ᠸᠠᠩ ᠤᠨ ᠵᠣᠣ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2022/12/5
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨ ᠤ ᠪᠠᠯᠭᠠᠰᠤᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠵᠠᠢ᠃

6.jpg

   

    ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳᠦᠭᠡᠷ ᠹᠷᠣᠨᠲ ᠲᠤ ᠬᠦᠷᠴᠦ

ᠵᠢᠯᠣᠭᠤᠳᠴᠤ᠂ ᠲᠣᠰᠬᠤᠨ ᠳᠤ ᠬᠦᠷᠴᠦ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ

ᠪᠠᠶᠢᠭ᠎ᠠ ᠪᠠᠶᠢᠳᠠᠯ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯ ᠤᠨ ᠪᠠᠶᠢᠳᠠᠯ ᠵᠡᠷᠭᠡ ᠢ ᠪᠠᠶᠢᠴᠠᠭᠠᠪᠠ᠃

8.jpg

  

     ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠲᠢᠶᠠᠨ ᠶᠠᠨ ᠹᠧᠩ᠂ ᠵᠠᠰᠠᠭ ᠤᠨ ᠣᠷᠳᠣᠨ ᠤ ᠪᠠᠯᠭᠠᠰᠤᠨ ᠤ ᠳᠡᠳ᠋

ᠳᠠᠷᠤᠭ᠎ᠠ ᠯᠢᠦ ᠵᠢᠶᠠ ᠪᠦᠯᠬᠦᠮ ᠳᠠᠭᠠᠭᠤᠯᠤᠨ ᠡᠯ᠎ᠡ ᠲᠣᠰᠬᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃

    ᠭᠤᠣᠯᠳᠠᠯᠭ᠎ᠠ ᠲᠠᠢ ᠬᠠᠮᠢᠶᠠᠷᠤᠯᠲᠠ ᠢ ᠴᠢᠩᠭᠠᠳᠬᠠᠨ᠎ᠠ᠃ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠨᠤᠲᠤᠭ ᠲᠠᠭᠠᠨ ᠪᠤᠴᠠᠭᠰᠠᠳ ᠢ ᠴᠢᠩᠭ᠎ᠠ ᠨᠢᠮᠪᠠᠶ

ᠵᠢᠭᠰᠠᠭᠠᠨ ᠪᠠᠶᠢᠴᠠᠭᠠᠵᠤ᠂ ᠭᠤᠤᠯᠳᠠᠯᠭ᠎ᠠ ᠲᠠᠢ ᠬᠥᠮᠦᠰ ᠲᠤ ᠲᠥᠪᠯᠡᠷᠡᠭᠦᠯᠦᠨ ᠲᠤᠰᠠᠭᠠᠷᠯᠠᠬᠤ᠂ ᠬᠡᠷ ᠲᠤᠨᠢ ᠲᠤᠰᠠᠭᠠᠷᠯᠠᠭᠤᠯᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ

ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠳᠦᠷᠭᠡᠨ ᠬᠤᠷᠳᠤᠴᠠᠳᠤ ᠵᠠᠮ ᠤᠨ ᠠᠭᠤᠯᠵᠠᠷ ᠤᠨ ᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃

    ᠡᠯ᠎ᠡ ᠲᠣᠰᠬᠤᠨ ᠤ ᠬᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠨᠤᠲᠤᠭ ᠲᠠᠭᠠᠨ ᠪᠤᠴᠠᠭᠰᠠᠳ ᠢ ᠵᠢᠭᠰᠠᠭᠠᠨ ᠪᠠᠶᠢᠴᠠᠭᠠᠵᠤ ᠪᠣᠶ

    ᠡᠯ᠎ᠡ ᠲᠣᠰᠬᠤᠨ ᠤ ᠬᠢᠨ ᠭᠡᠷ ᠲᠡᠭᠡᠨ ᠰᠠᠭᠤᠵᠤ ᠪᠠᠶᠢᠭ᠎ᠠ ᠬᠥᠮᠦᠰ ᠲᠤ ᠪᠢᠲᠡᠭᠦᠮᠵᠢᠯᠡᠬᠦ ᠬᠠᠭᠤᠳᠠᠰᠤ ᠨᠠᠭᠠᠵᠤ ᠪᠠᠶᠢᠭ᠎ᠠ

    ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠬᠡᠷ ᠲᠤᠨᠢ ᠬᠦᠷᠴᠦ ᠲᠤᠰᠠᠭᠠᠷᠯᠠᠭᠰᠠᠳ ᠲᠤ ᠪᠥᠭᠡᠮ ᠬᠦᠴᠢᠯ ᠤᠨ ᠪᠠᠶᠢᠴᠠᠭᠠᠯᠳᠠ ᠬᠢᠵᠦ ᠪᠠᠶᠢᠭ᠎ᠠ

    G65 ᠪᠦᠦ ᠮᠤᠤ  ᠦᠨᠳᠦᠷ ᠬᠤᠷᠳᠤᠴᠠᠳᠤ ᠵᠠᠰᠠᠮᠠᠯ ᠵᠠᠮ ᠤᠨ ᠰᠢᠨ ᠮᠢᠨ ᠪᠦᠦ ᠰᠦᠢᠳᠬᠡᠯ ᠬᠤᠷᠢᠶᠠᠬᠤ ᠥᠷᠲᠡᠭᠡᠨ ᠤ ᠴᠡᠭ ᠤᠨ ᠵᠢᠵᠢᠭᠦᠷᠯᠡᠭᠴᠢ ᠠᠵᠢᠯ ᠤᠨ

ᠪᠠᠶᠢᠷᠢ ᠪᠠᠨ ᠪᠠᠳᠤ ᠰᠠᠬᠢᠵᠦ ᠪᠠᠶᠢᠭ᠎ᠠ

   ᠲᠦᠭᠰᠢᠭᠦᠷᠢ ᠶᠢ ᠡᠵᠡᠮᠳᠡᠬᠦ ᠶᠢ ᠴᠢᠩᠭᠠᠳᠬᠠᠨ᠎ᠠ᠃ ᠨᠢᠭᠡ ᠪᠦᠯᠦᠭ ᠠᠷᠠᠳ ᠲᠦᠮᠡᠨ ᠰᠠᠶᠢᠨ ᠳᠤᠷ᠎ᠠ ᠠᠴᠠ ᠪᠠᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ

ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠮᠠᠨ ᠤ ᠪᠠᠯᠭᠠᠰᠤ ᠲᠡᠷᠡ ᠳᠠᠷᠤᠶ ᠳᠤᠨᠢ ᠨᠠᠮ ᠤᠨ ᠭᠡᠰᠢᠭᠦᠨ ᠺᠠᠳ᠋ᠷ᠂ ᠲᠣᠰᠬᠤᠨ ᠤ ︽ᠬᠤᠶᠠᠷ ᠵᠥᠪᠯᠡᠯ︾ ᠤᠨ

ᠪᠦᠷᠢᠯᠳᠦᠬᠦᠨ ᠢ ᠵᠣᠬᠢᠶᠠᠨ ᠪᠠᠶᠢᠭᠤᠯᠵᠤ ᠲᠤᠬᠠᠶ ᠶᠢᠨ ᠲᠠᠯᠠᠪᠤᠷ ᠲᠤ ᠣᠴᠢᠭᠤᠯᠤᠨ ᠡᠮᠬᠢ ᠵᠢᠷᠤᠮ ᠢ ᠬᠠᠮᠠᠭᠠᠯᠠᠵᠤ᠂ ᠬᠥᠮᠦᠨ ᠤ ᠴᠤᠭᠯᠠᠷᠠᠯ ᠠᠴᠠ ᠪᠣᠯᠤᠭᠰᠠᠨ

ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠠᠴᠠ ᠵᠠᠶᠢᠯᠠᠰᠬᠢᠪᠡ᠃

    ᠲᠣᠰᠬᠤᠨ ᠤ ᠠᠷᠠᠳ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠤᠬᠠᠭᠤᠯᠤᠨ

ᠬᠦᠳᠡᠯᠦᠯᠴᠡᠬᠦ ᠪᠠᠨ ᠴᠢᠩᠭᠠᠳᠬᠠᠵᠦ ᠪᠠᠶᠢᠨ᠎ᠠ᠃ ᠸᠢᠴᠠᠲ ᠤᠨ ᠴᠤᠭᠯᠠᠷᠠᠯ᠂ ᠸᠢᠴᠠᠲ ᠤᠨ ᠨᠡᠶᠢᠲᠡ ᠶᠢᠨ ᠳ᠋ᠤᠭᠠᠷ᠂ ᠨᠡᠭᠦᠳᠡᠯ ᠤᠬᠠᠭᠤᠯᠭ᠎ᠠ ᠶᠢᠨ ᠲᠡᠷᠭᠡ ᠵᠡᠷᠭᠡ

ᠵᠠᠭᠤᠴᠢᠯᠠᠭᠤᠷ ᠢᠶᠠᠷ ᠳᠠᠮᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ

ᠥᠷᠭᠡᠨ ᠢᠶᠠᠷ ᠨᠡᠶᠢᠲᠡᠯᠡᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠡᠷᠭᠡᠶᠢᠯᠡᠨ ᠡᠵᠡᠮᠳᠡᠬᠦ

ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ