​ ᠵᠤᠭ᠎ᠠ ᠴᠡᠩᠭᠡᠭᠦᠨ ᠤ ᠭᠠᠵᠠᠷ ᠪᠡ ᠦᠵᠡᠮᠵᠢ ᠶᠢᠨ ᠤᠷᠤᠨ ᠳᠤ ᠪᠦᠭᠡᠮ ᠬᠦᠴᠢᠯ ᠤᠨ ᠪᠠᠶᠢᠴᠠᠭᠠᠯᠳᠡ ᠪᠡ ᠡᠷᠡᠭᠦᠯ ᠮᠠᠨᠳᠤ ᠶᠢᠨ ᠺᠤᠳ᠋ ᠢ ᠪᠠᠶᠢᠴᠠᠭᠠᠬᠤ ᠶᠢ ᠱᠠᠭᠠᠷᠳᠠᠬᠤ ᠦᠭᠡᠢ
ᠨᠡᠶᠢᠲᠡᠯᠡᠭᠰᠡᠨ ᠴᠠᠭ᠄
2022/12/12
     12 ᠰᠠᠷ᠎ᠠ ᠶᠢᠨ 9 ᠤ ᠡᠳᠤᠷ ᠤᠨ ᠦᠳᠡ ᠶᠢᠨ ᠡᠮᠤᠨ᠎ᠡ᠂  ᠰᠤᠶᠤᠯ ᠪᠡ ᠵᠢᠭᠤᠯᠴᠢᠯᠠᠯ ᠤᠨ ᠶᠠᠮᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠤᠬᠳᠠᠯ ᠪᠦᠭᠦᠢ ᠠᠵᠢᠯ ᠤᠨ ᠵᠦᠭᠯᠡᠭᠦᠷ ᠲᠤ ᠲᠠᠬᠢᠨᠳᠡ ᠲᠤᠬᠢᠷᠠᠭᠤᠯᠤᠯᠳᠡ ᠰᠢᠨᠡᠴᠢᠯᠡᠯᠳᠡ ᠬᠢᠵᠤ᠂  ᠦᠵᠡᠮᠵᠢ ᠶᠢᠨ ᠤᠷᠤᠨ᠂  ᠵᠢᠭᠤᠯᠴᠢᠨ ᠳᠤ ᠦᠢᠯᠡᠴᠢᠯᠡᠬᠦ ᠭᠠᠵᠠᠷ᠂  ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠳᠡ  ᠶᠢᠨ ᠲᠠᠯᠠᠪᠤᠷ ᠭᠠᠵᠠᠷ᠂  ᠵᠤᠭ᠎ᠠ ᠴᠡᠩᠭᠡᠭᠦᠨ ᠤ ᠭᠠᠵᠠᠷ᠂  ᠵᠦᠴᠦᠭᠡ  ᠶᠢᠨ ᠬᠦᠷᠢᠶᠡᠯᠡᠩ ᠵᠡᠷᠭᠡ ᠲᠤᠬᠯᠠᠯᠳᠡ ᠶᠢᠨ ᠲᠠᠯᠠᠪᠤᠷ ᠭᠠᠵᠠᠷ᠂  ᠵᠤᠭ᠎ᠠ ᠴᠡᠩᠭᠡᠭᠦᠨ ᠤ ᠡᠵᠡᠩᠨᠡᠯᠳᠡ ᠶᠢᠨ ᠲᠠᠯᠠᠪᠤᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨ᠎ᠡ ᠬᠡᠪᠯᠡᠯ ᠤᠨ ᠵᠦᠭᠯᠡᠭᠦᠷ ᠢ ᠨᠡᠶᠢᠳᠡᠯᠡᠪᠡ᠃         ᠰᠢᠨ᠎ᠡ ᠬᠡᠪᠯᠡᠯ ᠤᠨ ᠵᠦᠭᠯᠡᠭᠦᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ ᠲᠤᠬᠳᠠᠴᠨ ᠶᠢᠨ ᠶᠡᠷᠤᠩᠭᠡᠶᠢᠯᠡᠭᠰᠡᠨ ᠲᠤᠭᠤᠶᠢᠯᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠢᠯᠢᠳᠡᠭᠵᠢᠭᠦᠯᠤᠨ ᠨᠠᠶᠢᠳᠠᠪᠤᠷᠢᠵᠢᠭᠤᠯᠬᠤ ᠰᠢᠨ᠎ᠡ ᠠᠷᠪᠡᠨ ᠵᠤᠷᠪᠤᠰ ᠶᠤᠰᠤᠭᠠᠷ ᠵᠤᠭᠠᠴᠠᠯ ᠤᠨ ᠵᠠᠮᠴᠢᠯᠠᠬᠴᠢ ᠪᠦᠯᠭᠦᠮ ᠲᠠᠭᠠᠭᠤᠯᠬᠤ ᠠᠴᠠ ᠡᠮᠤᠨ᠎ᠡ ᠡᠷᠡᠭᠦᠯ ᠮᠠᠨᠳᠤ  ᠶᠢᠨ ᠺᠤᠳ᠋ ᠢ ᠨᠢ ᠰᠢᠯᠭᠠᠨ ᠪᠠᠶᠢᠴᠠᠭᠠᠬᠤ ᠠᠴᠠ ᠭᠠᠳᠠᠨ᠎ᠠ ᠪᠦᠭᠡᠮ ᠬᠦᠴᠢᠯ ᠤᠨ ᠪᠠᠶᠢᠴᠠᠭᠠᠯᠳᠡ ᠶᠢᠨ ᠪᠢᠯᠢᠭ ᠴᠢᠨᠠᠷ ᠤᠨ ᠬᠡᠷᠡᠴᠢ ᠬᠠᠨᠭ᠍ᠭᠠᠬᠤ᠂ ᠡᠷᠡᠭᠦᠯ ᠮᠠᠨᠳᠤ ᠶᠢᠨ ᠺᠤᠳ᠋ ᠢ ᠰᠢᠯᠭᠠᠨ ᠪᠠᠶᠢᠴᠠᠭᠠᠬᠤ᠂  ᠬᠦᠷᠦᠭᠰᠡᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠳᠡ ᠬᠢᠬᠦ ᠶᠢ ᠲᠠᠬᠢᠵᠤ ᠱᠠᠭᠠᠷᠳᠠᠬᠤ ᠦᠭᠡᠢ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ