᠪᠠ ᠳᠤ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠪᠠ ᠨᠠᠰᠤᠲᠠᠶᠢᠴᠤᠳ ᠮᠡᠲᠦ ᠶᠢᠨ ᠬᠦᠨᠳᠦ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠲᠠᠢ | ᠬᠥᠮᠥᠰ ᠢᠶᠠᠷ ᠭᠡᠷ ᠲᠤ ᠪᠠᠨ ᠲᠤᠰᠠᠭᠠᠷᠯᠠᠬᠤ ᠬᠥᠮᠥᠰ ᠤᠨ ᠠᠰᠠᠷᠠᠭᠴᠢ ᠪᠣᠯᠭᠠᠵᠤ ᠪᠣᠯᠬᠤ ᠦᠭᠡᠢ᠃ | ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠠᠷᠭ᠎ᠠ ᠴᠢᠨᠠᠷ ᠢ | ᠪᠠᠶᠢᠴᠠᠭᠠᠵᠤ ᠭᠠᠷᠭᠠᠪᠠᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ | ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ | ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠣᠭᠲᠠᠭᠠᠯ ᠢ ᠦᠨᠳᠦᠰᠦᠯᠡᠪᠡᠯ᠂ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ | ᠢᠷᠡᠭᠰᠡᠨ ᠬᠥᠮᠥᠰ ᠲᠤ 7 ᠡᠳᠦᠷ ᠤᠨ ᠭᠡᠷ ᠲᠤ ᠪᠠᠨ ᠲᠤᠰᠠᠭᠠᠷᠯᠠᠬᠤ ᠵᠠᠢ ᠬᠡᠷᠡᠭᠵᠢᠭᠦᠯᠵᠦ᠂ ᠡᠨᠡ ᠬᠤᠭᠤᠴᠠᠭᠠᠨ ᠳᠤ ᠺᠣᠳ᠋ ᠣᠯᠭᠤᠬᠤ ᠬᠠᠮᠢᠶᠠᠷᠤᠯᠲᠠ ᠶᠢ | ᠬᠡᠷᠡᠭᠵᠢᠭᠦᠯᠦᠨ᠂ ᠭᠠᠳᠠᠭᠰᠢ ᠭᠠᠷᠴᠤ ᠪᠣᠯᠬᠤ ᠦᠭᠡᠢ᠃ ᠭᠡᠷ ᠲᠤ ᠪᠠᠨ ᠲᠤᠰᠠᠭᠠᠷᠯᠠᠭᠰᠠᠨ ᠤ 1᠂ 3᠂ 5᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ | ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶ᠎ᠠ ᠪᠦᠬᠦᠢ ᠬᠥᠮᠥᠰ ᠨᠢ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠡᠷ ᠲᠤ ᠪᠠᠨ ᠲᠤᠰᠠᠭᠠᠷᠯᠠᠬᠤ | ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠢᠯᠡᠷᠡᠭᠦᠯᠬᠦ ᠳᠤ | ᠭᠦᠷᠪᠡᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ | ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠠᠵᠢᠭᠯᠠᠬᠤ ᠪᠠ ᠡᠮᠨᠡᠨ ᠵᠠᠰᠠᠭᠤᠯᠵᠤ᠂ ᠬᠠᠮᠲᠤ ᠰᠠᠭᠤᠭ᠎ᠠ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ | ᠬᠢᠬᠦ ᠶᠢ ᠱᠠᠭᠠᠷᠳᠠᠬᠤ ᠶᠢᠨ ᠬᠠᠮᠲᠤ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠲᠦᠭᠰᠢᠭᠦᠷᠢᠲᠦ ᠬᠥᠮᠥᠰ ᠢ ᠮᠥᠷᠳᠡᠨ ᠬᠠᠮᠢᠶᠠᠷᠬᠤ ᠬᠡᠷᠡᠭᠲᠡᠢ᠃ | ᠨᠠᠰᠤᠲᠠᠶᠢᠴᠤᠳ ᠵᠡᠷᠭᠡ ᠪᠠᠭᠤᠷᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠠᠮᠠᠷᠬᠠᠨ ᠡᠪᠡᠳᠴᠢᠨ ᠨᠢ ᠬᠦᠨᠳᠦᠷᠡᠵᠦ᠂ ᠬᠦᠨᠳᠦ | ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ᠂ ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠪᠡᠯ ᠬᠠᠮᠤᠭ ᠤᠨ ᠶᠡᠭᠡ | ᠠᠰᠢᠭ ᠬᠦᠷᠲᠡᠵᠦ ᠪᠣᠯᠣᠨ᠎ᠠ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ᠂ 2.28165 ᠳ᠋ᠦᠩᠰᠢᠭᠤᠷ ᠬᠥᠮᠥᠨ ᠪᠥᠬᠦ | ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ | ᠨᠠᠰᠤᠲᠠᠶᠢᠴᠤᠳ ᠤᠨ 90.68% ᠪᠠ 86.42% ᠢ ᠡᠵᠡᠯᠡᠨ᠂ 1.81511 ᠳ᠋ᠦᠩᠰᠢᠭᠤᠷ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ ᠃ | ᠡᠭᠦᠨ ᠳᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠠᠷᠢᠯᠭ᠎ᠠ ᠬᠢᠭᠰᠡᠨ ᠬᠥᠮᠥᠨ ᠤ ᠲᠤᠭ᠎ᠠ 2742.6 ᠲᠦᠮᠡ ᠪᠠᠶᠢᠵᠤ᠂ 2356.3 ᠲᠦᠮᠡᠨ | ᠬᠥᠮᠥᠨ ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ | ᠲᠣᠰ ᠲᠣᠰ 80 ᠨᠠᠰᠤᠨ ᠠᠴᠠ ᠳᠡᠭᠡᠭᠰᠢᠬᠢ ᠬᠥᠮᠥᠨ ᠠᠮᠠ ᠶᠢᠨ 76.6%᠂ 65.8% ᠶᠢ ᠡᠵᠡᠯᠡᠨ᠂ 1445.6 ᠲᠦᠮᠡᠨ ᠬᠥᠮᠥᠨ ᠡᠭᠡᠯᠢᠯᠡᠭᠡ ᠶᠢᠨ | ᠪᠠᠲᠤᠳᠬᠠᠬᠤ ᠲᠠᠷᠢᠯᠭ᠎ᠠ ᠬᠢᠪᠡ᠃ | ᠨᠠᠰᠤᠲᠠᠶᠢᠴᠤᠳ ᠤᠨ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢ ᠴᠢᠩᠭᠠᠳᠬᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠵᠤ᠂ ᠲᠣᠭᠲᠠᠴᠠ ᠶᠢ ᠪᠦᠷᠢᠨᠰᠢᠭᠦᠯᠬᠦ᠂ ᠪᠠᠶᠢᠳᠠᠯ ᠢ ᠣᠶᠢᠯᠠᠭᠠᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ᠂ ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠪᠢᠳᠡ ᠲᠥᠰᠥᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ | ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢ ᠴᠢᠩᠭᠠᠳᠬᠠᠬᠤ ᠪᠠ | ᠨᠠᠰᠤᠲᠠᠶᠢᠴᠤᠳ ᠤᠨ ᠲᠠᠷᠢᠯᠭ᠎ᠠ ᠶᠢᠨ ᠠᠵᠢᠯ ᠢ ᠰᠠᠶᠢᠲᠤᠷ ᠬᠢᠨ᠎ᠡ᠃ ᠪᠠᠰᠠ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠵᠦ᠂ ᠬᠤᠪᠢ ᠬᠥᠮᠥᠨ ᠤ ᠡᠷᠡᠭᠦᠯ ᠮᠡᠨᠳᠦ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠢ ᠰᠢᠨᠵᠢᠯᠡᠬᠦ ᠤᠬᠠᠭᠠᠨᠴᠢ ᠪᠠᠷ ᠲᠥᠷᠥᠯ | ᠬᠤᠪᠢᠶᠠᠨ ᠡᠮᠨᠡᠨ ᠵᠠᠰᠠᠬᠤ ᠬᠡᠷᠡᠭᠲᠡᠢ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ᠂ ᠣᠨᠴᠠᠭᠠᠶᠢᠯᠠᠨ ᠬᠠᠪᠤᠳᠠᠷ ᠡᠪᠡᠳᠴᠢᠨ ᠢ ᠡᠮᠨᠡᠨ ᠵᠠᠰᠠᠬᠤ | ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠥᠰ ᠲᠤ ᠲᠣᠭᠠᠴᠠᠭᠳᠠᠨ᠎ᠠ᠂ | ᠡᠶᠢᠮᠦ ᠠᠴᠠ ᠡᠮᠨᠡᠨ ᠵᠠᠰᠠᠬᠤ ᠶᠠᠪᠤᠴᠠ ᠳᠤ ᠣᠨᠴᠠᠭᠠᠶᠢᠯᠠᠨ ᠠᠩᠬᠠᠷᠬᠤ ᠬᠡᠷᠡᠭᠲᠡᠢ᠃ ᠡᠩ ᠲᠡᠷᠢᠭᠦᠨ ᠳᠤ ᠥᠨᠳᠥᠷ ᠨᠠᠰᠤᠲᠠᠢ ᠨᠠᠰᠤᠲᠠᠶᠢᠴᠤᠳ ᠲᠤ ᠠᠪᠴᠤ ᠬᠡᠯᠡᠪᠡᠯ᠂ | ᠪᠢᠳᠡᠨ ᠤ ᠮᠡᠳᠡᠬᠦ ᠪᠠᠷ ᠥᠨᠳᠥᠷ ᠨᠠᠰᠤᠲᠠᠢ ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠰᠠᠭᠤᠷᠢ ᠴᠢᠨᠠᠷᠲᠠᠢ ᠡᠪᠡᠳᠴᠢᠨ ᠨᠢ | ᠪᠠᠰᠠ ᠨᠡᠯᠢᠶᠡᠳ ᠬᠦᠨᠳᠦ ᠪᠠᠶᠢᠵᠤ᠂ ᠵᠠᠷᠢᠮ ᠨᠠᠰᠤᠲᠠᠨ ᠣᠯᠠᠨ ᠵᠦᠢᠯ ᠤᠨ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠬᠤᠷ᠂ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠪᠡᠯ᠂ ᠨᠢᠭᠡ ᠲᠠᠯ᠎ᠠ ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ᠃ ᠬᠠᠪᠤᠳᠠᠷ ᠡᠪᠡᠳᠴᠢᠨ ᠢ ᠡᠮᠨᠡᠨ ᠵᠠᠰᠠᠬᠤ | ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ ᠠᠪᠴᠤ ᠬᠡᠯᠡᠪᠡᠯ᠂ ᠮᠡᠰᠡ ᠵᠠᠰᠠᠯ ᠪᠤᠶᠤ ᠰᠠᠴᠤᠷᠠᠭ ᠬᠢᠮᠢ ᠶᠢᠨ ᠵᠠᠰᠠᠯ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ | ᠪᠠᠭᠤᠷᠠᠳᠠᠭ᠂ ᠡᠶᠢᠮᠦ ᠠᠴᠠ ᠮᠥᠨ ᠴᠦ ᠡᠪᠡᠳᠴᠢᠨ ᠨᠢ ᠬᠦᠨᠳᠦᠷᠡᠬᠦ ᠠᠶᠤᠯ ᠲᠠᠢ ᠲᠦᠭᠰᠢᠭᠦᠷᠢᠲᠦ ᠬᠥᠮᠥᠰ ᠪᠣᠯᠣᠨ᠎ᠠ᠃ ᠪᠢᠳᠡᠨ ᠤ ᠮᠡᠳᠡᠭᠡᠵᠢ ᠪᠠᠷ᠂ ᠬᠠᠪᠤᠳᠠᠷ | ᠡᠪᠡᠳᠴᠢᠨ ᠤ ᠵᠠᠰᠠᠯᠭ᠎ᠠ ᠶᠢᠨ ᠬᠤᠭᠤᠴᠠᠭᠠᠨ ᠳᠠᠬᠢ ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ ᠲᠠᠰᠤᠯᠳᠠᠭᠤᠯᠵᠤ ᠪᠣᠯᠬᠤ ᠦᠭᠡᠢ᠂ ᠡᠨᠡ ᠨᠢ ᠮᠥᠨ ᠴᠦ ᠪᠢᠳᠡᠨ ᠤ | ᠪᠠᠷᠢᠮᠲᠠᠯᠠᠭᠰᠠᠭᠠᠷ ᠢᠷᠡᠭᠰᠡᠨ ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠠᠪᠠᠯ ᠬᠠᠮᠲᠤ ᠳᠤ ᠨᠢ ᠵᠠᠰᠠᠬᠤ ᠵᠠᠷᠴᠢᠮ ᠪᠣᠯᠣᠨ᠎ᠠ᠃ | ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ᠂ ᠡᠷᠬᠡᠪᠰᠢ ᠡᠶᠢᠮᠦᠷᠬᠦᠦ ᠬᠠᠯᠳᠠᠪᠤᠷᠢᠯᠠᠭᠰᠠᠳ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠵᠤ᠂ | ᠠᠪᠤᠷᠠᠨ ᠵᠠᠰᠠᠬᠤ ᠠᠵᠢᠯ ᠢ ᠲᠣᠬᠢᠲᠠᠢ ᠰᠠᠶᠢᠲᠤᠷ ᠬᠢᠵᠦ᠂ ᠰᠠᠭᠤᠷᠢ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ ᠤ ᠡᠷᠡᠭᠦᠯ ᠮᠡᠨᠳᠦ ᠪᠠ | ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ︽ᠬᠥᠮᠥᠨ ᠤ ᠠᠮᠢ ᠨᠠᠰᠤ ᠮᠢᠩᠭᠠᠨ ᠯᠠᠩ ᠠᠯᠲᠠ ᠮᠥᠩᠭᠦᠨ ᠠᠴᠠ ᠴᠤ ᠴᠤᠬᠠᠭ︾ ᠭᠡᠳᠡᠭᠴᠢᠯᠡᠨ᠂ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠳᠤᠮᠳᠠ ᠪᠠᠨ | ᠪᠢᠳᠡ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠬᠥᠮᠥᠨ ᠢᠶᠠᠷ ᠦᠨᠳᠦᠰᠦ ᠪᠣᠯᠭᠠᠬᠤ | ᠵᠣᠷᠢᠯᠲᠠ ᠶᠢ ᠪᠠᠷᠢᠮᠲᠠᠯᠠᠵᠤ᠂ ᠥᠨᠳᠥᠷ ᠨᠠᠰᠤᠲᠠᠢ ᠨᠠᠰᠤᠲᠠᠶᠢᠴᠤᠳ᠂ ᠡᠪᠡᠳᠴᠢᠨ ᠳᠤ ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠡᠮᠴᠢᠯᠡᠭᠡᠨ ᠤ | ᠠᠵᠢᠯ ᠢ ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ᠂ ᠡᠪᠡᠳᠴᠢᠲᠡᠨ ᠢ ᠬᠠᠮᠤᠭ ᠤᠨ ᠰᠠᠶᠢᠨ ᠠᠪᠤᠷᠠᠨ ᠵᠠᠰᠠᠬᠤ ᠪᠠ ᠬᠠᠷᠠᠭᠠᠯᠵᠠᠨ ᠰᠤᠪᠢᠯᠠᠬᠤ ᠶᠢ ᠪᠠᠲᠤᠯᠠᠵᠤ᠂ | ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠠᠬᠢᠭᠤᠯᠬᠤ ᠬᠡᠷᠡᠭᠲᠡᠢ ᠃ | |