​ ᠳ᠋ᠦ᠋ ᠬᠤᠢ ᠯᠢᠶᠠᠩ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2022/12/5
     ᠤᠶᠢᠷ᠎ᠠ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠪᠠ᠃ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃        ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠡ ᠳᠤ᠂ ᠳ᠋ᠦ᠋ ᠬᠤᠢ ᠯᠢᠶᠠᠩ ᠤᠷᠳᠤᠰ ᠬᠤᠳᠠ ᠶᠢᠨ ᠤᠯᠤᠰ ᠤᠨ ᠦᠷᠭᠦᠯᠵᠢᠯᠡᠭᠰᠡᠨ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃  ᠤᠷᠳᠤᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠳᠤ᠂ ᠳ᠋ᠦ᠋ ᠬᠤᠢ ᠯᠢᠶᠠᠩ ᠰᠤᠳᠤᠯᠭᠠᠨ ᠤ ᠬᠦᠷᠢᠶᠡᠯᠡᠩ ᠤᠨ ᠠᠵᠢᠯ ᠢᠶᠠᠨ ᠦᠷᠨᠢᠭᠦᠯᠦᠭᠰᠡᠨ ᠪᠠᠶᠢᠳᠠᠯ᠂ ᠬᠥᠭᠵᠢᠯᠲᠡ ᠶᠢᠨ ᠲᠦᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠪᠠ᠃ ᠤᠷᠳᠤᠰ ᠤᠨ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠲᠤ᠂ ᠳ᠋ᠦ᠋ ᠬᠤᠢ ᠯᠢᠶᠠᠩ ᠲᠤᠷᠰᠢᠯᠲᠠ ᠶᠢᠨ ᠲᠥᠪ ᠤᠨ ᠪᠦᠳᠦᠭᠡᠨ ᠪᠠᠶᠢᠭᠤᠯᠤᠯᠲᠠ ᠶᠢᠨ ᠡᠷᠭᠢᠯᠲᠡ᠂ ᠰᠢᠨ᠎ᠡ ᠡᠨᠧᠷᠭᠢ ᠶᠢᠨ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠯᠭᠠᠨ ᠪᠠᠶᠢᠴᠠᠭᠠᠵᠤ ᠰᠢᠯᠭᠠᠨ ᠬᠡᠮᠵᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠤᠷᠳᠤᠰ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ ᠤᠷᠳᠤᠰ ᠤᠨ ᠲᠤᠷᠰᠢᠯᠲᠠ ᠶᠢᠨ ᠲᠠᠰᠤᠭ ᠤᠨ ᠲᠦᠷᠦᠯ ᠵᠦᠢᠯ ᠤᠨ ᠠᠬᠤᠢ ᠲᠠᠯᠠᠪᠠᠢ ᠳᠤ᠂ ᠳ᠋ᠦ᠋ ᠬᠤᠢ ᠯᠢᠶᠠᠩ ᠲᠦᠷᠦᠯ ᠵᠦᠢᠯ ᠤᠨ ᠵᠢᠷᠤᠭ ᠲᠦᠯᠦᠪᠯᠡᠭᠡ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃        ᠲᠡᠷᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠬᠦᠭᠵᠢᠭᠦᠯᠤᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠣᠷᠳᠣᠰ ᠬᠤᠲᠠ ᠶᠢᠨ ︽ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠵᠠᠮ ᠭᠠᠷᠭᠠᠬᠤ︾ ᠲᠤᠬᠠᠶ ᠥᠪᠡᠷᠲᠡᠭᠡᠨ ᠵᠠᠰᠠᠬᠤ ᠣᠷᠣᠨ ᠤ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠳᠥᠷᠪᠡ︾ ᠶᠢᠨ ᠬᠠᠷᠠᠯᠲᠠᠲᠤ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠤᠨ᠂ ᠰᠢᠨ᠎ᠡ ᠶᠢ ᠡᠭᠦᠳᠬᠦ ᠶᠢᠨ ᠬᠦᠳᠦᠯᠤᠨ ᠳᠠᠭᠠᠭᠤᠯᠬᠤ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠠᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ ᠶᠢ ᠬᠦᠴᠦᠯᠡᠨ ᠡᠬᠦᠳᠬᠦ ᠬᠡᠷᠡᠭᠲᠠᠢ᠃ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠲᠠᠪᠴᠠᠩ ᠢ ᠬᠦᠴᠦᠯᠡᠨ ᠪᠠᠶᠢᠭᠤᠯᠵᠤ᠂ ᠰᠢᠨ᠎ᠡ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ︽ᠴᠢᠳᠠᠪᠤᠷᠢᠲᠠᠨ ᠤ ᠣᠷᠳᠣᠰ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠳᠡᠭᠡᠳᠦ ᠲᠠᠰ ᠤᠨ ᠴᠢᠳᠠᠪᠤᠷᠢᠲᠠᠨ ᠢ ᠲᠡᠳᠡᠨ ᠠᠪᠴᠢᠷᠠᠵᠤ᠂ ᠣᠯᠠᠨ ᠵᠦᠢᠯ ᠤᠨ ᠠᠷᠭ᠎ᠠ ᠪᠠᠷᠢᠯ ᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠦᠯᠡᠳᠡᠭᠡᠬᠦ᠂ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠠᠮᠤᠷ ᠲᠦᠪᠰᠢᠨ ᠪᠠ ᠶᠠᠰᠦ ᠴᠢᠨᠠᠷ ᠢ ᠪᠠᠲᠤᠯᠠᠭᠰᠠᠨ ᠤᠷᠢᠲᠠᠯ ᠲᠤᠤᠷ᠎ᠠ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ᠂ ᠪᠥᠬᠦ ᠬᠦᠴᠦᠨ ᠢᠶᠠᠷ ᠢᠶᠠᠨ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ