ᠳᠠᠯᠠᠳ ᠬᠤᠰᠢᠭᠤᠨ ᠤ ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2022/12/21
                                     ᠨᠢᠭᠡ᠂ ᠤᠳᠤᠷᠢᠳᠬᠤ ᠪᠠᠭ᠄    ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠄ ᠵᠠᠩ ᠸᠧᠨ‌ᠢᠦᠶ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠩᠭᠤ ᠶᠢᠨ ᠳᠡᠳ᠋ ᠲᠣᠪᠴᠢᠶᠠᠨ ᠳᠠᠷᠤᠭ᠎ᠠ᠄ ᠶᠠᠨ ᠮᠢᠩ ᠯᠢᠶᠠᠩ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ᠄ ᠯᠢᠦ ᠶᠠ ᠯᠧᠦ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ᠄ ᠵᠠᠩ ᠶᠦᠩ ᠯᠢᠨ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠶᠡᠷᠦᠩᠬᠡᠶ ᠬᠢᠨᠠᠨ ᠪᠤᠳᠤᠭᠴᠢ᠄ ᠪᠠᠶ ᠬᠤᠶ ᠯᠢᠩ    ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ᠄ ᠬᠤ᠋ ᠸᠧᠨ ᠯᠢ    ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠄    ᠳᠠᠯᠠᠳ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ᠄    ︵ᠨᠢᠭᠡ︶ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠳᠠᠯᠠᠳ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠲᠤᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠤᠲᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠳᠠ ᠬᠢᠬᠦ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠳᠤ ᠳᠤᠰᠢᠶᠠᠯ ᠠᠴᠠ ᠪᠠᠨ ᠰᠠᠯᠬᠤ ᠬᠢᠨᠨᠠ ᠪᠤᠳᠤᠯᠳᠠ ᠬᠢᠨ᠎ᠠ᠃  ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠯᠲᠠ ᠬᠢᠨ᠎ᠠ᠃ ᠬᠢᠨᠠᠨ ᠪᠤᠳᠤᠬᠤ᠂ ᠲᠤᠰᠬᠠᠶ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠬᠤ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠶᠢ ᠬᠠᠷᠢᠭᠤᠴᠠᠨ᠎ᠠ᠃    ︵ᠬᠤᠶᠠᠷ︶ ᠲᠥᠪ ᠤᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠬᠢᠨᠠᠨ ᠪᠣᠳᠣᠯᠲᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠵᠦᠭᠯᠡᠭᠦᠷ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠨ ᠤ ᠬᠢᠨᠠᠨ ᠪᠤᠳᠤᠬᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠶ᠋ᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠮᠡᠳᠡᠭᠦᠯᠦᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠤᠨ᠎ᠠ᠃    ︵ᠭᠤᠷᠪᠠ︶ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠬᠤᠰᠢᠭᠤᠨ ᠤ  ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤ ᠳᠠᠷᠤᠭ᠎ᠠ ᠳᠤ ᠣᠨ ᠤ ᠲᠥᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠤᠳᠤᠯᠲᠠ ᠪᠠ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠯᠳᠠ ᠶᠢᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠵᠡᠭᠡᠯᠢ ᠭᠤᠳᠤᠮᠵᠢ ᠪᠠ ᠬᠠᠮᠢᠶᠠᠷᠤᠯᠲᠠ ᠶᠢᠨ ᠵᠥᠪᠯᠡᠯ ᠳᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠦᠯᠦᠨ᠎ᠡ᠃   ︵ᠲᠦᠷᠪᠡ︶ ᠳᠣᠣᠷ᠎ᠠ ᠵᠢᠭᠰᠠᠭᠠᠭᠰᠠᠨ ᠵᠦᠢᠯ ᠤᠳ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ ᠮᠡᠳᠡᠭᠦᠯᠦᠯᠲᠡ ᠭᠠᠷᠭᠠᠵᠤ᠂ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠤ ᠳᠣᠲᠣᠷ᠎ᠠ ᠬᠢᠨᠠᠨ ᠪᠤᠳᠤᠭᠰᠠᠨ ᠲᠣᠭᠲᠠᠭᠠᠯ ᠭᠠᠷᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠰᠢᠭᠤᠨ ᠤ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠶᠢ ᠪᠠᠭᠲᠠᠭᠠᠨ᠎ᠠ︶ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠬᠦᠢᠴᠡᠳᠬᠡᠯ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠳᠡᠭᠡᠳᠦ ᠱᠠᠲᠤᠨ ᠤ ᠡᠳ᠋ ᠤᠨ ᠵᠠᠰᠠᠭ ᠤᠨ ᠰᠢᠯᠵᠢᠭᠦᠯᠦᠨ ᠦᠭᠭᠦᠭᠰᠡᠨ ᠪᠡᠯᠡ ᠮᠥᠩᠭᠦ︔ ᠬᠤᠰᠢᠭᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ  ᠱᠠᠲᠤᠨ ᠤ ᠪᠠᠯᠠ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠱᠠᠲᠤᠨ ᠤ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠂ ᠬᠤᠰᠢᠭᠤᠨ ᠤ ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ︔ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠶᠢ ᠡᠵᠡᠯᠡᠭᠰᠡᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠷᠥᠩᠭᠡ᠂ ᠥᠷᠢ ᠪᠠ ᠣᠯᠵᠠᠪᠤᠷᠢ ᠠᠯᠳᠠᠪᠤᠷᠢ᠂ ᠳᠠᠯᠠᠳ ᠬᠤᠰᠢᠭᠤᠨ ᠤ ᠭᠠᠳᠠᠭᠠᠳᠤ ᠳᠤ ᠰᠠᠭᠤᠭ᠎ᠠ ᠡᠵᠡᠩᠨᠡᠯᠲᠡ ᠶᠢᠨ ᠪᠤᠰᠤ ᠴᠢᠨᠠᠷᠲᠠᠶ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠬᠤᠯᠪᠣᠭᠳᠠᠯ ᠪᠥᠬᠦᠶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠠᠭᠰᠠᠨ ᠪᠠᠯᠠ ᠮᠥᠩᠭᠦ ᠪᠠ ᠪᠤᠰᠤᠳ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠳᠦᠷᠦᠯ ᠵᠦᠢᠯ︔ ᠬᠠᠦᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠳ     ︵ᠲᠠᠪᠤ︶ ᠰᠢᠶᠠᠩ ᠪᠠᠯᠭᠠᠰᠤᠨ ᠤ ᠱᠠᠲᠤᠨ ᠤ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃    ︵ᠵᠢᠷᠭᠤᠭ᠎ᠠ︶ ᠡᠳ᠋ ᠤᠨ ᠵᠠᠰᠠᠭ ᠠᠵᠤ ᠠᠬᠤᠶ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠦᠷᠦ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠵᠦᠢᠯᠡᠰ ᠤᠨ ᠲᠤᠰᠬᠠᠶ ᠵᠦᠢᠯ ᠤᠨ ᠬᠢᠨᠠᠨ ᠪᠤᠳᠤᠯᠳᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠳᠣᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠬᠦ᠂ ᠵᠠᠰᠠᠭ ᠵᠠᠬᠢᠷᠭᠠᠨ ᠤ ᠵᠠᠷᠭᠤ ᠬᠢᠬᠦ ᠪᠤᠶᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠶᠢᠨ ᠳᠤᠮᠳᠠᠬᠢ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠭᠦᠢᠴᠡᠳᠬᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠤᠷᠢᠯᠡᠨ᠎ᠡ᠃    ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃    ︵ᠶᠢᠰᠦ︶ ᠬᠢᠨᠠᠨ ᠪᠤᠳᠤᠬᠤ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠪᠤᠳᠤᠬᠤ ᠬᠦᠷᠢᠶᠡᠨ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃     ︵ᠠᠷᠪᠠ︶ ᠬᠤᠰᠢᠭᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃    ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠳᠣᠲᠣᠭᠠᠳᠤ ᠶᠢᠨ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠬᠢᠨᠠᠨ ᠪᠤᠳᠤᠬᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠪᠦᠷᠬᠦᠭᠰᠡᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠳᠬᠠᠨ᠎ᠠ᠃    ᠭᠤᠷᠪᠠ᠂ ᠳᠣᠲᠣᠭᠠᠳᠤ ᠪᠠᠶᠢᠭᠤᠯᠤᠮᠵᠢ᠄    ᠠᠯᠪᠠᠨ ᠬᠡᠷ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠬᠢᠨᠠᠨ ᠪᠤᠳᠤᠬᠤ ᠲᠠᠰᠤᠭ᠂ ᠵᠠᠰᠠᠭ ᠵᠠᠬᠢᠷᠭ᠎ᠠ ᠠᠵᠢᠯ ᠦᠢᠯᠡᠰ ᠤᠨ ᠠᠵᠤ ᠠᠬᠤᠶᠢᠯᠠᠯ ᠤᠨ ᠬᠢᠨᠠᠨ ᠪᠤᠳᠤᠬᠤ ᠲᠠᠰᠤᠭ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠯᠪᠠᠨ ᠬᠡᠷ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠨᠠᠨ ᠪᠤᠳᠤᠬᠤ ᠲᠠᠰᠤᠭ᠂ ᠨᠡᠶᠢᠭᠡᠮ ᠤᠨ ᠪᠠᠲᠤᠯᠠᠭ᠎ᠠ ᠪᠠ ᠠᠷᠠᠳ ᠤᠨ ᠠᠮᠢᠳᠤᠷᠠᠯ ᠤᠨ ᠬᠢᠨᠠᠨ ᠪᠤᠳᠤᠬᠤ ᠲᠠᠰᠤᠭ᠂ ᠲᠣᠪᠴᠢᠶ᠎ᠠ ᠳᠤ ᠬᠠᠷᠢᠶᠠᠯᠠᠭᠳᠠᠬᠤ ᠬᠤᠶᠠᠳᠤᠭᠠᠷ ᠳᠡᠰ ᠤᠨ ᠨᠢᠭᠡᠴᠡ ᠶᠢᠨ ᠳᠠᠯᠠᠳ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠃    ᠲᠦᠷᠪᠡ᠂ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ᠄    ᠵᠠᠰᠠᠭ ᠵᠠᠬᠢᠷᠭᠠᠨ ᠤ ᠣᠷᠣᠨ ᠲᠤᠭ᠎ᠠ 9᠂ ᠤᠳᠤᠷᠢᠳᠬᠤ ᠲᠤᠰᠢᠶᠠᠯ ᠤᠨ ᠲᠤᠭ᠎ᠠ 5 ᠪᠣᠶ᠃    ᠠᠵᠢᠯᠯᠠᠬᠤ ᠭᠠᠵᠠᠷ᠄ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠤ ᠰᠢᠨ᠎ᠡ ᠵᠡᠭᠡᠯᠢ ᠶᠢᠨ 71 ᠳ᠋ᠦ᠋ᠭᠡᠷ ᠨᠣᠮᠧᠷ ︵ᠬᠤᠰᠢᠭᠤ ᠨᠠᠮ ᠤᠨ ᠬᠤᠷᠢᠶᠠᠨ ᠤ ᠡᠰᠡᠷᠭᠦ ᠲᠠᠯ᠎ᠠ︶    ᠬᠠᠷᠢᠯᠴᠠᠬᠤ ᠤᠲᠠᠰᠤ᠄ 0477 — 5212557    ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 14᠄ 30 — 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠰᠢᠦᠳᠠᠨ ᠳ᠋ᠤᠭᠠᠷ᠄ 014300   
ᠢᠷᠡᠯᠲᠡ᠄ ᠳᠤᠰ ᠰᠦᠯᠵᠢᠶ᠎ᠡ