ᠳᠠᠯᠠᠳ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠬᠦᠯᠤᠯᠳᠠ ᠶᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/12/5
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠤᠶᠢᠷ᠎ᠠ ᠶᠢᠨ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠬᠦᠯᠤᠯᠳᠠ ᠶᠢᠨ ᠬᠤᠷᠠᠯ ᠬᠢᠶ᠎ᠠ ᠪᠠᠭᠰᠢ ᠲᠤᠭᠤᠷᠢᠭ ᠲᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ ᠤᠬᠠᠭᠤᠯᠤᠨ ᠲᠠᠶᠢᠯᠪᠤᠷᠢᠯᠠᠬᠤ ᠮᠡᠳᠡᠬᠦᠯᠤᠯᠳᠠ ᠬᠢᠵᠡᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠵᠠᠶ᠃      ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠬᠤᠳᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠬᠤᠷᠢᠶᠠᠨ ᠲᠠᠷᠤᠭ᠎ᠠ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠬᠤᠷᠠᠯ ᠳᠤ ᠣᠷᠣᠯᠴᠠᠪᠠ᠃      ᠵᠧᠦ ᠺᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠶᠢᠨ ᠲᠣᠭᠤᠷᠢᠨ ᠳᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠬᠤ ᠵᠢᠴᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠤᠬᠠᠢ ᠲᠠᠶᠢᠯᠪᠤᠷᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠲᠣᠭᠲᠠᠭᠠᠯ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠂ ᠥᠪᠥᠷ ᠮᠣᠩᠭᠤᠯ ᠤᠨ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠨ᠂ ᠤᠬᠠᠭᠤᠯᠤᠨ ᠲᠠᠶᠢᠯᠪᠤᠷᠢᠯᠠᠬᠤ ᠮᠡᠳᠡᠬᠦᠯᠤᠯᠳᠠ ᠶᠢᠨ ᠭᠤᠣᠯ ᠰᠡᠳᠦᠪ ᠢᠯᠡ ᠲᠣᠳᠣ᠂ ᠭᠤᠣᠯᠳᠠᠯᠭ᠎ᠠ ᠶᠢ ᠲᠤᠪᠤᠶᠢᠯᠭᠠᠵᠤ ᠤᠶᠠᠯᠳᠤᠭᠤᠯᠤᠨ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠰᠠᠶᠢᠳᠤᠷ ᠣᠶᠢᠯᠠᠭᠠᠬᠤ ᠳᠤ ᠮᠠᠰᠢ ᠶᠡᠭᠡ ᠬᠠᠪᠰᠤᠷᠤᠮᠵᠢ ᠪᠣᠯᠵᠠᠢ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠦᠵᠡᠵᠡᠭᠡᠪᠡ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠭᠦᠨᠵᠡᠭᠡᠢ ᠪᠣᠳᠠᠲᠠᠶᠢᠵᠢᠭᠤᠯᠵᠤ᠂ ᠦᠵᠡᠯ ᠰᠠᠨᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠭᠡᠨ᠂ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠲᠦᠷᠦᠯ ᠤᠨ ᠡᠭᠦᠷᠭᠡ ᠳᠡᠭᠡᠷ᠎ᠡ ᠨᠢᠭᠲᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠷᠳᠤᠰ ᠲᠤ ᠨᠠᠷᠢᠨ ᠨᠠᠶᠢᠳᠠᠪᠤᠷᠢᠵᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠦ ᠢᠯᠡᠳᠭᠡᠵᠡᠭᠡᠪᠡ᠃      ᠯᠢ ᠯᠢ ᠮᠡᠳᠡᠬᠦᠯᠤᠯᠳᠠ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠯ᠎ᠠ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠤᠷᠤᠯᠴᠠᠯᠭ᠎ᠠ ᠪᠣᠯᠪᠠᠰᠤᠷᠠᠯ ᠪᠣᠯᠤᠨ ᠤᠬᠠᠭᠤᠯᠤᠨ ᠲᠠᠶᠢᠯᠪᠤᠷᠢᠯᠠᠬᠤ ᠶᠢᠨ ᠬᠠᠨᠳᠤᠯᠭᠠᠲᠤ ᠴᠢᠨᠠᠷ᠂ ᠦᠷ᠎ᠡ ᠪᠦᠳᠦᠮᠵᠢᠳᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠤᠨ ᠲᠤᠬᠠᠢ ᠣᠶᠢᠯᠠᠭᠠᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠨᠡᠪᠳᠡᠷᠡᠳᠡᠯ᠎ᠠ ᠣᠶᠢᠯᠠᠭᠠᠵᠤ ᠦᠢᠯᠡᠳᠦᠯᠭᠡᠵᠢᠭᠦᠯᠬᠦ ᠲᠡᠭᠡᠷ᠎ᠠ ᠬᠦᠴᠤ ᠲᠠᠯᠪᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ᠡᠨᠡ ᠵᠢᠯ ᠤᠨ ᠠᠵᠢᠯ ᠢ ᠰᠠᠶᠢᠲᠤᠷ ᠬᠢᠬᠦ᠂ ᠢᠷᠡᠬᠦ ᠵᠢᠯ ᠤᠨ ᠬᠥᠭᠵᠢᠯᠲᠡ ᠶᠢ ᠲᠦᠯᠤᠪᠵᠢᠬᠦᠯᠬᠦ ᠲᠠᠢ ᠤᠶᠠᠯᠳᠤᠭᠤᠯᠤᠨ᠂ ᠪᠦᠯᠬᠦᠮᠳᠡᠨ ᠲᠡᠮᠡᠴᠡᠬᠦ᠂ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ ᠪᠣᠳᠠᠲᠤ ᠠᠵᠢᠯᠯᠠᠭ᠎ᠠ ᠶᠢ ᠦᠵᠡᠵᠦ ᠦᠷ᠎ᠡ ᠪᠦᠲᠦᠮᠵᠢ ᠭᠠᠷᠭᠠᠬᠤ ᠳᠡᠭᠡᠷ᠎ᠡ ᠬᠦᠴᠦ ᠲᠠᠯᠪᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠭᠤᠷᠪᠠᠨ ᠲᠦᠷᠪᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ ᠪᠤᠯᠵᠤ᠂ ᠳᠤᠮᠳᠠᠳᠤ ᠤᠯᠤᠰ ᠤᠨ ᠮᠠᠶ᠋ᠢ ᠤᠨ ᠣᠳᠣᠬᠢᠴᠢᠯᠠᠯᠲᠠ ᠶᠢ ᠠᠬᠢᠭᠤᠯᠬᠤ ᠳᠤ ᠤᠷᠳᠤᠰ ᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠪᠡ᠃        ᠮᠡᠳᠡᠬᠦᠯᠤᠯᠳᠠ ᠶᠢᠨ ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠭᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠰᠢᠦ ᠯᠢᠩ᠂ ᠸᠠᠩ ᠰᠢᠶᠤᠤ ᠫᠢᠩ᠂ ᠳ᠋ᠦ᠋ ᠵᠢᠶᠠᠨ ᠶᠦᠩ᠂ ᠯᠢᠦ ᠶᠦᠩ ᠹᠦ᠋᠂ ᠶᠦᠨ ᠰᠢᠶᠤᠤ ᠫᠢᠩ᠂ ᠰᠤ᠋ ᡁᠢ ᠰᠢᠶᠦ᠋ᠩ᠂ ᠳ᠋ᠦ᠋ ᠰᠢᠶᠤᠤ ᠶᠠᠨ᠂ ᠱᠠᠩ ᠵᠧᠨ ᠹᠸᠢ᠂ ᠶᠠᠩ ᠯᠢ ᠫᠧᠩ᠂ ᠶᠠᠩ ᠳ᠋ᠦᠩ ᠨᠠᠷ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃        
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ