| ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 6 ᠤ ᠡᠳᠦᠷ ᠬᠤᠷᠠᠯ ᠬᠤᠷᠠᠯᠳᠤᠭᠤᠯᠵᠤ᠂ 2023 ᠣᠨ ᠤ ᠠᠵᠤ | ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ | ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠲᠤᠶᠢᠯ ᠤᠨ ᠴᠢᠬᠤᠯᠠ ᠨᠢᠭᠡ ᠵᠢᠯ ᠮᠥᠨ᠃ ᠰᠠᠯᠬᠢ ᠳᠠᠪᠠᠯᠭᠠᠨ ᠰᠢᠷᠦᠭᠦᠰᠦᠭᠰᠡᠨ | ᠳᠡᠯᠡᠬᠡᠢ ᠶᠢᠨ ᠣᠷᠴᠢᠨ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠡᠷᠬᠡ ᠬᠠᠲᠠᠭᠤᠵᠢᠯᠲᠠᠢ ᠬᠦᠨᠳᠦ ᠡᠭᠦᠷᠭᠡ ᠶᠢᠨ ᠡᠮᠦᠨ᠎ᠡ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ | ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠦᠯᠡᠮᠵᠢ ᠶᠡᠭᠡ ᠦᠷ᠎ᠡ ᠪᠦᠲᠦᠭᠡᠯ ᠣᠯᠵᠤ᠂ | ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠠᠵᠢᠯ ᠣᠯᠭᠤᠯᠲᠠ ᠪᠠᠷᠠᠭᠠᠨ ᠤ ᠦᠨ᠎ᠡ ᠦᠨᠳᠦᠰᠦᠨ ᠳᠡᠭᠡᠨ ᠲᠣᠭᠲᠠᠭᠤᠨ ᠪᠠᠶᠢᠵᠤ᠂ ᠠᠮᠤ | ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠪᠦᠳᠦᠮᠵᠢᠳᠡᠢ ᠪᠣᠯᠵᠤ᠂ ᠠᠵᠤ ᠠᠬᠤᠢ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ | ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠯᠠᠪᠳᠠᠭᠤᠨ ᠪᠠᠲᠤᠲᠠᠢ ᠠᠯᠬᠤᠮ ᠢ | ᠠᠯᠬᠤᠵᠠᠢ ᠭᠡᠵᠦ ᠦᠵᠡᠪᠡ᠃ | ᠬᠤᠷᠠᠯ ᠠᠴᠠ᠂ ᠳᠠᠷᠠᠭ᠎ᠠ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠡᠭᠢᠯᠡᠯᠲᠡ ᠶᠢᠨ ᠵᠢᠯ ᠪᠣᠯᠣᠨ᠎ᠠ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠭᠡ ᠪᠠᠷ ᠬᠥᠭᠵᠢᠭᠡᠵᠦ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠯᠭᠠᠨ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ | ᠠᠵᠤ ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠬᠡᠮᠵᠢᠶ᠎ᠡ ᠶᠢ | ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠠᠶᠢᠲᠤᠷ | ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠳᠤ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠡᠳ᠋ ᠤᠨ | ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠣᠯᠣᠨ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ | ᠲᠦᠷᠦᠯ ᠤᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠪᠦᠳᠤᠮᠵᠢ ᠶᠢ ᠬᠦᠴᠦᠯᠡᠨ ᠳᠡᠭᠡᠭᠰᠢᠯᠡᠭᠦᠯᠵᠦ᠂ ᠯᠠᠪᠳᠠᠭᠤᠨ ᠲᠣᠭᠲᠠᠭᠤᠨ ᠵᠣᠭᠤᠰᠤᠨ ᠤ ᠲᠦᠷᠦ ᠶᠢᠨ | ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢ ᠬᠥᠭᠵᠢᠭᠦᠯᠬᠦ ᠪᠠ ᠠᠮᠤᠷ ᠲᠦᠪᠰᠢᠨ ᠢ | ᠵᠡᠷᠭᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠷᠦ ᠶᠢᠨ ᠪᠣᠳᠣᠯᠭ᠎ᠠ ᠶᠢ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠳᠤ ᠲᠥᠪᠯᠡᠷᠡᠭᠦᠯᠵᠦ᠂ ᠨᠡᠶᠢᠭᠡᠮ ᠤᠨ ᠲᠦᠷᠦ ᠶᠢᠨ ᠪᠣᠳᠣᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡᠨ ᠤ ᠰᠠᠭᠤᠷᠢᠯᠠᠬᠤ ᠦᠢᠯᠡᠳᠦᠯ ᠪᠠ ᠪᠡᠯᠡ ᠣᠷᠣᠭᠤᠯᠤᠯᠲᠠ ᠶᠢᠨ | ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ︽ᠬᠤᠶᠠᠷ | ᠡᠷᠡᠰ ᠭᠤᠶᠢᠪᠢᠰᠢ ᠦᠭᠡᠢ ᠪᠠᠶᠢᠬᠤ︾ ᠶᠢ ᠦᠨᠡᠨ ᠬᠦ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠠᠬᠢᠭᠤᠯᠵᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢ ᠨᠡᠩ ᠶᠡᠭᠡ ᠪᠠᠷ ᠴᠢᠩᠭᠠᠷᠠᠭᠤᠯᠬᠤ ᠬᠡᠷᠡᠭᠲᠡᠢ᠃ ᠴᠢᠬᠤᠯᠠ ᠶᠡᠭᠡ ᠠᠵᠤ ᠠᠬᠤᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠵᠤ ᠠᠬᠤᠢ ᠶᠢᠨ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠵᠤ᠂ ᠡᠵᠡᠮᠳᠡᠵᠦ᠂ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢ | ᠪᠠᠷᠢᠮᠲᠠᠯᠠᠵᠤ᠂ ᠪᠦᠭᠦ ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠺᠠᠳ᠋ᠷᠴᠤᠳ ᠵᠣᠷᠢᠭᠲᠠᠢ ᠪᠠᠷ ᠠᠵᠢᠯ ᠬᠢᠬᠦ᠂ | ᠣᠷᠣᠨ ᠨᠤᠲᠤᠭ ᠤᠨ ᠬᠢᠨ ᠵᠣᠷᠢᠭᠲᠠᠢ ᠪᠠᠷ ᠰᠢᠪᠲᠤᠯᠬᠤ᠂ ᠠᠵᠤ ᠠᠬᠤᠶᠢᠯᠠᠯ ᠤᠨ ᠬᠢᠨ ᠵᠣᠷᠢᠭᠲᠠᠢ ᠪᠠᠷ ᠬᠢᠬᠦ᠂ ᠤᠯᠠᠨ ᠲᠦᠮᠡᠨ ᠵᠣᠷᠢᠭᠲᠠᠢ ᠪᠠᠷ ᠡᠭᠦᠳᠦᠨ ᠪᠦᠲᠦᠭᠡᠬᠦ | ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠨᠡᠭᠦᠷᠡᠰᠦ | ᠴᠠᠭᠢᠯᠭᠠᠨ ᠲᠣᠰᠣ ᠬᠡᠢ ᠶᠢᠨ ᠲᠡᠭᠡᠭᠡᠪᠦᠷᠢ ᠬᠠᠩᠭᠠᠯᠭ᠎ᠠ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠦᠴᠢᠷᠳᠡᠯᠲᠡᠢ ᠤᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠭᠦ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠪᠣᠯᠣᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠯᠠᠨ ᠵᠢᠯ ᠤᠨ ᠬᠠᠲᠠᠭᠤᠵᠢᠯᠲᠠᠢ ᠴᠢᠷᠮᠠᠶᠢᠯᠭ᠎ᠠ ᠪᠠᠷ ᠲᠡᠮᠵᠢᠨ ᠪᠦᠳᠦᠮᠵᠢᠳᠡᠢ ᠠᠮᠵᠢᠯᠲᠠ | ᠣᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠪᠡ᠂ ᠭᠡᠪᠡᠴᠦ ᠪᠦᠷᠢᠮᠦᠰᠦᠨ | ᠠᠮᠵᠢᠯᠲᠠ ᠣᠯᠬᠤ ᠶᠢ ᠪᠡᠶᠡᠯᠡᠭᠦᠯᠬᠦ ᠴᠠᠭ ᠬᠠᠷᠠᠬᠠᠨ ᠪᠣᠯᠣᠭᠠᠳᠤᠢ ᠪᠠᠶᠢᠨ᠎ᠠ᠃ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠣᠨᠣᠷ | ᠰᠡᠷᠡᠮᠵᠢ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠢᠶᠠᠨ ᠴᠠᠭ ᠢᠮᠠᠭᠲᠠ ᠪᠠᠷᠢᠮᠲᠠᠯᠠᠵᠤ᠂ ᠨᠠᠮ ᠢ | ᠪᠦᠭᠦ ᠲᠠᠯ᠎ᠠ ᠪᠠᠷ ᠡᠷᠡᠰ ᠭᠤᠶᠢᠪᠢᠰᠢ ᠦᠭᠡᠢ ᠴᠢᠩᠭ᠎ᠠ ᠵᠠᠰᠠᠬᠤ ᠤᠯᠤᠰ ᠲᠦᠷᠦ ᠶᠢᠨ ᠪᠠᠲᠤ ᠬᠦᠴᠦᠨ ᠢ ᠴᠢᠨᠠᠭᠰᠢᠳᠠ ᠴᠢᠩᠭᠠᠳᠬᠠᠵᠤ᠂ ᠴᠢᠩᠭ᠎ᠠ ᠪᠠᠶᠢᠬᠤ ᠭᠦᠭ | ᠠᠶᠠᠰ᠂ ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠬᠢᠨ ᠢᠮᠠᠭᠲᠠ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠳᠦᠷᠢᠮ ᠪᠣᠯᠣᠨ ᠦᠨᠳᠦᠰᠦᠨ ᠬᠠᠤᠯᠢ ᠠᠴᠠ ᠣᠯᠭᠤᠭᠰᠠᠨ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠣᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂ ᠰᠤᠷᠲᠠᠯ ᠢ ᠲᠥᠪ | ᠪᠤᠯᠭᠠᠵᠤ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠣᠯᠣᠳ ᠴᠡᠷᠢᠭ ᠢ ᠳᠠᠪᠲᠠᠨ ᠪᠤᠯᠪᠠᠰᠤᠷᠠᠭᠤᠯᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ | ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠨᠡ ᠬᠦ ᠭᠤᠣᠯ | ᠰᠢᠵᠢᠮ ᠢ ᠪᠠᠲᠤ ᠡᠵᠡᠮᠳᠡᠵᠦ᠂ ᠴᠢᠩᠭ᠎ᠠ ᠬᠦᠴᠦᠲᠡᠢ ᠤᠯᠤᠰ ᠲᠦᠷᠦ ᠶᠢᠨ ᠬᠢᠨᠠᠯᠲᠠ ᠲᠠᠯᠪᠢᠬᠤ ᠪᠠᠷ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠵᠤ᠂︽ᠲᠤᠯᠤᠭᠠᠨ ᠪᠠᠶᠢᠬᠤ︾ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠴᠦᠯᠡᠨ ᠰᠢᠢᠳᠪᠦᠷᠢᠯᠡᠬᠦ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠤᠷᠲᠤ ᠬᠤᠭᠤᠴᠠᠭ᠎ᠠ ᠬᠤᠪᠢᠷᠠᠰᠢ ᠦᠭᠡᠢ ᠪᠠᠷ ᠪᠠᠬᠢᠵᠢᠭᠦᠯᠵᠦ᠂ ᠵᠢᠷᠭᠠᠨ ᠴᠡᠩᠭᠡᠭᠦ ᠱᠠᠯᠢᠨ | ᠪᠦᠷᠢᠯᠭᠡᠬᠦ ᠰᠤᠷᠲᠠᠯ ᠢ ᠴᠤᠬᠤᠶᠢᠬᠰᠠᠨ ᠳᠠᠷᠤᠢ ᠳᠤᠨᠢ ᠴᠣᠬᠢᠯᠲᠠ ᠥᠭᠴᠦ᠂ ᠵᠣᠷᠢᠭᠤᠳᠠ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠲᠠᠭᠢᠨ ᠡᠭᠦᠰᠭᠦ ᠶᠢ ᠰᠡᠷᠭᠡᠶᠢᠯᠡᠵᠦ᠂ ᠲᠡᠯᠳᠡ ᠪᠠᠷ ᠣᠨᠳᠣᠣᠰᠢᠬᠤ ᠶᠢ ᠰᠡᠷᠭᠡᠶᠢᠯᠡᠵᠦ᠂ ᠶᠠᠳᠠᠷᠠᠵᠤ ᠬᠠᠯᠠᠰᠢᠷᠬᠤ ᠶᠢ ᠡᠷᠡᠰ | ᠰᠡᠷᠭᠡᠶᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠵᠤ᠂ ᠠᠵᠢᠯ ᠤᠨ ᠳᠤᠮᠳᠠ ᠱᠠᠲᠤ ᠱᠠᠲᠤ ᠪᠠᠷ ᠡᠭᠦᠷᠭᠡ ᠬᠠᠷᠢᠭᠤᠴᠠᠯᠭ᠎ᠠ | ᠨᠡᠮᠡᠭᠦ᠂ ᠲᠠᠶᠢᠪᠤᠰᠢᠷᠠᠨ ᠰᠤᠯᠠᠷᠠᠬᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠢ | ᠨᠢᠭᠲᠠ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠴᠡᠭᠴᠡᠯᠡᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ | ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠩᠭ᠎ᠠ ᠪᠠᠶᠢᠬᠤ ᠱᠠᠭᠠᠷᠳᠠᠯᠭ᠎ᠠ ᠶᠢ ᠨᠠᠮ ᠤᠨ ᠲᠣᠭᠲᠠᠭᠠᠯ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ | ᠰᠠᠬᠢᠯᠭ᠎ᠠ ᠪᠠᠲᠤ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠪᠦᠭᠦ ᠶᠠᠪᠤᠴᠠ ᠳᠤ ᠲᠤᠭᠤᠰᠢᠯᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠳᠤ ︽ᠰᠢᠳᠤ ᠤᠷᠭᠤᠭᠤᠯᠵᠦ︾ | ᠂ ᠡᠷᠬᠡ ᠰᠦᠷ ᠢ ᠨᠢ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠺᠠᠳ᠋ᠷᠴᠤᠳ ᠢ ᠰᠡᠬᠡᠭᠡᠷᠡᠭᠦᠯᠦᠨ ᠵᠤᠬᠰᠤᠬᠤ ᠪᠠᠨ ᠮᠡᠳᠡᠭᠦ ᠪᠤᠯᠭᠠᠬᠤ ᠬᠡᠷᠡᠭᠲᠡᠢ᠃ ᠲᠤᠶᠢᠯᠪᠤᠷᠢᠲᠠᠢ | ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠤᠳᠠᠭᠠᠨ | ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ | ᠲᠠᠲᠠᠬᠤ ᠦᠭᠡᠢ᠂ ᠳᠤᠷ᠎ᠠ ᠵᠣᠷᠢᠭ ᠢᠶᠠᠷ ᠢᠶᠠᠨ ᠠᠭᠠᠰᠢᠯᠡᠭ᠌ᠰᠠᠳ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠭᠦᠨᠵᠡᠭᠡᠢ ᠠᠭᠤᠳᠠᠯᠤᠨ ᠨᠠᠷᠢᠯᠢᠭ | ᠪᠠᠶᠢᠴᠠᠭᠠᠵᠤ᠂ ᠴᠢᠩᠭ᠎ᠠ ᠵᠠᠯᠬᠠᠭᠠᠨ ᠰᠢᠢᠳᠬᠡᠵᠦ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠤᠨ ᠬᠡᠷᠡᠭ ᠢ | ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ ᠳᠠᠬᠢ | ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠶᠢᠨ ᠢᠯᠵᠠᠷᠠᠯ︾ ᠢ ᠡᠷᠡᠰ ᠵᠠᠯᠬᠠᠭᠠᠨ ᠰᠢᠢᠳᠬᠡᠵᠦ᠂ | ᠢᠯᠵᠠᠷᠠᠯ ᠡᠭᠦᠰᠭᠦ ᠬᠥᠷᠥᠰᠥ ᠰᠢᠷᠣᠢ ᠶᠢ ᠴᠢᠨᠠᠭᠰᠢᠳᠠ ᠴᠡᠪᠡᠷᠯᠡᠨ ᠠᠷᠢᠯᠭᠠᠬᠤ ᠬᠡᠷᠡᠭᠲᠡᠢ᠃ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠵᠦ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ︽ᠨᠢᠭᠡᠳᠦᠭᠡᠷ | ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ | ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠳᠠᠯ ᠪᠠ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 9 ᠤ ᠡᠳᠦᠷ ᠠᠴᠠ 11 ᠤ ᠡᠳᠦᠷ ᠪᠤᠯᠲᠠᠯ᠎ᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |