ᠨᠢᠭᠡ᠂ ᠤᠳᠤᠷᠢᠳᠬᠤ ᠪᠠᠭ᠄ | ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ᠄ ᠵᠢᠶ ᡁᠢ | ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ᠄ ᠰᠢᠤᠢ ᠭᠦᠸᠧ ᠶᠤᠸᠠᠨ | ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ᠄ ᠸᠠᠩ ᠹᠠᠩ | ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ᠄ ᠮᠠ ᠮᠢᠨ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ | ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ | ᠪᠣᠳᠣᠯᠭ᠎ᠠ ᠶᠢᠨ ᠰᠤᠳᠤᠯᠤᠯ ᠢ ᠳᠠᠭᠠᠭᠠᠨ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ | ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠳᠤᠮᠳᠠ ᠣᠷᠳᠣ ᠬᠤᠭᠤᠴᠠᠭᠠᠨ ᠤ | ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠥᠬᠦᠶ ᠰᠢᠢᠳᠪᠤᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠡᠯ᠎ᠡ ᠰᠤᠮᠤ ᠪᠠᠯᠭᠠᠰᠤ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ | ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠥᠬᠦᠶ ᠮᠠᠷᠭᠤᠯᠳᠤᠭᠠᠨ | ᠪᠠ ᠠᠰᠠᠭᠤᠳᠠᠯ ᠢ ᠬᠠᠷᠢᠭᠤᠴᠠᠨ ᠵᠣᠬᠢᠴᠠᠭᠤᠯᠤᠨ᠎ᠠ᠃ ᠬᠤᠰᠢᠭᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ | ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠠᠵᠢᠯ ᠢ ᠡᠭᠦᠷᠭᠡᠯᠡᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠴᠢᠩᠭ᠎ᠠ | ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠪᠥᠬᠦ | ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ | ᠵᠢᠯᠣᠭᠤᠳᠬᠤ ᠪᠠ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ | ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ | ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠣᠷᠣᠯᠴᠠᠬᠤ ᠶᠢ ᠳᠦᠯᠬᠢᠨ ᠠᠬᠢᠭᠤᠯᠤᠨ᠎ᠠ᠃ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ | ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ | ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠲᠠᠪᠤ︶ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠨ᠎ᠠ᠃ | ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ | ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠬᠠᠤᠯᠢ ᠴᠠᠭᠠᠵᠠ ᠶᠢᠨ | ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ | ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠨ᠎ᠠ᠃ ᠬᠤᠰᠢᠭᠤᠨ ᠤ | ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠤᠰᠢᠭᠤ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ | ︵ᠳᠣᠯᠤᠭ᠎ᠠ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠲᠣᠨᠤᠭ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ | ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠨᠠᠢᠮᠠ︶ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ | ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠡᠩᠨᠡᠭᠡᠨ ᠤ ᠪᠠᠶᠢᠭᠤᠯᠤᠯᠲᠠ ᠶᠢ ᠵᠢᠯᠤᠭᠤᠳᠴᠦ᠂ ᠬᠠᠦᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠬᠠᠦᠯᠢ ᠴᠠᠭᠠᠵᠠ ᠶᠢᠨ ᠲᠣᠪᠴᠢᠶ᠎ᠠ ᠶᠢᠨ ᠬᠠᠮᠵᠢᠨ ᠬᠠᠮᠢᠶᠠᠷᠬᠤ ᠺᠠᠳ᠋ᠷ ᠢ ᠬᠠᠮᠢᠶᠠᠷᠤᠨ᠎ᠠ᠃ | ︵ᠶᠢᠰᠦ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ | ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃ | ︵ᠠᠷᠪᠠ︶ ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠭᠤᠷᠪᠠ᠂ ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ 0477 — 5227562 | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ ᠤ | ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠤᠮᠳᠠᠤᠷᠲᠤ ᠬᠤᠭᠤᠴᠠᠭᠠᠨ ᠤ ᠲᠥᠯᠥᠪᠵᠢᠭᠦᠯᠭᠡ ᠪᠠ | ᠲᠦᠷᠦ ᠶᠢᠨ ᠪᠤᠳᠤᠯᠭ᠎ᠠ ᠶᠢ ᠳᠤᠭᠤᠷᠪᠢᠨ ᠳᠤᠭᠳᠠᠭᠠᠬᠤ ᠶᠢ ᠬᠠᠷᠢᠭᠤᠴᠠᠨ᠎ᠠ᠃ ᠬᠠᠦᠯᠢ ᠴᠠᠭᠠᠵᠠ ᠶᠢᠨ ᠵᠠᠰᠠᠭ | ᠵᠠᠬᠢᠷᠭᠠᠨ ᠤ ᠥᠭᠡᠷᠡᠴᠢᠯᠡᠯᠲᠡ ᠶᠢ ᠰᠤᠳᠤᠯᠬᠤ ᠪᠠ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠡᠳ᠋ ᠪᠣᠳᠠᠰ ᠤᠨ ᠲᠣᠨᠣᠭᠯᠠᠯ ᠪᠠ | ᠦᠨᠳᠦᠰᠦᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠯᠳᠠ | ᠬᠢᠬᠦ ᠰᠠᠯᠠᠭ᠎ᠠ 0477 — 5227580 | ᠪᠥᠬᠦ ᠲᠠᠯ᠎ᠠ ᠪᠠᠷ ᠬᠠᠤᠯᠢ ᠪᠠᠷ ᠵᠠᠰᠠᠬᠤ ᠣᠨᠣᠯ ᠬᠢᠭᠡᠳ ᠦᠢᠯᠡᠳᠦᠯᠭᠡ ᠶᠢᠨ ᠪᠠᠶᠢᠴᠠᠭᠠᠨ ᠰᠤᠳᠤᠯᠤᠯᠲᠠ ᠶᠢᠨ | ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠬᠠᠮᠢᠶ᠎ᠠ | ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠪᠥᠬᠦ ᠲᠠᠯ᠎ᠠ ᠪᠠᠷ ᠬᠠᠤᠯᠢ ᠪᠠᠷ ᠵᠠᠰᠠᠬᠤ | ᠠᠵᠢᠯ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠤᠨ᠎ᠠ᠃ ᠬᠤᠰᠢᠭᠤ ᠶᠢ ᠪᠥᠬᠦ ᠲᠠᠯ᠎ᠠ ᠪᠠᠷ ᠬᠠᠤᠯᠢ ᠶᠣᠰᠣᠭᠠᠷ | ᠵᠠᠰᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ ᠰᠠᠨᠠᠯ ᠪᠠ | ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠶᠢ ᠵᠠᠰᠠᠬᠤ | ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠣᠨ ᠤ ᠱᠠᠭᠠᠷᠳᠠᠨ ᠪᠠᠶᠢᠴᠠᠭᠠᠬᠤ ᠠᠵᠢᠯ ᠤᠨ ᠲᠥᠯᠥᠪᠯᠡᠭᠡ | ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠬᠠᠷᠢᠭᠤᠴᠠᠨ ᠲᠣᠭᠲᠠᠭᠠᠵᠤ᠂ ᠱᠠᠭᠠᠷᠳᠠᠨ ᠪᠠᠶᠢᠴᠠᠭᠠᠬᠤ ᠪᠠ ᠣᠨ ᠤ | ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠭᠠᠷᠳᠠᠨ ᠪᠠᠶᠢᠴᠠᠭᠠᠬᠤ᠂ ᠰᠢᠯᠭᠠᠨ ᠬᠢᠨᠠᠬᠤ ᠰᠠᠨᠠᠯ ᠪᠠ | ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ᠂ ᠡᠯ᠎ᠡ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ | ᠬᠢᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠪᠥᠬᠦ ᠠᠷᠠᠳ ᠲᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠠᠬᠢᠭᠤᠯᠤᠨ᠎ᠠ᠃ ᠪᠥᠬᠦ ᠬᠤᠰᠢᠭᠤᠨ ᠤ ᠤᠯᠤᠰ ᠤᠨ ᠠᠵᠢᠯᠲᠠᠳ ᠤᠨ | ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠤᠯᠢ ᠶᠣᠰᠣᠭᠠᠷ ᠵᠠᠰᠠᠬᠤ | ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠨᠡᠶᠢᠭᠡᠮ ᠵᠢᠷᠤᠮ ᠤᠨ ᠬᠠᠤᠯᠢ ᠪᠠᠷ | ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠤᠬᠠᠭᠤᠯᠬᠤ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠲᠣᠭᠤᠷᠢᠭ ᠤᠨ ᠵᠠᠰᠠᠮᠵᠢᠯᠠᠯ ᠤᠨ ᠬᠠᠮᠢᠶᠠᠷᠤᠯᠲᠠ ᠶᠢᠨ ᠶᠡᠭᠡ ᠠᠩᠭᠢ 0477 — | 5961122 | ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠨᠡᠶᠢᠬᠡᠮ | ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠷᠡᠭᠦᠦ ᠰᠢᠢᠳᠬᠡᠯ ᠢ ᠭᠦᠢᠴᠡᠳᠬᠡᠬᠦ᠂ ᠰᠤᠷᠭᠠᠨ ᠬᠥᠮᠦᠵᠢᠭᠦᠯᠬᠦ ᠪᠠ | ᠬᠠᠪᠰᠤᠷᠤᠨ ᠲᠡᠳᠬᠦᠬᠦ ᠠᠵᠢᠯ ᠢ ᠵᠢᠭᠠᠨ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃ ᠨᠡᠶᠢᠭᠡᠮ ᠤᠨ ᠬᠦᠴᠦᠨ | ᠪᠠ ᠰᠠᠶᠢᠨ ᠳᠤᠷ᠎ᠠ ᠶᠢᠨ ᠠᠵᠢᠯᠯᠠᠭᠴᠢ ᠶᠢ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠵᠠᠰᠠᠮᠵᠢᠯᠠᠬᠤ | ᠠᠵᠢᠯ ᠳᠤ ᠣᠷᠣᠯᠴᠠᠭᠤᠯᠤᠨ᠎ᠠ᠃ | ︵ᠳᠥᠷᠪᠡ︶ ᠵᠠᠰᠠᠭ ᠵᠠᠬᠢᠷᠭᠠᠨ ᠤ ᠳᠠᠬᠢᠨ ᠵᠥᠪᠯᠡᠬᠦ ᠵᠠᠷᠭᠤ ᠬᠦᠯᠢᠶᠡᠬᠦ ᠳᠠᠰᠤᠭ 0477 — | 5180014 | ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠬᠡᠷᠡᠭ ᠢ ᠬᠠᠷᠢᠭᠤᠴᠠᠨ ᠰᠢᠢᠳᠪᠤᠷᠢᠯᠡᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠲᠠᠰᠤᠯᠤᠯᠲᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠤᠳᠤᠯᠳᠠ ᠶᠢ ᠬᠠᠷᠢᠭᠤᠴᠠᠨ᠎ᠠ᠃ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠲᠠᠰᠤᠭ ︵ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶ 0477 — 5160407 | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠬᠤ ᠪᠠ ᠬᠢᠨᠠᠯᠲᠠ | ᠲᠠᠯᠪᠢᠬᠤ ᠶᠢ ᠡᠭᠦᠷᠭᠡᠯᠡᠵᠦ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠥᠯᠬᠢᠨ | ᠠᠬᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠬᠤ ᠶᠢᠨ ᠨᠡᠶᠢᠳᠡᠮ ᠤᠨ ᠴᠢᠨᠠᠷᠲᠠᠶ ᠴᠢᠬᠤᠯᠠ | ᠴᠢᠨᠠᠷ ᠤᠨ ᠠᠰᠠᠭᠤᠳᠠᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠣᠯᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠠᠵᠢᠯᠲᠠᠨ ᠤ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠤᠯ ᠴᠣᠭᠴᠠ ᠶᠢ ᠮᠠᠭᠠᠳᠯᠠᠨ ᠲᠣᠭᠲᠠᠭᠠᠬᠤ ᠪᠠ ᠨᠡᠶᠢᠲᠡᠯᠡᠬᠦ ᠠᠵᠢᠯ ᠢ ᠡᠭᠦᠷᠭᠡᠯᠡᠵᠦ᠂ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠡᠭᠦᠷᠭᠡᠯᠡᠵᠦ᠂ ᠬᠤᠰᠢᠭᠤ | ᠲᠣᠰ ᠱᠠᠲᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠬᠡᠷᠡᠭ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ | ᠡᠭᠦᠷᠭᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠭᠠᠯᠳᠤᠯᠭ᠎ᠠ ᠶᠢ ᠭᠥᠯᠢᠶᠡᠨ ᠠᠪᠴᠤ | ᠰᠢᠢᠳᠪᠤᠷᠢᠯᠡᠬᠦ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠡᠷᠡᠭ ᠢ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠬᠠᠤᠯᠢ ᠪᠠᠷ ᠵᠠᠰᠠᠬᠤ ᠶᠢ ᠵᠣᠬᠢᠴᠠᠭᠤᠯᠬᠤ | ᠠᠵᠢᠯ ᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠵᠤ ᠬᠢᠨᠠᠯᠲᠠ | ᠲᠠᠯᠪᠢᠬᠤ ᠪᠠ ᠰᠠᠨᠠᠯ ᠭᠤᠶᠤᠴᠢᠯᠠᠬᠤ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠭᠤᠶᠤᠴᠢᠯᠠᠬᠤ᠂ ᠨᠤᠲᠠᠯᠠᠬᠤ᠂ | ᠱᠠᠩᠨᠠᠬᠤ᠂ ᠥᠭᠬᠦ ᠵᠦᠢᠯᠡᠰ ᠢ ᠭᠥᠯᠢᠶᠡᠨ ᠠᠪᠴᠤ ᠰᠢᠢᠳᠪᠤᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ | ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠢᠯᠡᠴᠢᠯᠡᠭᠡᠨ ᠤ ᠵᠦᠢᠯ ᠢ ᠬᠢᠨᠠᠨ ᠬᠠᠷᠭᠤᠭᠤᠯᠬᠤ | ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠳᠤ ᠦᠵᠡᠭᠦᠯᠬᠦ ᠠᠷᠤ ᠲᠠᠯ᠎ᠠ ᠶᠢᠨ ᠳᠡᠮᠵᠢᠯᠭᠡ ᠶᠢᠨ ᠠᠵᠢᠯ ᠢ | ᠬᠠᠷᠢᠭᠤᠴᠠᠨ ᠵᠣᠬᠢᠴᠠᠭᠤᠯᠤᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ | ᠬᠠᠤᠯᠢ ᠪᠠᠷ ᠵᠠᠰᠠᠬᠤ ᠠᠵᠢᠯ ᠤᠨ ᠴᠢᠬᠤᠯᠠ ᠲᠣᠭᠲᠠᠭᠠᠯ ᠪᠠ ᠲᠥᠰᠦᠯ ᠤᠨ ᠳᠠᠩᠰᠠᠯᠠᠯ ᠢ ᠬᠦᠯᠢᠶᠡᠨ᠎ᠡ᠃ | ︵ᠵᠢᠷᠭᠤᠭ᠎ᠠ︶ ᠬᠠᠦᠯᠢ ᠪᠠᠷ ᠵᠠᠰᠠᠬᠤ ᠶᠢ ᠠᠬᠢᠭᠤᠯᠬᠤ ᠳᠠᠰᠤᠭ 0477 — 5901194 | ᠠᠷᠠᠳ ᠤᠯᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ᠂ ᠠᠬᠢᠭᠤᠯᠬᠤ᠂ ᠲᠡᠭᠦᠨ ᠳᠤ ᠬᠢᠨᠠᠯᠲᠠ | ᠲᠠᠯᠪᠢᠬᠤ ᠶᠢ ᠪᠠᠲᠤᠯᠠᠬᠤ ᠲᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠪᠠᠶᠢᠭᠤᠯᠤᠭᠰᠠᠨ | ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠳᠡᠮᠵᠢᠬᠦ ᠶᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠭᠠᠵᠠᠷ ᠤᠨ | ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠ | ᠠᠵᠢᠯ ᠲᠦᠷᠦᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠭᠡ ᠶᠢᠨ ᠠᠵᠢᠯ ᠢ ᠵᠢᠯᠣᠭᠤᠳᠤᠨ᠎ᠠ᠃ | ᠬᠤᠰᠢᠭᠤᠨ ᠤ ᠠᠷᠠᠳ ᠤᠨ ᠡᠶᠡᠳᠡᠭᠦᠯᠬᠦ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ ᠠᠷᠠᠳ ᠤᠨ ᠬᠠᠪᠰᠤᠷᠤᠨ | ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ | ︵ᠲᠤᠯᠤᠭ᠎ᠠ︶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ | 0477 — 5220148 | ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠪᠠ ᠲᠠᠪᠴᠠᠩ ᠤᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠠᠬᠢᠭᠤᠯᠬᠤ ᠠᠵᠢᠯ ᠢ ᠬᠠᠷᠢᠭᠤᠴᠠᠨ᠎ᠠ᠃ | ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠶᠢᠨ ᠠᠵᠢᠯ ᠢ ᠵᠢᠯᠣᠭᠤᠳᠴᠤ᠂ ᠬᠠᠮᠢᠶᠠᠷᠴᠤ᠂ ᠲᠡᠭᠦᠨ ᠳᠤ | ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠠᠯᠪᠠᠨ ᠭᠡᠷᠡᠴᠢᠯᠡᠭᠡ ᠶᠢᠨ ᠨᠡᠷᠡᠰ ᠤᠨ ᠳᠡᠪᠲᠡᠷ ᠢ ᠳᠡᠭᠡᠭᠰᠢ | ᠮᠡᠳᠡᠭᠦᠯᠬᠦ ᠶᠢ ᠬᠠᠷᠢᠭᠤᠴᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ᠃ | ︵ᠨᠠᠢᠮᠠ︶ ᠬᠠᠤᠯᠢᠴᠢ ᠶᠢᠨ ᠠᠵᠢᠯ ᠤᠨ ᠲᠠᠰᠤᠭ 0477 — 5189633 | ᠬᠠᠤᠯᠢᠴᠢ ᠶᠢᠨ ᠠᠵᠢᠯ ᠢ ᠵᠢᠯᠣᠭᠤᠳᠴᠤ ᠲᠡᠭᠦᠨ ᠳᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠤᠯᠢ | ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠰᠢᠭᠤᠨ ᠤ ᠬᠠᠤᠯᠢ ᠴᠠᠭᠠᠵᠠ ᠶᠢᠨ | ᠲᠤᠰᠬᠠᠶ ᠮᠡᠷᠭᠡᠵᠢᠯᠲᠡᠨ ᠤ ᠬᠥᠮᠥᠷᠭᠡ ᠶᠢ ᠬᠠᠷᠢᠭᠤᠴᠠᠨ ᠬᠠᠮᠢᠶᠠᠷᠴᠤ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ | ᠠᠯᠪᠠᠨ ᠲᠤᠰᠢᠶᠠᠯᠲᠤ ᠬᠠᠤᠯᠢᠴᠢ᠂ ᠺᠣᠮᠫᠠᠨᠢ ᠶᠢᠨ ᠬᠠᠤᠯᠢᠴᠢ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ | ︵ᠶᠢᠰᠦ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠳᠠ ᠶᠢᠨ ᠳᠠᠰᠤᠭ | ᠬᠠᠤᠯᠢ ᠪᠠᠷᠢᠬᠤ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠶᠡᠷᠦᠩᠬᠡᠶ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠵᠥᠭᠡᠯᠡᠨ ᠲᠤᠨᠤᠭ᠂ ᠲᠠᠪᠴᠠᠩ ᠢ | ᠵᠢᠷᠤᠵᠤ ᠲᠥᠯᠥᠪᠯᠡᠬᠦ᠂ ᠰᠤᠳᠤᠯᠤᠨ ᠨᠡᠭᠡᠭᠡᠬᠦ᠂ ᠪᠦᠳᠦᠭᠡᠨ ᠪᠠᠶᠢᠭᠤᠯᠬᠤ᠂ ᠳᠡᠯᠭᠡᠷᠡᠭᠦᠯᠦᠨ ᠬᠡᠷᠡᠭᠯᠡᠬᠦ ᠪᠠ ᠬᠠᠮᠠᠭᠠᠯᠠᠬᠤ | ᠠᠵᠢᠯ ᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ | ᠠᠷᠭᠠᠴᠠᠬᠤ ᠶᠢ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠤᠷᠢᠯᠡᠬᠦ ᠪᠠ ᠶᠡᠷᠦᠩᠬᠡᠶᠢᠯᠡᠨ | ᠵᠣᠬᠢᠴᠠᠭᠤᠯᠵᠤ ᠲᠣᠬᠢᠷᠠᠭᠤᠯᠬᠤ ᠠᠵᠢᠯ ᠢ ᠡᠭᠦᠷᠭᠡᠯᠡᠨ᠎ᠡ᠃ | ︵ᠠᠷᠪᠠ︶ ᠤᠯᠤᠰ ᠲᠦᠷᠦ ᠶᠢᠨ ᠴᠠᠭᠳᠠᠭᠠᠨ ᠤ ᠶᠠᠪᠤᠳᠠᠯ ᠤᠨ ᠳᠠᠰᠤᠭ 0477 — 5227581 | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠪᠠ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠪᠠ ᠦᠵᠡᠯ ᠰᠠᠨᠠᠭᠠᠨ ᠤ ᠠᠵᠢᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ | ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠵᠣᠬᠢᠶᠠᠨ ᠪᠠᠶᠢᠭᠤᠯᠤᠯᠲᠠ᠂ ᠠᠵᠢᠯᠳᠠᠨ ᠤ ᠶᠠᠪᠤᠳᠠᠯ᠂ | ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ᠂ ᠣᠨ ᠤ ᠬᠢᠨᠠᠨ | ᠰᠢᠯᠭᠠᠯᠲᠠ ᠵᠡᠷᠭᠡ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠡᠩᠨᠡᠭᠡ ᠶᠢᠨ ᠬᠥᠮᠦᠵᠢᠯ ᠪᠣᠯᠪᠠᠰᠤᠷᠠᠯ ᠪᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠰᠢᠯᠢᠳᠡᠭ ᠢ ᠰᠢᠯᠭᠠᠷᠠᠭᠤᠯᠵᠤ | ᠲᠡᠷᠢᠭᠦᠨ ᠤ ᠬᠢ ᠶᠢ ᠡᠭᠦᠳᠬᠦ᠂ ᠬᠥᠬᠢᠭᠦᠯᠦᠨ ᠱᠠᠩᠨᠠᠬᠤ ᠠᠵᠢᠯ ᠢ ᠡᠭᠦᠷᠭᠡᠯᠡᠨ᠎ᠡ᠃ | ᠬᠠᠤᠯᠢ ᠪᠠᠷᠢᠬᠤ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠢ ᠱᠠᠭᠠᠷᠳᠠᠨ ᠪᠠᠶᠢᠴᠠᠭᠠᠬᠤ | ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠠᠤᠯᠢ ᠪᠠᠷᠢᠬᠤ ᠵᠠᠰᠠᠭ ᠵᠠᠬᠢᠷᠭᠠᠨ ᠤ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠰᠠᠬᠢᠯᠭ᠎ᠠ ᠪᠠᠲᠤ ᠶᠢ ᠵᠢᠷᠤᠮᠯᠠᠭᠰᠠᠨ ᠪᠠᠶᠢᠳᠠᠯ ᠳᠤ ᠬᠢᠨᠠᠯᠲᠠ ᠲᠠᠯᠪᠢᠵᠤ᠂ | ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠵᠦᠢ ᠶᠣᠰᠣᠨ ᠤ ᠬᠠᠤᠯᠢ | ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠶᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠱᠠᠭᠠᠷᠳᠠᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ | ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠨᠠᠮ ᠪᠠ | ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ | ᠲᠦᠷᠪᠡ᠂ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ | ᠲᠣᠰ ᠨᠢᠭᠡᠴᠡ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠪᠠ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ | ᠢᠯᠡ ᠪᠤᠯᠭᠠᠵᠦ ᠪᠤᠯᠬᠤ ᠦᠭᠡᠢ᠃ | ᠠᠵᠢᠯᠯᠠᠬᠤ ᠭᠠᠵᠠᠷ᠄ ᠣᠷᠳᠣᠰ ᠬᠤᠲᠠ ᠶᠢᠨ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤᠨ ᠤ 110 | ᠵᠢᠯᠣᠭᠤᠳᠬᠤ ᠲᠥᠪ ᠤᠨ ᠲᠣᠮᠣ ᠠᠰᠠᠷ | ᠬᠠᠷᠢᠯᠴᠠᠬᠤ ᠤᠲᠠᠰᠤ᠄ 0477 — 5227562 | ᠠᠵᠢᠯᠯᠠᠬᠤ ᠴᠠᠭ᠄ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 14᠄ 30 | — 17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠠᠴᠠ ᠭᠠᠳᠠᠨ᠎ᠠ︶ | ᠰᠢᠦᠳᠠᠨ ᠳ᠋ᠤᠭᠠᠷ᠄ 014300 | | |