| 11 ᠰᠠᠷ᠎ᠠ ᠶᠢᠨ 17 ᠤ ᠡᠳᠦᠷ᠂ ᠸᠠᠩ ᠤᠨ ᠵᠤᠤ ᠪᠠᠯᠭᠠᠰᠤ ᠭᠠᠷᠠᠭ ᠤᠨ ᠳᠥᠷᠪᠡᠨ ᠤ ᠰᠤᠷᠤᠯᠴᠠᠯᠭ᠎ᠠ ᠶᠢᠨ ᠬᠢᠴᠢᠶᠡᠯ ᠤᠨ ᠲᠢᠩᠬᠢᠮ ᠤᠨ ᠬᠤᠷᠠᠯ ᠬᠤᠷᠠᠯᠳᠤᠵᠦ | ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭᠠᠨ ᠤ ᠠᠯᠪᠠᠨ ᠬᠡᠷ ᠤᠨ ᠡᠷᠬᠢᠯᠡᠭᠴᠢ᠂ ᠲᠣᠰᠬᠤᠨ ᠤ ︽ᠬᠤᠶᠠᠷ ᠵᠥᠪᠯᠡᠯ︾ ᠤᠨ ᠪᠥᠬᠦ | ᠭᠡᠰᠢᠭᠦᠳ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠠᠨ ᠰᠢᠶᠤᠤ ᠪᠥᠸᠧ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠪᠠᠯᠭᠠᠰᠤ ᠲᠣᠰᠬᠤᠨ ᠬᠤᠶᠠᠷ ᠱᠠᠲᠤᠨ ᠤ | ᠺᠠᠳ᠋ᠷᠴᠤᠳ ᠲᠤ ᠨᠢᠭᠡᠳᠦᠭᠡᠷ ᠬᠢᠴᠢᠶᠡᠯ ᠤᠷᠤᠪᠠ᠃ | | | ᠬᠤᠷᠠᠯ ᠳᠡᠭᠡᠷ᠎ᠡ᠂ ᠬᠠᠨ ᠰᠢᠶᠤᠤ ᠪᠥᠸᠧ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠭᠤᠣᠯ ᠠᠭᠤᠯᠭ᠎ᠠ᠂ ᠴᠢᠬᠤᠯᠠ ᠳᠤᠷᠠᠳᠤᠯᠭ᠎ᠠ ᠪᠣᠯᠤᠨ | ᠭᠤᠤᠯ ᠱᠠᠭᠠᠷᠳᠠᠯᠭ᠎ᠠ ᠶᠢᠨ ᠲᠤᠬᠠᠢ ᠲᠠᠶᠢᠯᠤᠮᠵᠢ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ | ᠂ ᠬᠤᠳᠠ ᠬᠥᠳᠡᠭᠡ ᠶᠢᠨ ᠠᠭᠤᠰᠤᠯᠴᠠᠯ ᠵᠡᠷᠭᠡ ᠠᠭᠤᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠪᠠᠯᠭᠠᠰᠤ ᠪᠠᠷ ᠢᠶᠠᠨ ᠤᠭ ᠵᠣᠬᠢᠶᠠᠯ ᠢ ᠰᠤᠷᠤᠯᠴᠠᠵᠦ᠂ | ᠤᠭ ᠶᠣᠰᠣ ᠶᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠬᠦ | ᠬᠡᠷᠡᠭᠲᠡᠢ ᠭᠡᠵᠦ ᠱᠠᠭᠠᠷᠳᠠᠵᠠᠢ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠯ ᠲᠠᠢ ᠸᠠᠩ ᠤᠨ | ᠵᠣᠣ︾ ᠶᠢᠨ ᠶᠡᠷᠦᠩᠬᠡᠶ ᠬᠠᠷᠠᠯᠲᠠ ᠶᠢᠨ ᠲᠣᠭᠤᠷᠢᠨ ᠳᠤ ᠮᠠᠨ ᠤ ᠪᠠᠯᠭᠠᠰᠤᠨ ᠤ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠲᠣᠳᠣᠷᠬᠠᠶᠢᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠨᠠᠮ ᠤᠨ | ᠪᠠᠶᠢᠭᠤᠯᠤᠯᠲᠠ + ᠬᠤᠪᠢ ᠬᠤᠷᠠᠮᠳᠤᠭᠤᠯᠬᠤ ᠲᠦᠷᠢᠮ︾ ᠢ ᠳᠡᠯᠭᠡᠷᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ | ᠪᠠᠶᠢᠷᠢᠯᠠᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠢ ᠬᠥᠭᠵᠢᠯᠲᠡ ᠶᠢᠨ ᠤᠬᠠᠮᠰᠠᠷ᠂ ᠬᠤᠪᠢ ᠨᠡᠮᠡᠷᠢ ᠦᠵᠡᠭᠦᠯᠬᠦ ᠤᠬᠠᠮᠰᠠᠷ᠂ ᠪᠦᠬᠦ ᠲᠠᠯ᠎ᠠ | ᠶᠢᠨ ᠤᠬᠠᠮᠰᠠᠷ᠂ ᠪᠦᠯᠬᠦᠮᠳᠡᠯ ᠤᠨ ᠤᠬᠠᠮᠰᠠᠷ᠂ ᠠᠷᠢᠭᠤᠨ ᠴᠢᠬᠡᠴᠢ ᠶᠢᠨ ᠤᠬᠠᠮᠰᠠᠷ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ | ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠤ ᠣᠷᠣᠯᠴᠠᠭᠰᠠᠨ ᠬᠥᠮᠦᠰ ᠶᠡᠬᠡᠳᠡ ᠵᠣᠷᠢᠭᠵᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ | ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠬᠤ ᠶᠢᠨ ᠬᠠᠮᠲᠤ ᠬᠤᠪᠢ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠪᠠᠯᠭᠠᠰᠤᠨ ᠤ ᠨᠠᠮ ᠤᠨ | ᠬᠤᠷᠢᠶᠠᠨ ᠤ ᠠᠯᠬᠤᠮ ᠢ ᠴᠠᠭ ᠢᠮᠠᠭᠳᠠ ᠳᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠵᠠᠮ ᠳᠡᠭᠡᠷ᠎ᠡ ᠠᠮᠵᠢᠯᠲᠠ ᠪᠦᠲᠦᠮᠵᠢ ᠭᠠᠷᠭᠠᠨ᠎ᠠ ᠭᠡᠵᠦ | ᠢᠯᠡᠳᠬᠡᠵᠡᠭᠡᠪᠡ᠃ | | |