ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠦᠭᠡᠢ ᠪᠣᠯ ᠡᠪᠡᠳᠴᠢᠨ ᠦᠵᠡᠭᠦᠯᠵᠦ ᠳᠡᠶᠢᠯᠦᠨ᠎ᠡ ᠦᠦ︖ ᠤᠳᠠᠭᠠᠨ ᠴᠢᠨᠠᠷᠲᠠᠢ ᠡᠪᠡᠳᠴᠢᠨ ᠲᠠᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠦᠦ︖ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/12/12
    ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 12 ᠳ᠋ᠤᠭᠠᠷ ᠰᠠᠷ᠎ᠠ ᠶᠢᠨ 7 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠦᠭᠡᠢ ᠪᠣᠯ ᠡᠪᠡᠳᠴᠢᠨ ᠦᠵᠡᠭᠦᠯᠵᠦ ᠳᠡᠶᠢᠯᠦᠨ᠎ᠡ ᠦᠦ︖ ᠤᠳᠠᠭᠠᠨ ᠴᠢᠨᠠᠷᠲᠠᠢ ᠡᠪᠡᠳᠴᠢᠨ ᠲᠠᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠦᠦ ︖ ᠬᠠᠮᠲᠤ ᠪᠠᠷ ᠠᠩᠬᠠᠷᠴᠠᠭᠠᠶ᠎ᠠ︕    ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠠᠬᠤᠢ ᠪᠠᠶᠢᠳᠠᠯ ᠨᠢ ᠶᠠᠭᠤ ᠪᠣᠶ︖    ᠶᠡᠭᠡ ᠬᠡᠪᠴᠢᠶᠡᠨ ᠤ ᠸᠠᠺᠼᠢᠨ ᠤ ᠲᠠᠷᠢᠯᠭ᠎ᠠ ᠪᠠ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠸᠢᠷᠦ᠋ᠰ ᠤᠨ ᠣᠨᠳᠣᠣᠰᠢᠯ ᠢ ᠳᠠᠭᠠᠯᠳᠤᠨ᠂ ᠸᠢᠷᠦ᠋ᠰ ᠤᠨ ᠬᠠᠯᠳᠠᠪᠤᠷᠢᠯᠠᠬᠤ ᠴᠢᠳᠠᠪᠤᠷᠢ ᠴᠢᠩᠭᠠᠷᠠᠭᠰᠠᠨ ᠪᠣᠯᠪᠠᠴᠤ ᠡᠪᠡᠳᠴᠢᠯᠡᠭᠦᠯᠬᠦ ᠴᠢᠳᠠᠪᠤᠷᠢ ᠨᠢ ᠪᠠᠭᠤᠷᠠᠵᠤ᠂ ᠬᠥᠮᠥᠰ ᠲᠤ ᠤᠴᠠᠷᠠᠭᠤᠯᠬᠤ ᠪᠦᠬᠦᠶᠢᠯᠡ ᠴᠣᠭᠴᠠ ᠶᠢᠨ ᠡᠷᠡᠭᠦᠯ ᠮᠡᠨᠳᠦ ᠶᠢᠨ ᠠᠶᠤᠯ ᠲᠦᠭᠰᠢᠭᠦᠷᠢ ᠨᠠᠮᠳᠠᠬᠤ ᠬᠠᠨᠳᠤᠰᠢ ᠲᠠᠢ ᠪᠣᠯᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠃ᠡᠭᠦᠨ ᠠᠴᠠ ᠡᠮᠦᠨ᠎ᠡ ᠨᠡᠶᠢᠲᠡᠯᠡᠭᠰᠡᠨ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠲᠥᠰᠥᠯ ᠵᠡᠷᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠶᠤᠮ᠃ ᠬᠡᠷᠡᠭᠵᠢᠭᠦᠯᠦᠭᠰᠡᠨ ᠤ ᠳᠠᠷᠠᠭ᠎ᠠ᠂ ᠪᠢᠳᠡ ᠡᠯ᠎ᠡ ᠭᠠᠵᠠᠷ ᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠢᠭᠲᠠ ᠮᠥᠷᠳᠡᠵᠦ᠂ ᠣᠶᠢᠷ᠎ᠠ ᠶᠢᠨ ᠬᠤᠭᠤᠴᠠᠭᠠᠨ ᠳᠠᠬᠢ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠶᠠᠪᠤᠴᠠ ᠳᠤ ᠬᠤᠷᠠᠮᠳᠤᠭᠤᠯᠤᠭᠰᠠᠨ ᠲᠤᠷᠰᠢᠯᠭ᠎ᠠ ᠪᠠ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠲᠠᠢ ᠤᠶᠠᠯᠳᠤᠭᠤᠯᠤᠨ᠂ ᠴᠢᠭᠯᠡᠯᠲᠦ ᠴᠢᠨᠠᠷᠲᠠᠢ ᠪᠠᠷ ᠠᠷᠪᠠᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃   ᠤᠯᠠᠮ ᠨᠢᠭᠡ ᠠᠯᠬᠤᠮ ᠰᠢᠯᠢᠳᠡᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠳᠤ ᠶᠠᠮᠠᠷ ᠶᠠᠮᠠᠷ ᠲᠠᠯ᠎ᠠ ᠪᠠᠷ ᠬᠤᠪᠢᠷᠠᠯᠲᠠ ᠲᠠᠢ ᠪᠣᠶ︖ᠰᠢᠨ᠎ᠡ ᠪᠠᠷ ᠲᠣᠭᠲᠠᠭᠠᠭᠰᠠᠨ ᠠᠷᠪᠠᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠢ ᠣᠯᠠᠨ ᠲᠦᠮᠡᠨ ᠤ ᠠᠩᠬᠠᠷᠴᠤ ᠪᠠᠶᠢᠭ᠎ᠠ ᠪᠥᠭᠡᠮ ᠬᠦᠴᠢᠯ ᠤᠨ ᠪᠠᠶᠢᠴᠠᠭᠠᠯᠲᠠ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ᠂ ᠨᠢᠭᠲᠠ ᠣᠶᠢᠷᠠᠲᠤᠭᠰᠠᠳ ᠤᠨ ᠬᠠᠮᠢᠶᠠᠷᠤᠯᠲᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠵᠤ ᠪᠢᠲᠡᠭᠦᠮᠵᠢᠯᠡᠨ ᠡᠵᠡᠮᠳᠡᠬᠦ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠪᠠ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠪᠠᠲᠤᠯᠠᠬᠤ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠲᠤ ᠬᠤᠯᠪᠣᠭᠳᠠᠭᠰᠠᠨ ᠠᠮᠤᠷ ᠲᠦᠪᠰᠢᠨ ᠤ ᠪᠠᠲᠤᠯᠠᠭ᠎ᠠ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃    ᠡᠨᠡ ᠤᠳᠠᠭᠠᠨ ᠤ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ ᠶᠠᠪᠤᠳᠠᠯ ᠪᠢᠰᠢ    ᠡᠨᠡ ᠤᠳᠠᠭ᠎ᠠ ᠶᠢᠨ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ ᠶᠠᠪᠤᠳᠠᠯ ᠪᠢᠰᠢ᠂ ᠰᠠᠨᠠᠭᠠᠴᠢᠯᠠᠭ᠎ᠠ ᠲᠠᠢ ᠪᠠᠷ ᠰᠢᠯᠢᠳᠡᠭᠵᠢᠭᠦᠯᠦᠭᠰᠡᠨ ᠠᠴᠠ ᠪᠢᠰᠢ ᠰᠠᠨᠠᠭᠠᠴᠢᠯᠠᠭ᠎ᠠ ᠦᠭᠡᠢ ᠰᠢᠯᠢᠳᠡᠭᠵᠢᠭᠦᠯᠦᠭᠰᠡᠨ ᠪᠢᠰᠢ᠃ ᠣᠳᠣᠬᠠᠨ ᠳᠤ ᠮᠠᠨ ᠤ ᠤᠯᠤᠰ ᠲᠤ ᠳᠡᠯᠭᠡᠷᠡᠵᠦ ᠪᠠᠶᠢᠭ᠎ᠠ ᠣᠨᠳᠣᠣᠰᠢᠭᠰᠠᠨ ᠸᠢᠷᠦ᠋ᠰ ᠤᠨ ᠣᠨᠴᠠᠯᠢᠭ᠂ ᠬᠢᠵᠢᠭ ᠤᠨ ᠪᠠᠶᠢᠳᠠᠯ ᠤᠨ ᠳᠡᠯᠭᠡᠷᠡᠯᠲᠡ ᠶᠢᠨ ᠣᠨᠴᠠᠯᠢᠭ ᠲᠤ ᠴᠢᠭᠯᠡᠭᠦᠯᠦᠨ᠂ ᠬᠢᠵᠢᠭ ᠤᠨ ᠪᠠᠶᠢᠳᠠᠯ ᠢ ᠬᠥᠳᠡᠯᠦᠩᠭᠦᠢ ᠪᠠᠷ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢ ᠦᠨᠡᠯᠡᠬᠦ᠂ ᠢᠯᠠᠩᠭᠤᠶ᠎ᠠ ᠬᠤᠷᠢᠨ ᠵᠤᠷᠪᠤᠰ ᠢ ᠬᠡᠷᠡᠭᠵᠢᠭᠦᠯᠦᠭᠰᠡᠨ ᠤ ᠲᠠᠷᠠᠭ᠎ᠠ᠂ ᠣᠷᠣᠨ ᠨᠤᠲᠤᠭ ᠤᠨ ᠠᠰᠢᠭᠲᠠᠢ ᠲᠤᠷᠰᠢᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠳ᠋ᠦᠩᠨᠡᠬᠦ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠲᠣᠭᠲᠠᠭᠠᠭᠰᠠᠨ ᠶᠤᠮ᠃    ᠰᠢᠨ᠎ᠡ ᠲᠢᠲᠢᠮᠯᠢᠭ ᠡᠪᠡᠳᠴᠢᠲᠡᠨ ᠳᠤ ᠶᠠᠮᠠᠷ ᠶᠠᠮᠠᠷ ᠡᠮᠴᠢᠯᠡᠭᠡᠨ ᠤ ᠠᠷᠭ᠎ᠠ ᠪᠠᠷᠢᠯ ᠪᠠᠶᠢᠬᠤ ᠪᠣᠢ︖    ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠡᠩ ᠲᠡᠷᠢᠭᠦᠨ ᠳᠤ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠬᠤ ᠬᠡᠷᠡᠭᠲᠡᠢ᠃    ᠨᠢᠭᠡᠳᠦᠭᠡᠷ ᠲᠤ᠂ ᠵᠠᠷᠢᠮ ᠡᠪᠡᠳᠴᠢᠲᠡᠨ ᠬᠠᠯᠠᠭᠤᠷᠠᠬᠤ᠂ ᠬᠤᠭᠤᠯᠠᠢ ᠡᠪᠡᠳᠬᠦ᠂ ᠬᠠᠨᠢᠶᠠᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠭᠤᠣᠯᠳᠠᠭᠤ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠨ᠎ᠠ᠂ ᠵᠢᠱᠢᠶᠡᠯᠡᠪᠡᠯ ᠵᠠᠷᠢᠮ ᠬᠠᠯᠠᠭᠤᠨ ᠢ ᠪᠠᠭᠤᠷᠠᠭᠤᠯᠬᠤ ᠡᠮ᠂ ᠪᠠᠰᠠ ᠵᠠᠷᠢᠮ ᠬᠠᠨᠢᠶᠠᠳᠤ ᠶᠢ ᠵᠣᠭᠰᠣᠭᠠᠵᠤ ᠴᠡᠷ ᠢ ᠠᠷᠢᠯᠭᠠᠬᠤ ᠡᠮ ᠥᠭᠭᠦᠨ᠎ᠡ᠃    ᠬᠤᠶᠠᠳᠤᠭᠠᠷ ᠲᠤ᠂ ᠸᠢᠷᠦ᠋ᠰ ᠢ ᠡᠰᠡᠷᠭᠦᠴᠡᠬᠦ ᠡᠮ᠂ ᠡᠩ ᠤᠨ ᠬᠡᠯᠪᠡᠷᠢ ᠶᠢᠨ ᠪᠤᠶᠤ ᠬᠦᠨᠳᠦᠷᠡᠬᠦ ᠪᠣᠯᠣᠮᠵᠢ ᠲᠠᠢ ᠲᠦᠭᠰᠢᠭᠦᠷᠢ ᠶᠢᠨ ᠬᠦᠴᠦᠨ ᠵᠦᠢᠯ ᠪᠠᠶᠢᠬᠤ ᠡᠪᠡᠳᠴᠢᠲᠡᠨ ᠳᠤ ᠸᠢᠷᠦ᠋ᠰ ᠢ ᠡᠰᠡᠷᠭᠦᠴᠡᠬᠦ ᠡᠮᠴᠢᠯᠡᠭᠡ ᠶᠢ ᠡᠷᠲᠡᠬᠡᠨ ᠬᠢᠵᠦ᠂ ᠡᠪᠡᠳᠴᠢᠨ ᠨᠢ ᠬᠦᠨᠳᠦᠷᠡᠬᠦ ᠬᠤᠪᠢᠷᠠᠯᠲᠠ ᠶᠢ ᠪᠠᠭᠠᠰᠬᠠᠨ᠎ᠠ᠃ ᠭᠡᠪᠡᠴᠦ ᠸᠢᠷᠦ᠋ᠰ ᠢ ᠡᠰᠡᠷᠭᠦᠴᠡᠬᠦ ᠡᠮ ᠢ ᠵᠠᠪᠠᠯ ᠡᠮᠴᠢ ᠶᠢᠨ ᠵᠢᠯᠣᠭᠤᠳᠤᠯᠭ᠎ᠠ ᠳᠣᠣᠷ᠎ᠠ ᠤᠤᠭᠤᠬᠤ ᠬᠡᠷᠡᠭᠲᠡᠢ᠃    ᠭᠤᠷᠪᠠᠳᠤᠭᠠᠷ ᠲᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠵᠤ᠂ ᠬᠢᠲᠠᠳ ᠡᠸᠦ᠋ᠷᠦᠫᠡ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠨᠢ ᠮᠠᠰᠢ ᠴᠢᠬᠤᠯᠠ ᠶᠤᠮ᠃ ᠬᠢᠲᠠᠳ ᠡᠮ ᠨᠢ ᠸᠢᠷᠦ᠋ᠰ ᠤᠨ ᠴᠢᠨᠠᠷᠲᠠᠢ ᠬᠠᠯᠳᠠᠪᠤᠷᠢᠯᠠᠯ ᠢ ᠡᠮᠨᠡᠨ ᠵᠠᠰᠠᠬᠤ ᠶᠠᠪᠤᠴᠠ ᠳᠤ ᠣᠨᠴᠠᠭᠠᠶ ᠳᠠᠪᠠᠭᠤᠯᠢᠭ ᠲᠠᠯ᠎ᠠ ᠲᠠᠢ ᠪᠠᠶᠢᠵᠤ᠂ ᠣᠳᠣᠬᠠᠨ ᠳᠤ ᠵᠠᠷᠢᠮ ᠬᠢᠲᠠᠳ ᠡᠮᠨᠡᠯᠭᠡ ᠬᠢᠲᠠᠳ ᠡᠮ ᠢᠶᠠᠷ ᠡᠮᠨᠡᠨ ᠵᠠᠰᠠᠬᠤ ᠨᠢ ᠨᠢᠭᠡᠨ ᠮᠠᠰᠢ ᠰᠠᠶᠢᠨ ᠰᠣᠩᠭᠤᠯᠲᠠ ᠪᠣᠯᠣᠨ᠎ᠠ᠃    ᠳᠥᠷᠪᠡᠳᠦᠭᠡᠷ ᠲᠤ᠂ ᠡᠮᠴᠢᠯᠡᠭᠡᠨ ᠤ ᠶᠠᠪᠤᠴᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠪᠠ ᠰᠠᠭᠤᠷᠢ ᠴᠢᠨᠠᠷᠲᠠᠢ ᠡᠪᠡᠳᠴᠢᠨ ᠢ ᠡᠮᠨᠡᠨ ᠵᠠᠰᠠᠬᠤ ᠶᠢ ᠬᠠᠮᠲᠤ ᠲᠤ ᠨᠢ ᠬᠠᠷᠠᠭᠠᠯᠵᠠᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠠᠴᠠ ᠪᠣᠯᠵᠤ ᠰᠠᠭᠤᠷᠢ ᠴᠢᠨᠠᠷᠲᠠᠢ ᠡᠪᠡᠳᠴᠢᠨ ᠤ ᠡᠮ ᠬᠡᠷᠡᠭᠯᠡᠬᠦ ᠶᠢ ᠵᠣᠭᠰᠣᠭᠠᠵᠤ ᠪᠣᠯᠬᠤ ᠦᠭᠡᠢ᠂ ᠵᠢᠱᠢᠶᠡᠯᠡᠪᠡᠯ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠡᠪᠡᠳᠴᠢᠲᠡᠨ ᠤ ᠡᠳᠦᠷ ᠲᠤᠲᠤᠮ ᠤᠨ ᠡᠮᠴᠢᠯᠡᠭᠡ ᠶᠢ ᠲᠠᠰᠤᠯᠳᠠᠭᠤᠯᠵᠤ ᠪᠣᠯᠬᠤ ᠦᠭᠡᠢ᠃ ᠡᠶᠢᠮᠦ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠶᠢᠨ ᠬᠠᠮᠲᠤ ᠪᠠᠰᠠ ᠰᠠᠭᠤᠷᠢ ᠴᠢᠨᠠᠷᠲᠠᠢ ᠡᠪᠡᠳᠴᠢᠨ ᠢ ᠦᠷᠭᠦᠯᠵᠢᠯᠡᠨ ᠡᠮᠨᠡᠨ ᠵᠠᠰᠠᠬᠤ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃    ᠡᠮ ᠤᠨ ᠵᠦᠢᠯ ᠢ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ    ᠪᠢᠳᠡ ᠨᠢᠭᠡᠨᠲᠡ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢ ᠬᠢᠲᠠᠳ ᠡᠮ᠂ ᠡᠸᠦ᠋ᠷᠦᠫᠡ ᠡᠮ ᠵᠡᠷᠭᠡ ᠡᠮ ᠤᠨ ᠵᠦᠢᠯ᠂ ᠠᠨᠲ᠋ᠢᠭ᠍ᠸᠡ ᠤ ᠤᠷᠪᠠᠯᠵᠢ ᠶᠢ ᠪᠠᠭᠲᠠᠭᠠᠭᠰᠠᠨ ᠡᠳᠡᠭᠡᠷ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠬᠤ ᠡᠮ ᠵᠢᠴᠢ ᠸᠢᠷᠦ᠋ᠰ ᠢ ᠡᠰᠡᠷᠭᠦᠴᠡᠬᠦ ᠡᠮ ᠵᠡᠷᠭᠡ ᠶᠢ ᠪᠡᠯᠡᠳᠬᠡᠬᠦ ᠶᠢ ᠴᠢᠩᠭᠠᠳᠬᠠᠵᠤ᠂ ᠵᠣᠬᠢᠬᠤ ᠬᠡᠮᠵᠢᠶᠡᠨ ᠤ ᠪᠡᠯᠡᠳᠬᠡᠯ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠭᠦᠨ ᠤ ᠬᠠᠮᠲᠤ᠂ ᠱᠠᠲᠤ ᠲᠥᠷᠥᠯ ᠬᠤᠪᠢᠶᠠᠵᠤ ᠡᠮᠨᠡᠨ ᠵᠠᠰᠠᠬᠤ ᠪᠠᠷ ᠳᠡᠮᠵᠢᠨ᠂ ᠮᠠᠰᠢ ᠣᠯᠠᠨ ᠬᠠᠯᠳᠠᠪᠤᠷᠢᠯᠠᠭᠰᠠᠳ ᠭᠡᠷ ᠲᠤ ᠪᠠᠨ ᠰᠠᠭᠤᠵᠤ ᠡᠮᠨᠡᠨ ᠵᠠᠰᠠᠬᠤ ᠠᠷᠭ᠎ᠠ ᠮᠠᠶ᠋ᠢᠭ ᠢ ᠰᠣᠩᠭᠤᠬᠤ ᠪᠣᠯᠣᠨ᠎ᠠ᠃ ᠡᠶᠢᠮᠦ ᠠᠴᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠢᠵᠢᠭᠯᠡᠨ ᠬᠤᠳᠠᠯᠳᠤᠬᠤ ᠲᠣᠣᠷ ᠴᠡᠭ ᠵᠡᠷᠭᠡ ᠴᠦ ᠵᠣᠬᠢᠬᠤ ᠪᠡᠯᠡᠳᠬᠡᠯ ᠬᠢᠵᠦ᠂ ᠡᠮ ᠤᠨ ᠵᠦᠢᠯ ᠤᠨ ᠪᠣᠯᠣᠮᠵᠢᠲᠤ ᠴᠢᠨᠠᠷ ᠢ ᠪᠠᠲᠤᠯᠠᠬᠤ ᠬᠡᠷᠡᠭᠲᠡᠢ᠃ ᠪᠢᠳᠡ ᠪᠠᠰᠠ ᠣᠯᠠᠨ ᠵᠦᠢᠯ ᠤᠨ ᠠᠷᠭ᠎ᠠ ᠪᠠᠷ ᠡᠳᠡᠭᠡᠷ ᠡᠮ ᠢ ᠬᠡᠷᠬᠢᠨ ᠬᠡᠷᠡᠭᠯᠡᠬᠦ᠂ ᠵᠢᠴᠢ ᠠᠨᠲ᠋ᠢᠭ᠍ᠸᠡ ᠤ ᠤᠷᠪᠠᠯᠵᠢ ᠶᠢ ᠬᠡᠷᠬᠢᠨ ᠬᠡᠷᠡᠭᠯᠡᠬᠦ ᠶᠢ ᠣᠯᠠᠨ ᠳᠤ ᠮᠡᠳᠡᠭᠦᠯᠵᠦ᠂ ᠡᠮ ᠬᠡᠷᠡᠭᠯᠡᠬᠦ ᠠᠶᠤᠯ ᠦᠭᠡᠢ ᠪᠠᠶᠢᠬᠤ ᠶᠢ ᠪᠠᠲᠤᠯᠠᠨ᠎ᠠ᠃    ᠡᠮ ᠤᠨ ᠵᠦᠢᠯ ᠢ ᠬᠤᠷᠠᠮᠳᠤᠭᠤᠯᠤᠨ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ᠃ ᠪᠦᠬᠦᠶᠢᠯᠡ ᠠᠵᠢᠯ ᠤᠨ ᠪᠠᠶᠢᠷᠢᠯᠠᠭᠤᠯᠤᠯᠲᠠ ᠶᠢ ᠳᠠᠭᠠᠯᠳᠤᠨ᠂ ᠡᠮ ᠤᠨ ᠵᠦᠢᠯ ᠤᠨ ᠪᠣᠷᠤᠯᠠᠭᠤᠯᠭ᠎ᠠ ᠶᠢᠨ ᠲᠣᠣᠷ ᠴᠡᠭ ᠲᠤ ᠭᠡᠰᠡᠨ ᠦᠭᠡᠢ᠂ ᠡᠮᠴᠢᠯᠡᠭᠡᠨ ᠤ ᠪᠠᠶᠢᠭᠤᠯᠤᠮᠵᠢ ᠳᠤ ᠭᠡᠰᠡᠨ ᠦᠭᠡᠢ ᠂ ᠡᠲᠡᠭᠡᠷ ᠡᠮ ᠤᠨ ᠵᠦᠢᠯ ᠭᠦᠢᠴᠡᠳ ᠪᠠᠶᠢᠨ᠎ᠠ᠃    ᠬᠠᠯᠠᠭᠤᠷᠠᠯ ᠤᠨ ᠡᠭᠦᠳᠡᠨ ᠡᠮᠨᠡᠯᠭᠡ ᠶᠢᠨ ᠡᠮᠴᠢᠯᠡᠭᠡ ᠶᠢ ᠭᠥᠯᠢᠶᠡᠨ ᠠᠪᠬᠤ ᠠᠯᠬᠤᠮ ᠳᠠᠷᠠᠭ᠎ᠠ ᠨᠢ ᠶᠠᠮᠠᠷ ᠪᠣᠢ︖    ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠳᠤ ᠬᠦᠷᠪᠡᠯ᠂ ᠡᠮᠴᠢ ᠠᠴᠠ ᠡᠪᠡᠳᠴᠢᠨ ᠤ ᠲᠡᠦᠬᠡ᠂ ᠣᠨᠴᠠᠭᠠᠶᠢᠯᠠᠨ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢ ᠠᠰᠠᠭᠤᠬᠤ ᠶᠢᠨ ᠬᠠᠮᠲᠤ ᠴᠢᠰᠤᠨ ᠤ ᠪᠠᠶᠢᠴᠠᠭᠠᠯᠲᠠ᠂ ᠡᠪᠡᠳᠴᠢᠨ ᠡᠭᠦᠰᠬᠡᠭᠴᠢ ᠶᠢᠨ ᠤᠬᠠᠭᠠᠨ ᠤ ᠪᠠᠶᠢᠴᠠᠭᠠᠯᠲᠠ ᠵᠡᠷᠭᠡ ᠶᠢ ᠪᠠᠭᠲᠠᠭᠠᠭᠰᠠᠨ ᠠᠨᠠᠭᠠᠬᠤ ᠤᠬᠠᠭᠠᠨ ᠤ ᠪᠠᠶᠢᠴᠠᠭᠠᠯᠲᠠ ᠬᠢᠨ᠎ᠡ᠃ ᠡᠳᠡᠭᠡᠷ ᠪᠠᠶᠢᠴᠠᠭᠠᠯᠲᠠ ᠪᠠᠷ ᠳᠠᠮᠵᠢᠨ ᠡᠮᠴᠢ ᠠᠴᠠ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠶᠤᠮ ᠦᠦ ᠡᠰᠡᠬᠦᠯ᠎ᠡ ᠪᠤᠰᠤᠳ ᠡᠪᠡᠳᠴᠢᠨ ᠶᠤᠮ ᠦᠦ ᠭᠡᠳᠡᠭ ᠢ ᠮᠠᠭᠠᠳᠯᠠᠨ ᠣᠨᠣᠰᠢᠯᠠᠨ᠎ᠠ᠃    ᠡᠭᠦᠨ ᠤ ᠬᠠᠮᠲᠤ᠂ ᠬᠠᠯᠠᠭᠤᠷᠠᠯ ᠤᠨ ᠡᠭᠦᠳᠡᠨ ᠡᠮᠨᠡᠯᠭᠡ ᠳᠤ ᠠᠩᠬᠠᠨ ᠤ ᠡᠮᠴᠢᠯᠡᠭᠡᠨ ᠤ ᠡᠮᠴᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠱᠠᠭᠠᠷᠳᠠᠨ᠎ᠠ᠃ ᠡᠶᠢᠮᠦ ᠠᠴᠠ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ᠂ ᠠᠯᠢ ᠠᠯᠢ ᠰᠠᠯᠠᠭ᠎ᠠ ᠲᠠᠰᠤᠭ ᠲᠤ ᠰᠢᠯᠵᠢᠭᠦᠯᠬᠦ᠂ ᠠᠯᠢ ᠠᠯᠢ ᠭᠠᠵᠠᠷ ᠲᠤ ᠤᠯᠠᠮ ᠨᠢᠭᠡ ᠠᠯᠬᠤᠮ ᠡᠮᠨᠡᠭᠦᠯᠬᠦ ᠳᠤ ᠪᠦᠷ ᠠᠯᠢ ᠣᠯᠠᠨ ᠲᠣᠬᠢᠷᠠᠭᠤᠯᠤᠯᠲᠠ ᠲᠠᠢ ᠪᠠᠶᠢᠳᠠᠭ᠃ᠡᠭᠦᠨ ᠤ ᠬᠠᠮᠲᠤ᠂ ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠶᠠᠪᠤᠴᠠ ᠳᠤ ᠪᠠᠨ ᠠᠮᠠᠪᠴᠢ ᠪᠠᠨ ᠰᠠᠶᠢᠲᠤᠷ ᠵᠡᠭᠦᠵᠦ᠂ ᠡᠮᠨᠡᠯᠭᠡ ᠶᠢᠨ ᠬᠤᠷᠢᠶᠠᠨ ᠤ ᠠᠵᠢᠯ ᠤᠨ ᠠᠯᠬᠤᠮ ᠳᠠᠷᠠᠭ᠎ᠠ ᠪᠠᠷ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠬᠡᠷᠡᠭᠲᠡᠢ᠃  ᠪᠠᠰᠠ ᠬᠠᠯᠠᠭᠤᠷᠠᠯ ᠤᠨ ᠡᠭᠦᠳᠡᠨ ᠡᠮᠨᠡᠯᠭᠡ ᠳᠤ ᠪᠤᠰᠤᠳ ᠬᠥᠮᠥᠨ ᠲᠠᠢ ᠴᠤᠭᠯᠠᠷᠠᠬᠤ ᠪᠠ ᠣᠶᠢᠷᠠᠳᠬᠤ ᠠᠴᠠ ᠵᠠᠶᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃    ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠤᠶᠢᠯ ᠤᠨ ᠠᠮᠤᠷ ᠲᠦᠪᠰᠢᠨ ᠪᠠᠶᠢᠵᠤ᠂ ᠲᠠᠷᠢᠯᠭ᠎ᠠ ᠬᠢᠭᠰᠡᠨ ᠤ ᠳᠠᠷᠠᠭ᠎ᠠ ᠣᠯᠬᠤ ᠠᠰᠢᠭ ᠲᠤᠰᠠ ᠨᠢ ᠠᠶᠤᠯ ᠲᠦᠭᠰᠢᠭᠦᠷᠢ ᠠᠴᠠ ᠬᠤᠯᠠ ᠶᠡᠭᠡ ᠪᠠᠶᠢᠳᠠᠭ    ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠮᠠᠨ ᠤ ᠤᠯᠤᠰ ᠤᠨ ᠨᠢᠭᠡᠨᠲᠡ ᠳᠠᠷᠢᠭᠰᠠᠨ 34 ᠳ᠋ᠦᠩᠰᠢᠭᠤᠷ ᠭᠠᠷᠤᠢ ᠲᠠᠷᠢᠯᠭ᠎ᠠ᠂ 13 ᠳ᠋ᠦᠩᠰᠢᠭᠤᠷ ᠭᠠᠷᠤᠢ ᠬᠥᠮᠥᠨ ᠤ ᠡᠷᠡᠭᠦᠯ ᠪᠤᠰᠤ ᠲᠤᠰᠬᠠᠯ ᠤᠨ ᠬᠢᠨᠠᠨ ᠰᠢᠨᠵᠢᠯᠡᠯᠲᠡ ᠬᠢᠭᠡᠳ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠡᠷᠡᠭᠦᠯ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠮᠠᠨ ᠤ ᠵᠢᠯ ᠲᠤᠷᠰᠢ ᠳᠠᠷᠢᠳᠠᠭ ᠪᠤᠰᠤᠳ ᠵᠠᠷᠢᠮ ᠸᠠᠺᠼᠢᠨ ᠤ  ᠬᠢ ᠲᠠᠢ ᠠᠳᠠᠯᠢ ᠪᠥᠭᠡᠳ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠵᠠᠯᠠᠭᠤ ᠬᠥᠮᠥᠰ ᠤᠨ ᠬᠢ ᠠᠴᠠ ᠵᠢᠭᠠᠬᠠᠨ ᠳᠣᠣᠷ᠎ᠠ ᠪᠠᠶᠢᠳᠠᠭ᠃    ᠣᠳᠣᠬᠠᠨ ᠳᠤ᠂ ᠮᠠᠨ ᠤ ᠤᠯᠤᠰ ᠨᠢᠭᠡᠨᠲᠡ ᠪᠥᠬᠦ ᠳᠡᠯᠡᠬᠡᠢ ᠶᠢᠨ 120 ᠭᠠᠷᠤᠢ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ ᠨᠡᠶᠢᠲᠡ 22 ᠳ᠋ᠦᠩᠰᠢᠭᠤᠷ ᠭᠠᠷᠤᠢ ᠲᠠᠷᠢᠯᠭ᠎ᠠ ᠶᠢᠨ ᠸᠠᠺᠼᠢᠨ ᠢ ᠬᠠᠩᠭᠠᠭᠰᠠᠨ ᠪᠠᠶᠢᠨ᠎ᠠ᠃ ᠮᠡᠳᠡᠭᠡᠯᠡᠯ ᠠᠴᠠ ᠦᠵᠡᠪᠡᠯ᠂ 30 ᠭᠠᠷᠤᠢ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠡᠷᠢᠭᠦᠨ᠂ ᠵᠠᠰᠠᠭ ᠤᠨ ᠣᠷᠳᠣᠨ ᠤ ᠲᠤᠰᠢᠶᠠᠯᠲᠠᠨ ᠲᠦᠷᠦᠭᠦᠯᠡᠨ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠢᠪᠡ᠃ ᠮᠠᠨ ᠤ ᠪᠦᠷᠢᠨ ᠪᠤᠰᠤ ᠪᠦᠷᠢᠳᠬᠡᠯ ᠠᠴᠠ ᠦᠵᠡᠪᠡᠯ᠂ ᠪᠥᠬᠦ ᠳᠡᠯᠡᠬᠡᠢ ᠳᠤ ᠣᠲᠣ ᠪᠣᠯᠲᠠᠯ᠎ᠠ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠳᠠᠷᠢᠭᠰᠠᠨ ᠨᠢ ᠨᠢᠭᠡᠨᠲᠡ 10 ᠳ᠋ᠦᠩᠰᠢᠭᠤᠷ ᠢ ᠳᠠᠪᠠᠵᠤ᠂ ᠴᠥᠮ ᠲᠤᠶᠢᠯ ᠤᠨ ᠠᠮᠤᠷ ᠲᠦᠪᠰᠢᠨ ᠪᠠᠶᠢᠳᠠᠭ᠃ ᠨᠠᠮ ᠪᠣᠯᠣᠨ ᠲᠥᠷᠥ ᠶᠢᠨ ᠣᠳᠣ ᠶᠢᠨ ᠲᠤᠰᠢᠶᠠᠯ ᠳᠤ ᠪᠠᠶᠢᠭ᠎ᠠ ᠤᠳᠤᠷᠢᠳᠬᠤ ᠬᠥᠮᠥᠰ ᠴᠥᠮ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠪᠥᠭᠡᠳ ᠡᠩ ᠤᠨ ᠠᠷᠠᠳ ᠢᠷᠭᠡᠳ ᠲᠠᠢ ᠠᠳᠠᠯᠢᠬᠠᠨ ᠤᠯᠤᠰ ᠲᠤ ᠪᠠᠨ ᠦᠢᠯᠡᠳᠪᠦᠷᠢᠯᠡᠭᠰᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠪᠠᠶᠢᠨ᠎ᠠ᠃    ᠤᠳᠠᠭᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ ᠲᠠᠰᠤ ᠴᠡᠭᠡᠷᠯᠡᠯ ᠪᠢᠰᠢ    ᠵᠠᠷᠢᠮ ᠨᠠᠰᠤᠲᠠᠶᠢᠴᠤᠳ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠲᠠᠯ᠎ᠠ ᠪᠠᠷ ᠰᠠᠨᠠᠭᠠᠰᠢᠷᠠᠵᠤ ᠪᠠᠶᠢᠨ᠎ᠠ᠃ ᠡᠲᠡᠭᠡᠷ ᠤᠳᠠᠭᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ ᠲᠠᠰᠤ ᠴᠡᠭᠡᠷᠯᠡᠯ ᠪᠢᠰᠢ᠂ ᠡᠲᠡᠭᠡᠷ ᠤᠳᠠᠭᠠᠨ ᠴᠢᠨᠠᠷᠲᠠᠢ ᠡᠪᠡᠳᠴᠢᠨ ᠢ ᠰᠠᠶᠢᠲᠤᠷ ᠡᠵᠡᠮᠳᠡᠵᠦ᠂  ᠲᠣᠭᠲᠠᠭᠤᠨ ᠪᠠᠶᠢᠳᠠᠯ ᠳᠤ ᠪᠠᠶᠢᠯᠭᠠᠳᠠᠭ ᠯᠠ ᠶᠤᠮ ᠪᠣᠯ ᠴᠥᠮ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠭᠡᠳᠡᠭ ᠢ ᠣᠯᠠᠨ ᠳᠤ ᠲᠣᠳᠣᠷᠬᠠᠢ ᠬᠡᠯᠡᠵᠦ ᠪᠣᠯᠣᠨ᠎ᠠ᠃   ᠣᠳᠣᠬᠠᠨ ᠳᠤ ᠲᠠᠷᠢᠯᠭ᠎ᠠ ᠲᠠᠷᠢᠵᠤ ᠪᠣᠯᠬᠤ ᠦᠭᠡᠢ ᠪᠤᠶᠤ ᠲᠦᠷ ᠬᠤᠶᠢᠰᠢᠯᠠᠭᠤᠯᠬᠤ 4 ᠵᠦᠢᠯ ᠤᠨ ᠪᠠᠶᠢᠳᠠᠯ ᠢ ᠲᠣᠭᠲᠠᠭᠠᠪᠠ᠃   ᠨᠢᠭᠡᠳᠦᠭᠡᠷ ᠲᠤ᠂ ᠨᠠᠰᠤᠲᠠᠶᠢᠴᠤᠳ ᠥᠩᠭᠡᠷᠡᠭᠰᠡᠨ ᠳᠤ ᠸᠠᠺᠼᠢᠨ ᠤ ᠲᠠᠷᠢᠯᠭ᠎ᠠ ᠳᠤ ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠴᠤ ᠥᠩᠭᠡᠷᠡᠭᠰᠡᠨ ᠦᠶ᠎ᠡ ᠳᠤ ᠂ ᠵᠢᠱᠢᠶᠡᠯᠡᠪᠡᠯ ᠬᠠᠷᠰᠢᠮᠠᠲᠠᠭᠠᠢ ᠴᠢᠨᠠᠷᠲᠠᠢ ᠱᠣᠺ᠂ ᠲᠥᠪᠥᠩᠬᠡᠢ ᠶᠢᠨ ᠤᠰᠤᠨ ᠬᠠᠪᠤᠩ ᠵᠡᠷᠭᠡ ᠪᠠᠶᠢᠳᠠᠯ ᠭᠠᠷᠴᠤ ᠥᠩᠭᠡᠷᠡᠭᠰᠡᠨ ᠪᠠᠶᠢᠪᠠᠯ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠵᠤ ᠪᠣᠯᠬᠤ ᠦᠭᠡᠢ᠃   ᠬᠤᠶᠠᠳᠤᠭᠠᠷ ᠲᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠠᠴᠠ ᠪᠣᠯᠵᠤ ᠲᠦᠷᠭᠡᠨ ᠴᠢᠨᠠᠷᠲᠠᠢ ᠬᠠᠯᠠᠭᠤᠷᠠᠯ ᠤᠨ ᠬᠤᠭᠤᠴᠠᠭᠠᠨ ᠳᠤ ᠪᠠᠨ ᠪᠠᠶᠢᠬᠤ ᠦᠶ᠎ᠡ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷ ᠬᠤᠶᠢᠰᠢᠯᠠᠭᠤᠯᠵᠤ᠂ ᠡᠵᠡᠮᠳᠡᠭᠰᠡᠨ ᠤ ᠳᠠᠷᠠᠭ᠎ᠠ ᠳᠠᠭᠢᠵᠤ ᠲᠠᠷᠢᠯᠭ᠎ᠠ ᠬᠢᠬᠦ ᠶᠢ ᠰᠠᠨᠠᠭᠤᠯᠵᠤ ᠪᠠᠶᠢᠨ᠎ᠠ᠃   ᠭᠤᠷᠪᠠᠳᠤᠭᠠᠷ ᠲᠤ᠂ ᠤᠳᠠᠭᠠᠨ ᠴᠢᠨᠠᠷᠲᠠᠢ ᠡᠪᠡᠳᠴᠢᠨ ᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠪᠠᠶᠢᠪᠠᠯ᠂ ᠵᠢᠱᠢᠶᠡᠯᠡᠪᠡᠯ ᠬᠠᠪᠤᠳᠠᠷ ᠤᠨ ᠡᠪᠡᠳᠴᠢᠲᠡᠨ ᠬᠢᠮᠢ ᠶᠢᠨ ᠵᠠᠰᠠᠯᠭ᠎ᠠ ᠶᠢᠨ ᠬᠤᠭᠤᠴᠠᠭᠠᠨ ᠳᠤ ᠪᠠᠶᠢᠬᠤ ᠪᠤᠶᠤ ᠴᠢᠰᠤᠨ ᠳᠠᠷᠤᠯᠲᠠ ᠥᠨᠳᠥᠷ ᠡᠪᠡᠳᠴᠢᠲᠡᠨ ᠴᠢᠰᠤᠨ ᠳᠠᠷᠤᠯᠲᠠ ᠥᠨᠳᠥᠷ ᠡᠪᠡᠳᠴᠢᠨ ᠤ ᠲᠦᠭᠰᠢᠭᠦᠷᠢᠲᠦ ᠪᠠᠶᠢᠳᠠᠯ ᠳᠤ ᠪᠠᠶᠢᠬᠤ᠂ ᠵᠢᠷᠦᠬᠡᠨ ᠲᠢᠲᠢᠮ ᠤᠨ ᠡᠪᠡᠳᠴᠢᠲᠡᠨ ᠵᠢᠷᠦᠬᠡᠨ ᠪᠤᠯᠴᠢᠩ ᠤᠨ ᠲᠦᠭᠵᠢᠷᠡᠯ ᠬᠥᠳᠡᠯᠬᠦ ᠬᠤᠭᠤᠴᠠᠭᠠᠨ ᠳᠤ ᠪᠠᠶᠢᠬᠤ᠂ ᠵᠠᠷᠢᠮ ᠮᠡᠳᠡᠷᠡᠯ ᠤᠨ ᠴᠢᠨᠠᠷᠲᠠᠢ ᠡᠪᠡᠳᠴᠢᠨ ᠲᠠᠢ ᠡᠪᠡᠳᠴᠢᠲᠡᠨ ᠡᠪᠡᠳᠴᠢᠨ ᠤ ᠬᠥᠭᠵᠢᠯᠲᠡ ᠶᠢᠨ ᠬᠤᠭᠤᠴᠠᠭᠠᠨ ᠳᠤ ᠪᠠᠶᠢᠬᠤ᠂ ᠪᠠᠰᠠ ᠤᠨᠠᠳᠠᠭ ᠡᠪᠡᠳᠴᠢᠨ ᠨᠢ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠪᠠᠨ ᠪᠠᠶᠢᠬᠤ ᠮᠡᠲᠦ ᠶᠢᠨ ᠡᠪᠡᠳᠴᠢᠲᠡᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷ ᠬᠤᠶᠢᠰᠢᠯᠠᠭᠤᠯᠬᠤ ᠶᠢ ᠰᠠᠨᠠᠭᠤᠯᠤᠶ᠎ᠠ᠂ ᠡᠪᠡᠳᠴᠢᠨ ᠤ ᠪᠠᠶᠢᠳᠠᠯ ᠨᠢ ᠲᠣᠭᠲᠠᠭᠤᠨ ᠪᠣᠯᠤᠭᠰᠠᠨ ᠤ ᠳᠠᠷᠠᠭ᠎ᠠ ᠳᠠᠬᠢᠨ ᠲᠠᠷᠢᠯᠭ᠎ᠠ ᠬᠢᠵᠦ ᠪᠣᠯᠣᠨ᠎ᠠ᠃    ᠳᠥᠷᠪᠡᠳᠦᠭᠡᠷ ᠲᠤ᠂ ᠬᠦᠨᠳᠦ ᠡᠪᠡᠳᠴᠢᠨ ᠪᠤᠶᠤ ᠤᠳᠠᠭᠠᠨ ᠴᠢᠨᠠᠷᠲᠠᠢ ᠡᠪᠡᠳᠴᠢᠨ ᠨᠢ ᠨᠢᠭᠡᠨᠲᠡ ᠠᠮᠢ ᠨᠠᠰᠤᠨ ᠤ ᠡᠴᠦᠰ ᠤᠨ ᠬᠤᠭᠤᠴᠠᠭᠠᠨ ᠳᠤ ᠣᠷᠣᠭᠰᠠᠨ ᠪᠣᠯ ᠸᠠᠺᠼᠢᠨ ᠤ ᠲᠠᠷᠢᠯᠭ᠎ᠠ ᠬᠢᠬᠦ ᠶᠢ ᠪᠢᠳᠡ ᠰᠠᠨᠠᠭᠠᠴᠢᠯᠠᠬᠤ ᠦᠭᠡᠢ᠃ᠳᠠᠬᠢᠨᠲᠠ ᠴᠢᠬᠤᠯᠠᠴᠢᠯᠠᠬᠤ ᠨᠢ᠂ ᠨᠠᠰᠤᠲᠠᠶᠢᠴᠤᠳ ᠲᠤ ᠠᠪᠴᠤ ᠬᠡᠯᠡᠪᠡᠯ᠂ ᠨᠥᠬᠦᠴᠡᠯ ᠳᠤ ᠨᠡᠶᠢᠴᠡᠳᠡᠭ ᠯᠡ ᠶᠤᠮ ᠪᠣᠯ ᠵᠠᠪᠠᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷᠭᠡᠳᠬᠡᠵᠦ᠂ ᠲᠠᠷᠢᠬᠤ ᠶᠣᠰᠣᠲᠠᠢ ᠪᠣᠯ ᠴᠥᠮ ᠲᠠᠷᠢᠬᠤ ᠬᠡᠷᠡᠭᠲᠡᠢ᠂ ᠢᠩᠭᠢᠪᠡᠯ ᠰᠠᠶ᠋ᠢ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢᠶᠠᠨ ᠨᠠᠩ ᠰᠠᠶᠢᠲᠤᠷ ᠬᠠᠮᠠᠭᠠᠯᠠᠵᠤ ᠴᠢᠳᠠᠨ᠎ᠠ᠃   ᠲᠥᠷᠥ ᠶᠢᠨ ᠪᠣᠳᠣᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ   ᠲᠥᠷᠥ ᠶᠢᠨ ᠪᠣᠳᠣᠯᠭ᠎ᠠ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠵᠢᠱᠢᠶᠡᠯᠡᠪᠡᠯ᠂ ᠵᠠᠰᠠᠭ ᠵᠠᠬᠢᠷᠭᠠᠨ ᠤ ᠣᠷᠣᠨ ᠤ ᠬᠡᠪᠴᠢᠶ᠎ᠡ ᠪᠠᠷ ᠪᠥᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ ᠥᠷᠨᠢᠭᠦᠯᠬᠦ ᠦᠭᠡᠢ ᠪᠠᠶᠢᠬᠤ ᠶᠢ ᠱᠠᠭᠠᠷᠳᠠᠨ᠎ᠠ᠂ ᠭᠡᠪᠡᠴᠦ ᠪᠢᠳᠡ ᠪᠠᠶᠢᠴᠠᠭᠠᠨ ᠰᠢᠯᠭᠠᠬᠤ ᠱᠠᠭᠠᠷᠳᠠᠯᠭ᠎ᠠ ᠲᠠᠢ ᠬᠥᠮᠥᠰ ᠢ ᠰᠠᠶᠢᠲᠤᠷ ᠪᠠᠲᠤᠯᠠᠬᠤ ᠬᠡᠷᠡᠭᠲᠡᠢ︔ ᠪᠠᠰᠠ ᠵᠢᠱᠢᠶᠡᠯᠡᠪᠡᠯ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠭᠡᠷ ᠲᠤ ᠨᠢ ᠲᠤᠰᠠᠭᠠᠷᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠠᠯ᠎ᠠ ᠶᠢᠨ ᠰᠢᠨ᠎ᠡ ᠬᠠᠯᠳᠠᠪᠤᠷᠢᠯᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠡᠮ ᠡᠮᠨᠡᠯᠭᠡ ᠶᠢᠨ ᠡᠬᠢ ᠪᠠᠶᠠᠯᠢᠭ ᠢ ᠪᠡᠯᠡᠳᠬᠡᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠢ ᠭᠤᠣᠯᠳᠠᠯᠭ᠎ᠠ ᠲᠠᠢ ᠬᠥᠮᠥᠰ ᠲᠤ ᠨᠡᠩ ᠢᠯᠡᠭᠦᠦ ᠬᠦᠷᠲᠡᠭᠡᠵᠦ᠂ ᠲᠡᠳᠡᠨ ᠤ ᠡᠷᠡᠭᠦᠯ ᠴᠢᠭᠢᠷᠠᠭ ᠤᠨ ᠪᠠᠶᠢᠳᠠᠯ ᠢ ᠣᠶᠢᠯᠠᠭᠠᠵᠤ᠂ ᠪᠠᠶᠢᠳᠠᠯ ᠢ ᠣᠶᠢᠯᠠᠭᠠᠨ ᠳᠠᠩᠰᠠ ᠡᠪᠬᠡᠮᠡᠯ ᠪᠠᠶᠢᠭᠤᠯᠬᠤ ᠪᠠ ᠱᠠᠲᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠠᠵᠢᠯ ᠢᠶᠠᠨ ᠨᠡᠩ ᠪᠣᠳᠠᠲᠠᠢ᠂ ᠨᠡᠩ ᠨᠠᠷᠢᠯᠢᠭ ᠪᠥᠭᠡᠳ ᠨᠡᠩ ᠬᠠᠯᠠᠭᠤᠮᠰᠤᠭ ᠬᠢᠬᠦ ᠬᠡᠷᠡᠭᠲᠡᠢ᠃    ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ    ᠠᠰᠠᠷ᠂ ᠣᠷᠣᠴᠠ᠂ ᠳᠠᠪᠬᠤᠷᠭ᠎ᠠ᠂ ᠰᠠᠭᠤᠭᠠᠯᠢ ᠡᠷᠤᠭᠡ ᠪᠠᠷ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠥᠷᠭᠡᠳᠬᠡᠵᠦ ᠪᠣᠯᠬᠤ ᠦᠭᠡᠢ᠃ ᠵᠠᠰᠠᠭ ᠵᠠᠬᠢᠷᠭᠠᠨ ᠤ ᠣᠷᠣᠨ ᠬᠡᠪᠴᠢᠶ᠎ᠡ ᠶᠣᠰᠣᠭᠠᠷ ᠪᠥᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ ᠥᠷᠨᠢᠭᠦᠯᠵᠦ ᠪᠣᠯᠬᠤ ᠦᠭᠡᠢ᠃ ᠣᠨᠴᠠᠭᠠᠶ ᠲᠠᠯᠠᠪᠤᠷ ᠭᠠᠵᠠᠷ ᠠᠴᠠ ᠭᠠᠳᠠᠨ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠬᠠᠩᠭᠠᠬᠤ ᠶᠢ ᠳᠠᠭᠢᠵᠤ ᠱᠠᠭᠠᠷᠳᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠦᠭᠡᠢ᠃ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠪᠠᠰᠠ ᠳᠠᠭᠢᠵᠤ ᠬᠦᠷᠬᠦ ᠭᠠᠵᠠᠷ ᠲᠤ ᠨᠢ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠭᠡᠢ ᠪᠠᠶᠢᠵᠤ᠂ ᠬᠢᠵᠢᠭ ᠤᠨ ᠪᠠᠶᠢᠳᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃   ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠦᠵᠡᠭᠳᠡᠯ ᠭᠠᠷᠬᠤ ᠠᠴᠠ ᠴᠢᠩᠭ᠎ᠠ ᠰᠡᠷᠭᠡᠶᠢᠯᠡᠨ᠎ᠡ    ᠣᠳᠣᠬᠠᠨ ᠳᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠨᠢᠭᠲᠠ ᠠᠩᠬᠠᠷᠴᠤ᠂ ᠡᠯ᠎ᠡ ᠭᠠᠵᠠᠷ ᠤᠨ ᠬᠢᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ᠂ ᠦᠬᠦᠯ ᠤᠨ ᠪᠠᠶᠢᠳᠠᠯ ᠵᠢᠴᠢ ᠡᠮᠴᠢᠯᠡᠭᠡᠨ ᠤ ᠡᠬᠢ ᠪᠠᠶᠠᠯᠢᠭ ᠢ ᠡᠵᠡᠯᠡᠨ ᠬᠡᠷᠡᠭᠯᠡᠭᠰᠡᠨ ᠪᠠᠶᠢᠳᠠᠯ ᠢ ᠮᠡᠳᠡᠭᠦᠯᠵᠦ᠂ ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃    ᠨᠢᠭᠡ ᠳᠤ᠂ ᠸᠠᠺᠼᠢᠨ᠂ ᠡᠮ ᠤᠨ ᠵᠦᠢᠯ ᠢ ᠰᠤᠳᠤᠯᠤᠨ ᠨᠡᠭᠡᠭᠡᠵᠦ᠂ ᠸᠠᠺᠼᠢᠨ ᠤ ᠲᠠᠷᠢᠯᠭ᠎ᠠ ᠪᠠ ᠡᠮ ᠤᠨ ᠵᠦᠢᠯ ᠢ ᠨᠥᠭᠡᠴᠡᠯᠡᠨ᠎ᠡ᠃ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠨᠢᠭᠡᠨᠲᠡ ᠢᠳᠡᠪᠬᠢᠲᠡᠢ ᠠᠬᠢᠴᠠ ᠲᠠᠢ ᠪᠣᠯᠵᠤ᠂ ᠪᠥᠬᠦ ᠬᠥᠮᠥᠰ ᠤᠨ ᠸᠠᠺᠼᠢᠨ ᠤ ᠲᠠᠷᠢᠯᠭ᠎ᠠ ᠶᠢ ᠪᠦᠷᠢᠨ ᠳᠠᠷᠢᠭᠰᠠᠨ ᠨᠣᠷᠮ᠎ᠠ ᠨᠢ 90% ᠶᠢ ᠳᠠᠪᠠᠵᠠᠢ᠃ ᠣᠶᠢᠷ᠎ᠠ ᠳᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠳᠤ ᠴᠢᠭᠯᠡᠭᠦᠯᠦᠨ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠵᠦ᠂ ᠡᠮ ᠤᠨ ᠵᠦᠢᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠨᠥᠭᠡᠴᠡᠯᠡᠬᠦ ᠶᠢ ᠴᠢᠩᠭᠠᠳᠬᠠᠵᠤ᠂ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠡᠮ᠂ ᠬᠢᠲᠠᠳ ᠡᠮ ᠵᠢᠴᠢ ᠬᠡᠦᠬᠡᠳ ᠨᠠᠰᠤᠲᠠᠶᠢᠴᠤᠳ ᠢ ᠡᠮᠨᠡᠨ ᠵᠠᠰᠠᠬᠤ ᠡᠮ ᠪᠠ ᠡᠩ ᠤᠨ ᠡᠮ ᠢ ᠭᠤᠣᠯᠳᠠᠯᠭ᠎ᠠ ᠲᠠᠢ ᠨᠥᠭᠡᠴᠡᠯᠡᠨ᠎ᠡ᠃   ᠬᠤᠶᠠᠷ ᠲᠤ᠂ ᠡᠮᠴᠢᠯᠡᠭᠡᠨ ᠤ ᠠᠪᠤᠷᠠᠨ ᠵᠠᠰᠠᠬᠤ ᠡᠬᠢ ᠪᠠᠶᠠᠯᠢᠭ ᠤᠨ ᠪᠡᠯᠡᠳᠬᠡᠯ ᠢ ᠴᠢᠩᠭᠠᠳᠬᠠᠨ᠎ᠠ᠃ ᠱᠠᠲᠤ ᠬᠤᠪᠢᠶᠠᠨ ᠣᠨᠣᠰᠢᠯᠠᠨ  ᠡᠮᠨᠡᠵᠦ ᠠᠪᠤᠷᠠᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠲᠡᠨ ᠤ ᠣᠷᠣ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠬᠢᠭᠡᠳ ᠡᠳ᠋ ᠪᠣᠳᠠᠰ ᠢ ᠨᠡᠮᠡᠭᠳᠡᠭᠦᠯᠦᠨ᠎ᠡ᠃ ᠰᠢᠨ᠎ᠡ ᠪᠠᠷ ᠬᠠᠯᠳᠠᠪᠤᠷᠢᠯᠠᠭᠰᠠᠳ ᠢ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠵᠦ᠂ ᠠᠯᠢ ᠴᠢᠳᠠᠬᠤ ᠪᠠᠷ ᠬᠡᠪ ᠤᠨ ᠡᠮᠴᠢᠯᠡᠭᠡᠨ ᠤ ᠦᠢᠯᠡᠴᠢᠯᠡᠭᠡ ᠶᠢ ᠨᠥᠯᠥᠭᠡᠯᠡᠬᠦ ᠦᠭᠡᠢ ᠪᠠᠶᠢᠵᠤ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠨ᠎ᠠ᠃ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠡᠭᠦᠳᠡ ᠰᠠᠬᠢᠭᠴᠢ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃   ᠭᠤᠷᠪᠠ ᠳᠤ᠂ ᠸᠢᠷᠦ᠋ᠰ ᠤᠨ ᠣᠨᠳᠣᠣᠰᠢᠯ᠂ ᠡᠪᠡᠳᠴᠢᠨ ᠡᠮᠭᠡᠭ ᠤᠨ ᠬᠦᠨᠳᠦ ᠨᠣᠴᠢᠲᠠᠢ ᠴᠢᠨᠠᠷ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠤᠨ ᠬᠢᠨᠠᠨ ᠰᠢᠨᠵᠢᠯᠡᠯᠲᠡ ᠶᠢ ᠴᠢᠩᠭᠠᠳᠬᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠠᠰᠠᠷᠠᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠡᠵᠡᠮᠳᠡᠯ ᠢ ᠴᠢᠩᠭᠠᠷᠠᠭᠤᠯᠵᠤ᠂ ᠨᠡᠶᠢᠭᠡᠮ ᠤᠨ ᠬᠡᠪ ᠤᠨ ᠠᠵᠢᠯᠯᠠᠭᠠᠨ ᠢ ᠪᠠᠲᠤᠯᠠᠨ᠂ ᠬᠡᠪ ᠤᠨ ᠦᠢᠯᠡᠳᠪᠦᠷᠢᠯᠡᠯ ᠠᠵᠢᠯ ᠤᠨ ᠡᠮᠬᠢ ᠳᠢᠭᠯᠢᠮ ᠢ ᠴᠢᠳᠠᠬᠤ ᠶᠢᠨ ᠬᠢᠷᠢ ᠪᠠᠷ ᠬᠠᠮᠠᠭᠠᠯᠠᠵᠤ᠂ ᠣᠯᠠᠨ ᠲᠦᠮᠡᠨ ᠤ ᠲᠤᠰᠬᠠᠭᠰᠠᠨ ᠪᠠᠴᠢᠮᠳᠠᠬᠤ  ᠬᠦᠴᠢᠷᠳᠡᠬᠦ ᠵᠣᠪᠠᠨᠢᠬᠤ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠨ᠎ᠡ᠃    ᠳᠥᠷᠪᠡ ᠳᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠲᠤᠬᠠᠢ ᠣᠯᠠᠨ ᠲᠦᠮᠡᠨ ᠳᠡᠮᠵᠢᠬᠦ ᠪᠠ ᠪᠠᠶᠠᠷᠯᠠᠨ ᠤᠭᠲᠤᠵᠤ ᠪᠠᠶᠢᠨ᠎ᠠ︔ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠣᠯᠠᠨ ᠲᠦᠮᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠬᠠᠢ ᠲᠠᠨᠢᠯᠲᠠ ᠶᠢ ᠨᠠᠩ ᠣᠶᠤᠨᠴᠢ ᠪᠣᠯᠭᠠᠵᠤ᠂ ᠬᠤᠪᠢ ᠬᠥᠮᠥᠨ ᠤ ᠡᠷᠡᠭᠦᠯ ᠮᠡᠨᠳᠦ ᠶᠢᠨ ᠤᠬᠠᠮᠰᠠᠷ ᠢ ᠢᠯᠡᠳᠲᠡ ᠳᠡᠭᠡᠭᠰᠢᠯᠡᠭᠦᠯᠦᠨ᠎ᠡ᠃    ᠶᠠᠭᠤᠨ ᠤ ᠤᠴᠢᠷ ᠠᠴᠠ ᠨᠠᠰᠤᠲᠠᠶᠢᠴᠤᠳ ᠤᠨ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭ᠎ᠠ ᠨᠢᠭᠡᠳᠦᠭᠡᠷ ᠤᠳᠠᠭ᠎ᠠ ᠶᠢᠨ ᠴᠢᠩᠭᠠᠳᠬᠠᠬᠤ ᠲᠠᠶᠢᠯᠭ᠎ᠠ ᠬᠢᠬᠦ ᠴᠠᠭ ᠢ 6 ᠰᠠᠷ᠎ᠠ ᠠᠴᠠ 3 ᠰᠠᠷ᠎ᠠ ᠪᠣᠯᠭᠠᠨ ᠬᠤᠪᠢᠷᠠᠭᠤᠯᠤᠭᠰᠠᠨ ᠪᠤᠶ︖    ᠡᠩ ᠲᠡᠷᠢᠭᠦᠨ ᠳᠤ᠂ ᠪᠦᠬᠦ ᠳᠡᠯᠡᠬᠡᠢ ᠶᠢᠨ ᠣᠳᠣᠬᠠᠨ ᠤ ᠪᠤᠢ ᠪᠦᠬᠦᠢ ᠤᠯᠤᠰ ᠤᠳ ᠬᠠᠮᠤᠭ ᠤᠨ ᠠᠩᠬᠠᠨ ᠤ ᠴᠢᠩᠭᠠᠳᠬᠠᠬᠤ ᠲᠠᠷᠢᠯᠭ᠎ᠠ ᠬᠢᠬᠦ ᠴᠠᠭ ᠢ 6 ᠰᠠᠷ᠎ᠠ ᠶᠢᠨ ᠰᠠᠭᠤᠷᠢᠨ ᠳᠡᠭᠡᠷ᠎ᠡ ᠴᠥᠮ ᠲᠣᠬᠢᠷᠠᠭᠤᠯᠤᠯᠲᠠ ᠬᠢᠭᠰᠡᠨ ᠪᠠᠶᠢᠨ᠎ᠠ᠃ ᠣᠳᠣᠬᠠᠨ ᠳᠤ ᠪᠥᠬᠦ ᠳᠡᠯᠡᠬᠡᠢ ᠶᠢᠨ ᠪᠣᠶ ᠪᠦᠬᠦᠢ ᠬᠠᠮᠤᠭ ᠤᠨ ᠠᠩᠬᠠᠨ ᠤ ᠴᠢᠩᠭᠠᠳᠬᠠᠬᠤ ᠲᠠᠷᠢᠯᠭ᠎ᠠ ᠶᠢᠨ ᠴᠠᠭ ᠢ ᠣᠯᠠᠩᠬᠢ ᠤᠯᠤᠰ ᠴᠥᠮ 3 ︱ 6 ᠰᠠᠷ᠎ᠠ ᠪᠣᠯᠭᠠᠨ ᠲᠣᠬᠢᠷᠠᠭᠤᠯᠵᠠᠢ᠃    ᠬᠤᠶᠠᠷ ᠲᠤ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ ᠴᠢᠩᠭᠠᠳᠬᠠᠬᠤ ᠲᠠᠷᠢᠯᠭ᠎ᠠ ᠬᠢᠬᠦ ᠪᠠ 6 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ ᠴᠢᠩᠭᠠᠳᠭᠠᠬᠤ ᠲᠠᠷᠢᠯᠭ᠎ᠠ ᠬᠢᠪᠡᠯ᠂ ᠡᠭᠡᠯᠢᠯᠡᠭᠡ ᠶᠢᠨ ᠦᠷ᠎ᠡ ᠪᠦᠲᠦᠮᠵᠢ ᠨᠢ ᠪᠠᠲᠤᠯᠠᠭ᠎ᠠ ᠲᠠᠢ ᠪᠠᠶᠢᠳᠠᠭ᠃ ᠮᠠᠨ ᠤ ᠰᠤᠳᠤᠯᠤᠨ ᠨᠡᠭᠡᠭᠡᠬᠦ ᠨᠢᠭᠡᠴᠢ ᠨᠦᠭᠦᠳ 18 ᠨᠠᠰᠤᠨ ᠠᠴᠠ ᠳᠡᠭᠡᠭᠰᠢᠬᠢ ᠬᠥᠮᠥᠰ ᠪᠠ ᠨᠠᠰᠤᠲᠠᠶᠢᠴᠤᠳ ᠢ ᠪᠠᠭᠲᠠᠭᠠᠭᠰᠠᠨ ᠬᠥᠮᠥᠰ ᠲᠤ ᠡᠮᠴᠢᠯᠡᠭᠡᠨ ᠤ ᠰᠤᠳᠤᠯᠭᠠᠨ ᠪᠠ ᠦᠨᠡᠨ ᠪᠣᠳᠠᠲᠤ ᠴᠢᠨᠠᠷ ᠤᠨ ᠰᠤᠳᠤᠯᠭᠠᠨ ᠬᠢᠭᠡᠳ ᠢᠯᠡᠷᠡᠭᠦᠯᠦᠭᠰᠡᠨ ᠢᠶᠠᠷ᠂ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭ᠎ᠠ ᠶᠢᠨ ᠴᠢᠩᠭᠠᠳᠬᠠᠬᠤ ᠲᠠᠷᠢᠯᠭ᠎ᠠ ᠬᠢᠵᠦ᠂ ᠡᠭᠦᠰᠬᠦ ᠰᠠᠭᠠᠷᠮᠠᠭᠵᠢᠭᠤᠯᠬᠤ ᠴᠠᠷᠤᠭᠴᠢ ᠨᠢ 3 ᠰᠠᠷ᠎ᠠ ᠶᠢᠨ ᠳᠠᠷᠠᠭᠠᠬᠢ ᠠᠴᠠ ᠥᠨᠳᠥᠷ ᠪᠢᠰᠢ᠂ ᠭᠡᠪᠡᠴᠦ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠴᠢᠩᠭᠠᠳᠬᠠᠬᠤ ᠪᠠ ᠰᠠᠭᠤᠷᠢ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠴᠢᠩᠭᠠᠳᠬᠠᠬᠤ ᠨᠢ ᠰᠠᠭᠠᠷᠮᠠᠭᠵᠢᠭᠤᠯᠬᠤ ᠴᠠᠷᠤᠭᠴᠢ ᠶᠢᠨ ᠬᠢᠷᠢ ᠬᠡᠮᠵᠢᠶ᠎ᠡ ᠨᠢ ᠦᠨᠳᠦᠰᠦᠨ ᠳᠤ ᠪᠠᠨ ᠠᠳᠠᠯᠢ ᠪᠠᠶᠢᠳᠠᠭ᠃ ᠡᠶᠢᠮᠦ ᠠᠴᠠ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠪᠠ 6 ᠰᠠᠷ᠎ᠠ ᠳᠤ ᠡᠭᠡᠯᠢᠯᠡᠭᠡ ᠶᠢᠨ ᠬᠠᠮᠠᠭᠠᠯᠠᠯᠲᠠ ᠶᠢᠨ ᠦᠷ᠎ᠡ ᠳ᠋ᠦᠩ ᠨᠢ ᠠᠳᠠᠯᠢᠪᠲᠤᠷ ᠪᠠᠶᠢᠳᠠᠭ᠃   ᠭᠤᠷᠪᠠ ᠳᠤ᠂ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ ᠳᠣᠲᠣᠷ᠎ᠠ ᠴᠢᠩᠭᠠᠳᠬᠠᠬᠤ ᠲᠠᠷᠢᠯᠭ᠎ᠠ ᠬᠢᠭᠰᠡᠨ ᠴᠤ ᠲᠡᠷᠡ᠂ 6 ᠰᠠᠷ᠎ᠠ ᠶᠢᠨ ᠳᠣᠲᠣᠷ᠎ᠠ ᠴᠢᠩᠭᠠᠳᠬᠠᠬᠤ ᠲᠠᠷᠢᠯᠭ᠎ᠠ ᠬᠢᠭᠰᠡᠨ ᠴᠤ ᠲᠡᠷᠡ᠂ ᠴᠥᠮ ᠲᠤᠶᠢᠯ ᠤᠨ ᠠᠮᠤᠷ ᠲᠦᠪᠰᠢᠨ ᠪᠠᠶᠢᠳᠠᠭ᠃    ᠳᠥᠷᠪᠡ ᠳᠤ᠂ ᠡᠶᠢᠮᠦᠷᠬᠦ ᠲᠣᠬᠢᠷᠠᠭᠤᠯᠤᠯᠲᠠ ᠨᠢ ᠪᠠᠰᠠ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠡᠷᠡᠭᠴᠡᠭᠡ ᠮᠥᠨ᠃ ᠡᠶᠢᠮᠦᠷᠬᠦ ᠲᠣᠬᠢᠷᠠᠭᠤᠯᠤᠯᠲᠠ ᠨᠢ ᠪᠢᠳᠡᠨ ᠤ ᠨᠠᠰᠤᠲᠠᠶᠢᠴᠤᠳ ᠲᠤ ᠢᠯᠠᠩᠭᠤᠶ᠎ᠠ ᠨᠠᠰᠤᠲᠠᠶᠢᠴᠤᠳ ᠤᠨ ᠲᠠᠷᠢᠯᠭ᠎ᠠ ᠶᠢᠨ ᠪᠦᠷᠬᠦᠴᠡ ᠶᠢ ᠴᠢᠩᠭᠠᠳᠬᠠᠬᠤ ᠲᠠᠯ᠎ᠠ ᠪᠠᠷ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠬᠠᠩᠭᠠᠬᠤ ᠳᠤ ᠠᠰᠢᠭᠲᠠᠢ ᠶᠤᠮ᠃     ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠡᠰᠡᠬᠦ ᠪᠠᠷ ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ     ᠨᠢᠭᠡ ᠳᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠪᠣᠯ ᠮᠠᠨ ᠤ ᠡᠮᠴᠢᠯᠡᠭᠡᠨ ᠤ ᠪᠠᠶᠢᠭᠤᠯᠤᠮᠵᠢ ᠪᠣᠯᠣᠨ ᠡᠮᠨᠡᠯᠭᠡ ᠶᠢᠨ ᠠᠵᠢᠯᠲᠠᠳ ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠂ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ᠴᠥᠮ ᠶᠠᠮᠠᠷ ᠴᠤ ᠰᠢᠯᠲᠠᠭ ᠢᠶᠠᠷ ᠡᠪᠡᠳᠴᠢᠲᠡᠨ ᠢ ᠡᠮᠨᠡᠭᠦᠯᠬᠦ ᠠᠴᠠ ᠲᠠᠲᠠᠭᠠᠯᠵᠠᠵᠤ ᠪᠣᠯᠬᠤ ᠦᠭᠡᠢ᠂ ᠢᠯᠠᠩᠭᠤᠶ᠎ᠠ ᠪᠥᠭᠡᠮ ᠬᠦᠴᠢᠯ ᠤᠨ ᠦᠷ᠎ᠡ ᠳ᠋ᠦᠩ ᠦᠭᠡᠢ ᠪᠠᠴᠢᠮ ᠡᠮᠴᠢᠯᠡᠭᠦᠯᠦᠭᠴᠢ ᠳᠤ ᠠᠪᠴᠤ ᠬᠡᠯᠡᠪᠡᠯ᠂ ᠣᠯᠠᠩᠬᠢ ᠨᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠᠶᠢᠵᠤ᠂ ᠡᠮᠴᠢᠯᠡᠭᠡ ᠶᠢ ᠠᠮᠠᠷᠬᠠᠨ ᠰᠠᠭᠠᠲᠠᠭᠠᠬᠤ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠴᠠᠭ ᠲᠤᠬᠠᠢ ᠳᠤ ᠨᠢ ᠡᠳᠡᠭᠡᠷ ᠡᠪᠡᠳᠴᠢᠲᠡᠨ ᠳᠤ ᠪᠠᠴᠢᠮ ᠲᠦᠷᠭᠡᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ᠠᠴᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠪᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠲᠦᠷᠭᠡᠨ ᠠᠪᠤᠷᠠᠨ ᠵᠠᠰᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠯᠴᠠᠭᠰᠠᠨ ᠲᠥᠰᠥᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠡᠰᠡᠬᠦ ᠪᠠᠷ ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ      ᠬᠤᠶᠠᠷ ᠲᠤ᠂ ᠲᠦᠷᠭᠡᠨ ᠡᠮᠨᠡᠯᠭᠡ ᠳᠤ ᠡᠮᠨᠡᠭᠦᠯᠬᠦ ᠡᠪᠡᠳᠴᠢᠲᠡᠨ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠦᠭᠡᠢ ᠪᠣᠯ᠂ ᠪᠢᠳᠡ ᠡᠮᠴᠢᠯᠡᠭᠡᠨ ᠤ ᠪᠠᠶᠢᠭᠤᠯᠤᠮᠵᠢ ᠶᠢ ᠲᠦᠷᠭᠡᠨ ᠡᠮᠨᠡᠯᠭᠡ ᠶᠢᠨ ᠣᠷᠣᠨ ᠳᠤ ᠬᠠᠷᠢᠴᠠᠩᠭᠤᠢ ᠪᠡᠶ᠎ᠡ ᠪᠠᠨ ᠳᠠᠭᠠᠭᠠᠭᠰᠠᠨ ᠨᠠᠮᠳᠠᠭᠠᠬᠤ ᠲᠣᠭᠤᠷᠢᠭ ᠪᠠᠶᠢᠭᠤᠯᠵᠤ᠂ ᠡᠮᠨᠡᠯᠭᠡ ᠶᠢᠨ ᠠᠵᠢᠯᠲᠠᠨ ᠴᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠱᠠᠭᠠᠷᠳᠠᠨ᠎ᠠ᠃ ᠪᠥᠭᠡᠮ ᠬᠦᠴᠢᠯ ᠤᠨ ᠦᠷ᠎ᠡ ᠳ᠋ᠦᠩ ᠦᠭᠡᠢ ᠵᠠᠷᠢᠮ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠰᠢᠭᠤᠳ ᠨᠠᠮᠳᠠᠭᠠᠬᠤ ᠲᠣᠭᠤᠷᠢᠭ ᠲᠤ ᠣᠷᠣᠭᠤᠯᠵᠤ ᠪᠠᠴᠢᠮ ᠠᠪᠤᠷᠠᠯᠲᠠ ᠬᠢᠯᠭᠡᠨ᠎ᠡ᠃ ᠡᠭᠦᠨ ᠤ ᠬᠠᠮᠲᠤ ᠡᠮᠨᠡᠯᠭᠡ ᠶᠢᠨ ᠬᠤᠷᠢᠶ᠎ᠠ ᠠᠴᠠ ᠪᠠᠰᠠ ᠠᠨᠲ᠋ᠢᠭ᠍ᠸᠡ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢ ᠲᠡᠭᠦᠯᠳᠡᠷᠵᠢᠭᠦᠯᠵᠦ᠂ ᠡᠪᠡᠳᠴᠢᠲᠡᠨ ᠤ ᠪᠠᠴᠢᠮ ᠡᠮᠴᠢᠯᠡᠭᠡᠨ ᠤ ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠬᠤ ᠶᠢ ᠪᠠᠲᠤᠯᠠᠨ᠎ᠠ᠃ᠡᠭᠦᠨ ᠠᠴᠠ ᠭᠠᠳᠠᠨ᠎ᠠ᠂ ᠪᠢᠳᠡ ᠪᠠᠰᠠ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ ᠲᠠᠰᠤᠭ᠂ ᠮᠡᠰᠡ ᠵᠠᠰᠠᠯ ᠤᠨ ᠲᠠᠰᠤᠭ᠂ ᠴᠢᠰᠤ ᠨᠡᠪᠲᠡᠷᠡᠭᠦᠯᠦᠨ ᠵᠠᠳᠠᠷᠠᠭᠤᠯᠬᠤ ᠣᠷᠣᠨ᠂ ᠡᠪᠡᠳᠴᠢᠲᠡᠨ ᠤ ᠦᠷᠦᠭᠡ᠂ ᠡᠪᠡᠳᠴᠢᠲᠡᠨ ᠤ ᠣᠷᠣᠨ ᠳᠤ ᠴᠥᠮ ᠨᠠᠮᠳᠠᠭᠠᠬᠤ ᠲᠣᠭᠤᠷᠢᠭ ᠪᠠᠶᠢᠭᠤᠯᠵᠤ᠂ ᠪᠤᠰᠤᠳ ᠣᠨᠣᠰᠢᠯᠠᠨ ᠡᠮᠨᠡᠬᠦ ᠣᠷᠣᠨ ᠠᠴᠠ ᠬᠠᠷᠢᠴᠠᠩᠭᠤᠢ ᠪᠠᠷ ᠰᠠᠯᠭᠠᠨ᠂ ᠰᠠᠶᠢᠲᠤᠷ ᠪᠡᠯᠡᠳᠬᠡᠯ ᠬᠢᠵᠦ᠂ ᠡᠪᠡᠳᠴᠢᠲᠡᠨ ᠤ ᠵᠠᠷᠢᠮ ᠰᠠᠭᠤᠷᠢ ᠴᠢᠨᠠᠷᠲᠠᠢ ᠡᠪᠡᠳᠴᠢᠨ ᠲᠠᠢ ᠪᠠᠶᠢᠬᠤ ᠶᠢ ᠣᠯᠵᠤ ᠮᠡᠳᠡᠬᠦ ᠶᠢᠨ ᠬᠠᠮᠲᠤ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠭᠰᠠᠨ ᠨᠢ ᠠᠷᠭ᠎ᠠ ᠴᠢᠨᠠᠷ ᠲᠠᠢ ᠪᠠᠶᠢᠪᠠᠯ᠂ ᠡᠨᠡ ᠬᠡᠰᠡᠭ ᠡᠪᠡᠳᠴᠢᠲᠡᠨ ᠢ ᠪᠢᠳᠡ ᠴᠠᠭ ᠲᠤᠬᠠᠢ ᠳᠤ ᠨᠢ ᠨᠠᠮᠳᠠᠭᠠᠬᠤ ᠣᠷᠣᠨ ᠳᠤ ᠡᠮᠨᠡᠨ ᠵᠠᠰᠠᠨ᠎ᠠ᠃    ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠢ ᠬᠡᠷᠬᠢᠨ ᠱᠠᠲᠤ ᠬᠤᠪᠢᠶᠠᠨ ᠲᠥᠷᠥᠯ ᠬᠤᠪᠢᠶᠠᠨ ᠡᠮᠨᠡᠨ ᠵᠠᠰᠠᠬᠤ ᠪᠣᠶ︖     ᠡᠩ ᠲᠡᠷᠢᠭᠦᠨ ᠳᠤ᠂ ᠡᠪᠡᠳᠴᠢᠨ ᠤ ᠪᠠᠶᠢᠳᠠᠯ ᠨᠢ ᠬᠥᠩᠭᠡᠨ ᠡᠪᠡᠳᠴᠢᠲᠡᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠡᠷ ᠲᠤ ᠪᠠᠨ ᠰᠠᠭᠤᠵᠤ ᠥᠪᠡᠷ ᠢ ᠪᠠᠨ ᠬᠠᠷᠠᠭᠠᠯᠵᠠᠵᠤ ᠪᠣᠯᠣᠨ᠎ᠠ᠃ ᠰᠠᠭᠤᠷᠢ ᠴᠢᠨᠠᠷᠲᠠᠢ ᠡᠪᠡᠳᠴᠢᠨ ᠨᠢ ᠨᠡᠯᠢᠶᠡᠳ ᠲᠣᠭᠲᠠᠪᠤᠷᠢᠲᠠᠢ ᠪᠠᠶᠢᠪᠠᠯ᠂ ᠪᠠᠰᠠ ᠭᠡᠷ ᠲᠤ ᠪᠠᠨ ᠰᠠᠭᠤᠵᠤ ᠡᠮᠨᠡᠭᠦᠯᠵᠦ ᠪᠣᠯᠣᠨ᠎ᠠ᠃ ᠥᠨᠳᠥᠷ ᠨᠠᠰᠤᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠠᠯᠳᠠᠪᠤᠷᠢᠯᠠᠭᠰᠠᠳ ᠢ ᠪᠢᠳᠡ ᠪᠠᠰᠠ ᠭᠡᠷ ᠲᠤ ᠨᠢ ᠰᠠᠭᠤᠯᠭᠠᠬᠤ ᠶᠢ ᠰᠠᠨᠠᠭᠤᠯᠵᠤ ᠪᠠᠶᠢᠨ᠎ᠠ᠃ ᠡᠮᠨᠡᠯᠭᠡ ᠶᠢᠨ ᠬᠤᠷᠢᠶ᠎ᠠ ᠠᠴᠠ ᠢᠨᠲ᠋ᠧᠷ ᠰᠦᠯᠵᠢᠶᠡᠨ ᠤ ᠡᠮᠴᠢᠯᠡᠭᠡᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠦᠢᠯᠡᠴᠢᠯᠡᠭᠡ ᠬᠢᠵᠦ ᠪᠣᠯᠣᠨ᠎ᠠ᠃ ᠡᠭᠦᠨ ᠤ ᠵᠡᠷᠭᠡ ᠳᠤ ᠡᠮᠨᠡᠯᠭᠡ ᠶᠢᠨ ᠠᠵᠢᠯᠲᠠᠨ ᠢᠯᠠᠩᠭᠤᠶ᠎ᠠ ᠮᠠᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠴᠤ ᠭᠡᠷ ᠲᠤ ᠨᠢ ᠬᠦᠷᠴᠦ ᠦᠢᠯᠡᠴᠢᠯᠡᠭᠡ ᠬᠠᠩᠭᠠᠵᠤ ᠪᠣᠯᠣᠨ᠎ᠠ᠂ ᠳᠠᠭᠢᠵᠤ ᠰᠢᠯᠵᠢᠭᠦᠯᠦᠨ ᠭᠠᠷᠭᠠᠵᠤ ᠲᠥᠪᠯᠡᠷᠡᠭᠦᠯᠦᠨ ᠲᠤᠰᠠᠭᠠᠷᠯᠠᠵᠤ ᠪᠠᠶᠢᠭᠠᠳ ᠠᠪᠤᠷᠠᠨ ᠵᠠᠰᠠᠬᠤ ᠦᠭᠡᠢ ᠪᠠᠶᠢᠬᠤ ᠶᠢ ᠱᠠᠭᠠᠷᠳᠠᠨ᠎ᠠ᠃    ᠬᠤᠶᠠᠷ ᠲᠤ᠂ ᠬᠦᠨᠳᠦ ᠡᠪᠡᠳᠴᠢᠨ ᠤ ᠲᠦᠭᠰᠢᠭᠦᠷᠢ ᠶᠡᠬᠡᠲᠡᠢ ᠡᠪᠡᠳᠴᠢᠲᠡᠨ ᠢ ᠮᠥᠨ ᠯᠡ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠠᠴᠠ ᠭᠥᠯᠢᠶᠡᠨ ᠠᠪᠴᠤ ᠡᠮᠨᠡᠨ ᠵᠠᠰᠠᠵᠤ᠂ ᠬᠦᠨᠳᠦ ᠡᠪᠡᠳᠴᠢᠨ ᠪᠠ ᠬᠦᠨᠳᠦ ᠡᠪᠡᠳᠴᠢᠨ ᠤ ᠲᠦᠭᠰᠢᠭᠦᠷᠢ ᠶᠡᠬᠡᠲᠡᠢ ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠨ᠎ᠠ᠃ ᠪᠢᠳᠡ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ᠂ ᠠᠪᠤᠷᠠᠨ ᠵᠠᠰᠠᠬᠤ ᠬᠢᠷᠢ ᠲᠦᠪᠰᠢᠨ ᠪᠠᠷ ᠥᠨᠳᠥᠷ ᠡᠮᠨᠡᠯᠭᠡ ᠶᠢᠨ ᠬᠤᠷᠢᠶ᠎ᠠ ᠶᠢ ᠰᠣᠩᠭᠤᠨ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠣᠯᠭᠠᠬᠤ ᠶᠢᠨ ᠬᠠᠮᠲᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠭᠤᠷᠪᠠ ᠳᠤ᠂ ᠪᠠᠰᠠ ᠵᠠᠷᠢᠮ ᠡᠪᠡᠳᠴᠢᠲᠡᠨ ᠰᠠᠭᠤᠷᠢ ᠴᠢᠨᠠᠷᠲᠠᠢ ᠡᠪᠡᠳᠴᠢᠨ ᠪᠤᠶᠤ ᠪᠤᠰᠤᠳ ᠡᠪᠡᠳᠴᠢᠨ ᠲᠠᠢ ᠪᠣᠯ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠶᠤ ᠲᠤᠰᠬᠠᠢ ᠡᠮᠨᠡᠯᠭᠡ ᠶᠢᠨ ᠬᠤᠷᠢᠶ᠎ᠠ ᠳᠤ ᠣᠴᠢᠵᠤ ᠡᠮᠨᠡᠭᠦᠯᠬᠦ ᠶᠢᠨ ᠬᠠᠮᠲᠤ ᠡᠮᠨᠡᠭᠦᠯᠬᠦ ᠶᠠᠪᠤᠴᠠ ᠳᠤ ᠲᠡᠭᠦᠨ ᠤ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ ᠬᠠᠯᠳᠠᠪᠤᠷᠢᠯᠠᠭᠴᠢ ᠪᠣᠯᠬᠤ ᠶᠢ ᠣᠯᠵᠤ ᠮᠡᠳᠡᠬᠦ ᠪᠣᠯᠣᠯᠴᠠᠭ᠎ᠠ ᠲᠠᠢ᠃ ᠡᠳᠡᠭᠡᠷ ᠡᠪᠡᠳᠴᠢᠲᠡᠨ ᠳᠤ ᠠᠪᠴᠤ ᠬᠡᠯᠡᠪᠡᠯ᠂ ᠵᠠᠷᠢᠮ ᠰᠠᠭᠤᠷᠢ ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠨᠣᠴᠢᠲᠠᠢ ᠪᠠᠶᠢᠪᠠᠯ ᠪᠢᠳᠡ ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ᠶᠢ ᠴᠥᠮ ᠰᠠᠶᠢᠲᠤᠷ ᠪᠡᠯᠡᠳᠬᠡᠯ ᠬᠢᠬᠦ ᠶᠢ ᠱᠠᠭᠠᠷᠳᠠᠬᠤ ᠬᠡᠷᠡᠭᠲᠡᠢ᠃ ᠤᠴᠢᠷ  ᠨᠢ ᠡᠨᠡ ᠲᠥᠷᠥᠯ ᠤᠨ ᠡᠪᠡᠳᠴᠢᠲᠡᠨ ᠤ ᠡᠪᠡᠳᠴᠢᠨ ᠢ ᠲᠤᠰᠬᠠᠢ ᠰᠠᠯᠠᠭᠠᠨ ᠤ ᠡᠪᠡᠳᠴᠢᠨ ᠢᠶᠠᠷ ᠡᠮᠨᠡᠨ ᠵᠠᠰᠠᠪᠠᠯ ᠰᠠᠶ᠋ᠢ ᠡᠪᠡᠳᠴᠢᠲᠡᠨ ᠤ ᠡᠷᠡᠭᠦᠯ ᠮᠡᠨᠳᠦ ᠳᠤ ᠬᠠᠮᠤᠭ ᠤᠨ ᠶᠡᠭᠡ ᠪᠠᠷ ᠠᠰᠢᠭ ᠬᠦᠷᠲᠡᠭᠡᠵᠦ ᠴᠢᠳᠠᠨ᠎ᠠ᠃ ᠡᠶᠢᠮᠦ ᠠᠴᠠ ᠪᠢᠳᠡ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠲᠤᠰᠬᠠᠢ ᠡᠮᠨᠡᠯᠭᠡ ᠶᠢᠨ ᠬᠤᠷᠢᠶ᠎ᠠ ᠶᠢ ᠴᠥᠮ ᠣᠨᠣᠰᠢᠯᠠᠨ ᠡᠮᠨᠡᠬᠦ ᠶᠠᠪᠤᠴᠠ ᠪᠠᠨ ᠰᠢᠯᠢᠳᠡᠭᠵᠢᠭᠦᠯᠬᠦ ᠶᠢᠨ ᠬᠠᠮᠲᠤ ᠨᠠᠮᠳᠠᠭᠠᠬᠤ ᠲᠣᠭᠤᠷᠢᠭ ᠭᠠᠷᠭᠠᠵᠤ᠂ ᠡᠨᠡ ᠬᠡᠰᠡᠭ ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠵᠤ᠂ ᠲᠡᠳᠡᠨ ᠤ ᠡᠮᠨᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠭᠠᠷᠳᠠᠵᠤ ᠪᠠᠶᠢᠨ᠎ᠠ᠃    ᠸᠠᠺᠼᠢᠨ ᠤ ᠲᠠᠷᠢᠯᠭ᠎ᠠ ᠬᠢᠬᠦ ᠲᠤᠬᠠᠢ ᠵᠠᠷᠯᠢᠭ ᠭᠠᠷᠭᠠᠬᠤ ᠦᠦ︖    ᠵᠠᠷᠢᠮ ᠤᠯᠤᠰ ᠸᠠᠺᠼᠢᠨ ᠤ ᠲᠠᠷᠢᠯᠭ᠎ᠠ ᠶᠢᠨ ᠵᠠᠷᠯᠢᠭ ᠭᠠᠷᠭᠠᠭᠰᠠᠨ ᠪᠠᠶᠢᠨ᠎ᠠ᠂ ᠡᠨᠡ ᠨᠢ ᠡᠲᠡᠭᠡᠷ ᠤᠯᠤᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠦᠨᠡᠨ ᠬᠦ ᠲᠤᠰᠠᠲᠠᠢ ᠶᠤᠮ᠃ ᠣᠳᠣᠬᠠᠨ ᠳᠤ ᠮᠠᠨ ᠤ ᠤᠯᠤᠰ ᠤᠨ 3 -17 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ 97.5% ᠳᠤ ᠬᠦᠷᠴᠦ᠂ 18 - 59 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ 95% ᠳᠤ ᠬᠦᠷᠴᠦ᠂ ᠪᠥᠬᠦ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ ᠮᠠᠰᠢ ᠥᠨᠳᠥᠷ ᠪᠣᠯᠵᠤ᠂ ᠪᠥᠬᠦ ᠳᠡᠯᠡᠬᠡᠢ ᠳᠤ ᠠᠪᠴᠤ ᠬᠡᠯᠡᠭᠰᠡᠨ ᠴᠦ ᠨᠡᠯᠢᠶᠡᠳ ᠥᠨᠳᠥᠷ ᠲᠦᠪᠰᠢᠨ ᠳᠤ ᠭᠦᠷᠦᠭᠰᠡᠨ ᠪᠠᠶᠢᠨ᠎ᠠ᠃ ᠣᠳᠣᠬᠠᠨ ᠳᠤ ᠪᠢᠳᠡ ᠶᠠᠭᠤᠨ ᠳᠤ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠲᠥᠰᠥᠯ ᠢ ᠲᠣᠭᠲᠠᠭᠠᠭᠰᠠᠨ ᠪᠣᠶ︖ ᠭᠡᠪᠡᠯ ᠮᠠᠨ ᠤ ᠥᠨᠳᠥᠷ ᠨᠠᠰᠤᠲᠠᠢ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠬᠠᠷᠢᠴᠠᠩᠭᠤᠢ ᠳᠣᠣᠷ᠎ᠠ ᠰᠢᠭ᠋ ᠪᠠᠶᠢᠨ᠎ᠠ᠃ ᠭᠡᠪᠡᠴᠦ ᠡᠨᠡ ᠤᠳᠠᠭᠠᠨ ᠤ ᠲᠥᠰᠥᠯ ᠢᠶᠠᠷ ᠳᠠᠮᠵᠢᠭᠠᠳ ᠣᠶᠢᠷ᠎ᠠ ᠶᠢᠨ ᠬᠤᠭᠤᠴᠠᠭᠠᠨ ᠳᠤ ᠡᠨᠡ ᠠᠵᠢᠯ ᠢ ᠪᠠᠰᠠ ᠮᠠᠰᠢ ᠰᠠᠶᠢᠨ ᠠᠬᠢᠭᠤᠯᠤᠭᠰᠠᠨ ᠢ ᠪᠢᠳᠠ ᠣᠯᠵᠤ ᠮᠡᠳᠡᠯ᠎ᠡ᠃    ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠡᠷᠬᠡᠪᠰᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠂ ᠸᠠᠺᠼᠢᠨ ᠤ ᠲᠠᠷᠢᠯᠭ᠎ᠠ ᠶᠢᠨ ᠵᠠᠷᠯᠢᠭ ᠢ ᠠᠯᠪᠠᠳᠠᠯᠭ᠎ᠠ ᠪᠠᠷ ᠨᠡᠶᠢᠲᠡᠯᠡᠵᠦ ᠪᠣᠯᠬᠤ ᠦᠭᠡᠢ᠃ ᠡᠨᠡ ᠲᠠᠯ᠎ᠠ ᠪᠠᠷ ᠪᠢᠳᠡ ᠪᠠᠰᠠ ᠡᠷᠬᠡᠪᠰᠢ ᠮᠠᠨ ᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠣᠩᠭᠤᠯᠲᠠ ᠬᠢᠬᠦ ᠬᠡᠷᠡᠭᠲᠡᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ