| ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠬᠠᠮᠲᠤᠷᠠᠨ ︽ᠬᠠᠤᠯᠢ ᠲᠣᠭᠲᠠᠭᠠᠯ ᠢ ᠵᠥᠷᠢᠴᠡᠨ ᠡᠮ | ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠠᠷᠭ᠎ᠠ︾ ᠶᠢ ᠲᠣᠭᠲᠠᠭᠠᠵᠠᠶ᠂ | ᠲᠣᠰ ᠠᠷᠭ᠎ᠠ ᠶᠢ 2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ | ᠲᠤᠰ ᠠᠷᠭ᠎ᠠ ᠨᠢ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠴᠦ ᠢᠯᠡᠴᠢᠯᠡᠨ ᠮᠡᠳᠡᠬᠦᠯᠵᠦ ᠰᠢᠢᠳᠪᠦᠷᠢᠯᠡᠬᠦ | ᠲᠦᠷ ᠬᠡᠷᠡᠭᠵᠢᠭᠦᠯᠬᠦ ᠠᠷᠭ᠎ᠠ︾ ᠶᠢᠨ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ᠨᠡᠶᠢᠳᠡ ᠠᠷᠪᠠᠨ ᠲᠠᠪᠤᠨ ᠵᠤᠷᠪᠤᠰ ᠪᠠᠶᠢᠵᠦ᠂ | ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠲᠦᠷᠢᠮ ᠤᠨ ᠵᠣᠷᠢᠯᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠱᠠᠩᠨᠠᠨ ᠬᠥᠬᠢᠭᠦᠯᠬᠦ | ᠵᠠᠷᠴᠢᠮ᠂ ᠨᠥᠬᠦᠴᠡᠯ᠂ ᠪᠠᠷᠢᠮᠵᠢᠶ᠎ᠠ᠂ ᠣᠯᠭᠤᠬᠤ᠂ ᠪᠤᠴᠠᠭᠠᠨ ᠠᠪᠬᠤ ᠵᠡᠷᠭᠡ ᠠᠭᠤᠯᠭ᠎ᠠ ᠶᠢ ᠲᠣᠭᠲᠠᠭᠠᠭᠰᠠᠨ ᠤ ᠬᠠᠮᠲᠤ ᠪᠠᠰᠠ ᠱᠠᠩᠨᠠᠯ ᠲᠠᠢ ᠪᠠᠷ | ᠢᠯᠡᠴᠢᠯᠡᠨ ᠮᠡᠳᠡᠭᠦᠯᠬᠦ ᠲᠦᠷᠢᠮ ᠢ ᠭᠦᠨᠵᠡᠭᠡᠶᠢᠷᠡᠭᠦᠯᠬᠦ᠂ ᠤᠯᠠᠨ ᠲᠦᠮᠡᠨ ᠤ ᠬᠢᠨᠠᠯᠲᠠ ᠲᠠᠯᠪᠢᠵᠦ ᠣᠷᠣᠯᠴᠠᠬᠤ ᠶᠢ ᠵᠣᠷᠢᠭᠵᠢᠭᠤᠯᠬᠤ ᠵᠡᠷᠭᠡ ᠲᠠᠯ᠎ᠠ ᠪᠠᠷ ᠬᠢ | ᠪᠣᠳᠣᠯᠬᠢᠯᠠᠯ ᠢ ᠭᠦᠢᠴᠡᠳ ᠬᠠᠷᠠᠭᠤᠯᠵᠠᠶ᠃ | | | |