ᠣᠷᠳᠣᠰ ᠬᠤᠲᠠ ᠶᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠴᠢᠬᠤᠯᠠ ᠰᠠᠨᠠᠭᠤᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2022/12/21
ᠥᠷᠭᠡᠨ ᠣᠯᠠᠨ ᠬᠤᠲᠠ ᠶᠢᠨ ᠠᠷᠠᠳ ᠡ᠄       ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠳᠠᠭᠠᠯᠳᠤᠨ᠂ ᠮᠠᠨ ᠤ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠶ ᠬᠠᠯᠳᠠᠪᠤᠷᠢᠯᠠᠭᠳᠠᠭᠰᠠᠳ ᠤᠨ ᠲᠤᠭ᠎ᠠ ᠨᠡᠮᠡᠭᠳᠡᠵᠦ᠂ ᠣᠳᠣᠬᠠᠨ ᠳᠤ ᠪᠥᠭᠡᠮᠨᠡᠷᠡᠨ ᠴᠤᠨᠨᠯᠠᠷᠠᠵᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠵᠡᠭᠳᠡᠯ ᠢᠯᠡᠷᠡᠵᠦ ᠪᠠᠶᠢᠨ᠎ᠠ᠃ ᠲᠡᠷᠡ ᠮᠦᠷᠳᠡᠭᠡᠨ ᠤᠳᠤ ᠶᠠᠭ ᠡᠪᠦᠯ ᠬᠠᠪᠤᠷ ᠤᠨ ᠤᠯᠠᠷᠢᠯ ᠤᠨ ᠬᠠᠯᠳᠠᠪᠤᠷᠢᠲᠤ ᠲᠠᠭᠰᠢᠭᠤᠷ ᠣᠯᠠᠨ ᠡᠭᠦᠰᠭᠦ ᠴᠠᠭ ᠪᠤᠯᠬᠤᠷ ᠮᠠᠰᠢ ᠠᠮᠠᠷᠬᠠᠨ ᠰᠣᠯᠪᠢᠴᠠᠨ ᠬᠠᠯᠳᠠᠪᠤᠷᠢᠯᠠᠬᠤ ᠪᠤᠯᠤᠨ᠎ᠠ᠃ ᠡᠭᠦᠨ ᠤ ᠲᠤᠯᠠᠳᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠲᠠᠨ ᠳᠤ ᠰᠠᠨᠠᠭᠤᠯᠬᠤ ᠨᠢ᠄          ᠨᠢᠭᠡ᠂ ᠴᠢᠬᠤᠯᠠ ᠪᠤᠰᠤ ᠪᠤᠯ ᠪᠦᠬᠡᠮ ᠬᠦᠴᠢᠯ ᠤᠨ ᠪᠠᠶᠢᠴᠠᠭᠠᠯᠳᠡ ᠬᠢᠬᠦ ᠭᠡᠷᠡᠭ ᠦᠭᠡᠢ    ᠨᠠᠰᠤᠲᠠᠨ ᠢ ᠠᠰᠠᠷᠠᠬᠤ ᠬᠦᠷᠢᠶᠡᠯᠡᠩ᠂ ᠨᠡᠶᠢᠬᠡᠮ ᠤᠨ ᠠᠰᠠᠷᠠᠮᠵᠢ ᠶᠢᠨ ᠬᠦᠷᠢᠶᠡᠯᠡᠩ᠂ ᠳᠤᠮᠳᠠᠳᠤ ᠪᠠᠭ᠎ᠠ ᠰᠤᠷᠭᠠᠭᠤᠯᠢ᠂ ᠬᠡᠸ᠋ᠬᠡᠳ ᠤᠨ ᠴᠡᠴᠡᠷᠯᠢᠭ᠂ ᠬᠡᠸ᠋ᠬᠡᠳ ᠰᠠᠭᠠᠲᠠᠭᠤᠯᠬᠤ ᠭᠠᠵᠠᠷ᠂ ᠡᠮᠴᠢᠯᠡᠭᠡᠨ ᠤ ᠪᠠᠶᠢᠭᠤᠯᠤᠮᠵᠢ ᠵᠡᠷᠭᠡ ᠣᠨᠴᠠ ᠲᠣᠭᠲᠠᠭᠰᠠᠨ ᠲᠠᠯᠠᠪᠤᠷ ᠲᠤ ᠤᠴᠢᠬᠤ ᠦᠬᠡᠢ ᠬᠥᠮᠦᠰ᠂ ᠠᠵᠢᠯ ᠳᠤ ᠭᠠᠷᠬᠤ᠂ ᠭᠠᠷᠴᠤ ᠤᠷᠤᠬᠤ ᠳᠤ ᠪᠦᠬᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠡᠷᠡᠭ ᠥᠬᠡᠶ ᠬᠥᠮᠦᠰ᠂ ᠶᠠᠮᠠᠷ ᠴᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠢᠯᠡᠷᠡᠯ ᠭᠠᠷᠤᠭᠰᠠᠨ ᠥᠬᠡᠶ ᠬᠥᠮᠦᠰ ᠠᠯᠢ ᠪᠤᠯᠬᠤ ᠪᠠᠷ ᠪᠦᠬᠡᠮ ᠬᠦᠴᠢᠯ ᠤᠨ ᠪᠠᠶᠢᠴᠠᠭᠠᠯᠲᠠ ᠶᠢ ᠪᠤᠤ ᠬᠢᠭᠡᠷᠡᠢ︕       ᠬᠤᠶᠠᠷ᠂ ᠬᠤᠪᠢ ᠪᠡᠶ᠎ᠠ ᠶᠢᠨ ᠬᠠᠮᠠᠭᠠᠯᠠᠯᠲᠠ ᠶᠢ ᠰᠠᠶᠢᠲᠤᠷ ᠬᠢᠨ᠎ᠠ      ᠪᠦᠬᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠ ᠲᠠᠢ ᠬᠥᠮᠦᠨ ᠡᠷᠬᠡᠪᠰᠢ ᠬᠤᠪᠢ ᠪᠡᠶ᠎ᠠ ᠶᠢᠨ ᠬᠠᠮᠠᠭᠠᠯᠠᠯᠲᠠ ᠪᠠᠨ ᠰᠠᠶᠢᠳᠤᠷ ᠬᠢᠵᠤ᠂ ᠴᠠᠭ ᠢ ᠵᠦᠷᠢᠬᠦᠯᠦ᠋ᠨ ᠬᠦᠮᠤᠨ ᠴᠦᠬᠡᠨ ᠦᠶᠡᠰ ᠤᠴᠢᠵᠤ ᠪᠠᠶᠢᠴᠠᠭᠠᠯᠲᠠ ᠬᠢᠭᠡᠷᠡᠢ︕ ᠪᠥᠭᠡᠮ ᠬᠦᠴᠢᠯ ᠤᠨ ᠥᠯᠢᠭᠡᠷ ᠡᠳ᠋ ᠠᠪᠬᠤ ᠬᠤᠭᠤᠴᠠᠭᠠᠨ ᠳᠤ ᠠᠮᠠᠪᠴᠢ ᠵᠡᠭᠦᠵᠦ᠂ ᠪᠤᠰᠤᠳ ᠬᠥᠮᠦᠨ ᠲᠠᠢ 1 ᠮᠧᠲᠷ ᠠᠴᠠ ᠳᠡᠭᠡᠭᠰᠢ ᠵᠠᠶ ᠲᠠᠢ ᠪᠠᠶᠢᠬᠤ ᠶᠢ ᠬᠢᠴᠢᠶᠡᠵᠤ᠂ ᠦᠭᠡ ᠶᠠᠷᠢᠯᠴᠠᠬᠤ ᠥᠬᠡᠶ᠂ ᠪᠦᠭᠡᠮᠨᠡᠷᠡᠵᠤ ᠴᠤᠭᠯᠠᠷᠠᠬᠤ ᠦᠬᠡᠢ᠃ ᠥᠯᠢᠭᠡᠷ ᠡᠳ᠋ ᠠᠪᠤᠭᠤᠯᠤᠭᠰᠠᠨ ᠤ ᠳᠠᠷᠠᠭ᠎ᠠ ᠲᠠᠷᠤᠢ ᠲᠦᠷᠭᠡᠨ ᠠᠬᠤᠢ ᠲᠠᠯᠠᠪᠠᠢ ᠠᠴᠠ ᠰᠠᠯᠵᠤ ᠬᠠᠯᠳᠠᠪᠤᠷᠢᠯᠠᠬᠳᠠᠬᠤ ᠠᠴᠠ ᠰᠡᠷᠭᠡᠶᠢᠯᠡᠬᠦ ᠬᠡᠷᠡᠭᠲᠡᠶ᠃        ᠭᠤᠷᠪᠠ᠂ ᠪᠦᠬᠦ ᠠᠷᠠᠳ ᠢᠶᠠᠷ ᠢᠶᠠᠨ ᠠᠮᠠᠪᠴᠢ ᠵᠡᠭᠦᠨ᠎ᠠ      ᠥᠷᠭᠡᠨ ᠣᠯᠠᠨ ᠬᠤᠲᠠ ᠶᠢᠨ ᠠᠷᠠᠳ ᠨᠠᠷ ᠠᠮᠠᠪᠴᠢ ᠵᠡᠭᠦᠬᠦ ᠰᠠᠶᠢᠨ ᠳᠠᠳᠬᠠᠯ ᠲᠠᠢ ᠪᠣᠯᠵᠣ᠂ ᠡᠮᠴᠢᠯᠡᠭᠡᠨ ᠤ ᠪᠠᠶᠢᠭᠤᠯᠤᠮᠵᠢ᠂ ᠬᠤᠳᠠᠯᠳᠤᠭᠠᠨ ᠤ ᠲᠠᠯᠠᠪᠤᠷ᠂ ᠴᠢᠯᠦ᠋ᠭᠡᠳᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠭᠤᠯᠠ ᠤᠮᠳᠠᠭᠠᠨ ᠤ ᠲᠠᠯᠠᠪᠤᠷ᠂ ᠪᠠᠭᠤᠳᠠᠯ᠂ ᠵᠠᠮ ᠬᠠᠷᠢᠯᠴᠠᠭᠠᠨ ᠤ ᠥᠷᠲᠡᠭᠡ ᠲᠠᠯᠠᠪᠤᠷ᠂ ᠦᠵᠡᠮᠵᠢ ᠶᠢᠨ ᠣᠷᠣᠨ᠂ ᠰᠣᠶᠣᠯ ᠪᠡᠶ᠎ᠠ ᠶᠢᠨ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ᠂ ᠢᠯᠠᠩᠭᠤᠶ᠎ᠠ ᠬᠡᠷ ᠳᠣᠲᠣᠷᠠᠬᠢ ᠪᠢᠲᠡᠭᠦᠮᠵᠢᠯᠡᠭᠰᠡᠨ ᠲᠠᠯᠠᠪᠤᠷ ᠲᠤ ᠣᠷᠤᠬᠤ ᠳᠠᠭᠠᠨ ᠵᠠᠪᠠᠯ ᠠᠮᠠᠪᠴᠢ ᠵᠡᠭᠦᠬᠦ ᠬᠡᠷᠡᠭᠲᠡᠶ᠃ ᠭᠤᠣᠯᠳᠠᠯᠭ᠎ᠠ ᠲᠠᠢ ᠠᠵᠢᠯ ᠤᠨ ᠪᠠᠶᠢᠷᠢ᠂ ᠪᠠᠶᠢᠭᠤᠯᠭ᠎ᠠ ᠨᠢᠭᠡᠴᠢ ᠶᠢᠨ ᠠᠵᠢᠯᠲᠠᠳ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ ᠳᠠᠭᠠᠨ ᠡᠷᠬᠡᠪᠰᠢ ᠪᠦᠷ ᠠᠮᠠᠪᠴᠢ ᠵᠡᠭᠦᠬᠦ ᠭᠡᠷᠡᠭᠳᠡᠢ᠃         ᠲᠦᠷᠪᠡ᠂ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠨ᠎ᠠ       ᠠᠷᠭ᠎ᠠ ᠴᠢᠨᠠᠷᠲᠠᠶ ᠬᠠᠯᠳᠠᠪᠤᠷᠢᠯᠠᠭᠰᠠᠳ ᠬᠡᠷ ᠲᠡᠭᠡᠨ ᠲᠤᠰᠠᠭᠠᠷᠯᠠᠵᠤ ᠪᠠᠶᠢᠬᠤ ᠬᠤᠭᠤᠴᠠᠠᠭᠠᠨ ᠳᠠᠬᠢ 6 ᠳ᠋ᠤᠭᠠᠷ ᠡᠳᠤᠷ ᠪᠠ 7 ᠳ᠋ᠤᠭᠠᠷ ᠡᠳᠦᠷ ᠨᠢ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠤ᠂ Ct ᠬᠡᠮᠵᠢᠭᠳᠡᠯ ᠨᠢ 35 ᠠᠴᠠ ᠶᠡᠭᠡ ᠪᠤᠶᠤ ᠲᠠᠩᠴᠡᠬᠦᠤ ᠪᠠᠶᠢᠪᠠᠯ ᠲᠤᠰᠠᠭᠠᠷᠯᠠᠬᠤ ᠪᠠᠨ ᠪᠤᠯᠢᠵᠤ ᠪᠣᠯᠤᠨ᠎ᠠ᠃ ᠨᠢᠭᠲᠠ ᠣᠶᠢᠷᠠᠲᠤᠭᠰᠠᠳ ᠤᠨ ᠭᠡᠷ ᠲᠡᠭᠡᠨ ᠲᠤᠰᠠᠭᠠᠷᠯᠠᠵᠤ ᠪᠠᠶᠢᠬᠤ ᠬᠤᠭᠤᠴᠠᠭᠠᠨ ᠳᠠᠬᠢ 5 ᠳ᠋ᠤᠭᠠᠷ ᠡᠳᠦᠷ ᠨᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠡᠷᠪᠡ ᠪᠢᠯᠢᠭ ᠴᠢᠨᠠᠷ ᠲᠠᠢ ᠪᠤᠯ ᠲᠤᠰᠠᠭᠠᠷᠯᠠᠬᠤ ᠪᠠᠨ ᠪᠤᠯᠢᠵᠤ ᠪᠣᠯᠤᠨ᠎ᠠ᠃ ᠲᠤᠰᠠᠭᠠᠷᠯᠠᠬᠤ ᠬᠤᠭᠤᠴᠠᠭᠠᠨ ᠳᠤ ᠬᠤᠪᠢ ᠪᠡᠶ᠎ᠠ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠳᠡ ᠶᠢ ᠴᠢᠩᠭᠠᠳᠬᠠᠬᠤ ᠬᠡᠷᠡᠭᠳᠡᠢ᠃      ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠬᠦ ᠨᠢ ᠬᠥᠮᠦᠨ ᠪᠦᠬᠦᠨ ᠤ ᠬᠠᠷᠢᠭᠤᠴᠠᠯᠭ᠎ᠠ ᠪᠤᠯᠤᠨ᠎ᠠ᠃ ᠥᠷᠭᠡᠨ ᠣᠯᠠᠨ ᠬᠤᠲᠠ ᠶᠢᠨ ᠠᠷᠠᠳ ᠬᠤᠪᠢ ᠪᠡᠶ᠎ᠠ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠵᠤ᠂ ᠥᠪᠡᠷ ᠤᠨ ᠡᠷᠡᠭᠦᠯ ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠬᠦᠰᠡᠵᠦ ᠪᠠᠶᠢᠨ᠎ᠠ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ