ᠵᠠᠩ ᠳ᠋ᠦᠩ ᠯᠢᠶᠠᠩ
ᠨᠡᠶᠢᠲᠡᠯᠡᠭᠰᠡᠨ ᠴᠠᠭ᠄
2022/12/5
    

张栋梁.jpg

 

       ᠬᠤᠪᠢᠳᠠᠨ ᠬᠠᠮᠢᠶᠠᠷᠬᠤ ᠠᠵᠢᠯ

       ᠬᠤᠰᠢᠭᠤ ᠳᠠᠷᠤᠭ᠎ᠠ ᠶᠢ ᠬᠠᠪᠰᠤᠷᠤᠨ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠶ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ

ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠲᠠᠷᠢᠶᠠᠯᠠᠩ ᠮᠠᠯ ᠠᠵᠤ ᠠᠬᠤᠶ ᠶᠢᠨ

ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ ᠶᠢ ᠬᠤᠪᠢᠳᠠᠨ ᠬᠠᠮᠢᠶᠠᠷᠴᠤ᠂ ᠣᠶ

ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ

ᠲᠡᠭᠡᠭᠡᠪᠦᠷᠢ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ

ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠲᠥᠪ᠂ ᠭᠤᠸᠠᠩ ᠬᠤᠶ ᠤᠰᠤᠨ ᠤ ᠶᠠᠪᠤᠳᠠᠯ ᠤᠨ ᠪᠠᠯᠠ

ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠮᠧᠩ ᠾᠧ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ

ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂几ᠦᠰᠦᠭᠲᠦ ᠪᠤᠯᠤᠩ ᠤᠨ ᠠᠷᠠᠯᠵᠢᠶ᠎ᠠ ᠬᠤᠳᠠᠯᠳᠤᠭᠠᠨ ᠤ

ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠬᠢᠵᠠᠭᠠᠷᠲᠤ

ᠬᠠᠷᠢᠭᠤᠴᠠᠯᠭᠠᠲᠤ ᠺᠣᠮᠫᠠᠨᠢ᠂ ᠲᠤᠩ ᠳ᠋ᠡ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ

᠃ ᠣᠷᠳᠣᠰ ᠬᠤᠲᠠ ᠶᠢᠨ ᠣᠶᠢᠵᠢᠭᠤᠯᠬᠤ ᠶᠡᠷᠦᠩᠬᠡᠶ ᠲᠠᠯᠠᠪᠤᠷ᠂ ᠴᠠᠭ ᠠᠭᠤᠷ ᠤᠨ ᠲᠣᠪᠴᠢᠶ᠎ᠠ᠂ ᠣᠷᠳᠣᠰ

ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ

ᠰᠠᠯᠪᠤᠷᠢ ᠠᠩᠭᠢ ᠶᠢᠨ ᠳᠠᠯᠠᠳ ᠬᠤᠰᠢᠭᠤᠨ ᠤ ᠶᠡᠭᠡ ᠠᠩᠭᠢ᠂ ᠣᠷᠳᠣᠰ ᠬᠤᠲᠠ ᠶᠢᠨ ᠵᠠᠮ ᠬᠠᠷᠢᠯᠴᠠᠭ᠎ᠠ

ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠳᠠᠯᠠᠳ ᠬᠤᠰᠢᠭᠤᠨ ᠤ ᠬᠤᠪᠢᠶᠠᠷᠢ ᠲᠥᠪ᠂ ᠣᠷᠳᠣᠰ ᠬᠤᠲᠠ ᠶᠢᠨ

ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠯᠠᠳ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ

ᠠᠵᠢᠯ ᠤᠨ ᠲᠣᠭᠤᠷᠢᠭ ᠲᠠᠢ ᠬᠠᠷᠢᠯᠴᠠᠨ᠎ᠠ᠃

      ᠳᠦᠭᠦᠮ ᠨᠠᠮᠲᠠᠷ

      ᠵᠠᠩ ᠳ᠋ᠦᠩ ᠯᠢᠶᠠᠩ᠂ ᠡᠷᠡᠭᠲᠡᠶ᠂ ᠬᠢᠲᠠᠳ ᠦᠨᠳᠦᠰᠦᠲᠡᠨ᠂ 1979 ᠣᠨ ᠤ 12 ᠰᠠᠷ᠎ᠠ ᠳᠤ ᠲᠦᠷᠦᠵᠠᠢ᠂

1999 ᠣᠨ ᠤ 8 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠭᠡᠰᠢᠭᠦᠨ᠂ ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠳᠤ ᠥᠪᠥᠷ

ᠮᠣᠩᠭᠤᠯ ᠤᠨ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ᠂

ᠱᠠᠭᠵᠠᠮᠤᠨᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠤᠢ᠃

      1995.09 — 1999.07    ᠤᠤᠯ ᠤᠨ ᠶᠡᠭᠡ ᠵᠤᠤ ᠠᠶᠢᠮᠠᠭ ᠤᠨ ᠠᠵᠤ ᠦᠢᠯᠡᠳᠪᠦᠷᠢ ᠶᠢᠨ

ᠰᠤᠷᠭᠠᠭᠤᠯᠢ ᠶᠢᠨ ᠠᠭᠤᠷᠬᠠᠢ ᠶᠢᠨ ᠮᠠᠰᠢᠨ ᠴᠠᠬᠢᠯᠭᠠᠨ ᠤ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ

      1999.07 — 1999.08     ᠠᠵᠢᠯ ᠬᠤᠪᠢᠶᠠᠷᠢᠯᠠᠬᠤ ᠢ ᠬᠦᠯᠢᠶᠡᠵᠦ ᠪᠠᠶᠢᠵᠠᠢ᠃

      1999.08 — 2003.08   ᠥᠪᠥᠷ ᠮᠣᠩᠭᠤᠯ ᠤᠨ ᠳᠠᠯᠠᠳ ᠬᠤᠰᠢᠭᠤᠨ ᠤ ᠤᠤᠯ ᠤᠨ ᠵᠢᠶᠧ

ᠹᠠᠩ ᠲᠠᠩ ᠪᠠᠯᠭᠠᠰᠤᠨ ᠤ ᠠᠵᠢᠯᠲᠠᠨ ᠪᠠᠶᠢᠵᠠᠢ᠃ ᠡᠨᠡ ᠬᠤᠭᠤᠴᠠᠭᠠᠨ ᠳᠤ᠄ 2001.06  ᠰᠠᠷ᠎ᠠ ᠳᠤ ᠳᠤᠮᠳᠠᠳᠤ

ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢᠴᠢ ᠶᠢᠨ ᠲᠤᠰᠬᠠᠢ

ᠮᠡᠷᠭᠡᠵᠢᠯ ᠤᠨ ᠠᠩᠭᠢ ᠠᠴᠠ ᠳᠡᠭᠦᠰᠴᠡᠢ᠃

      2003.08 — 2005.12    ᠥᠪᠥᠷ ᠮᠣᠩᠭᠤᠯ ᠤᠨ ᠳᠠᠯᠠᠳ ᠬᠤᠰᠢᠭᠤᠨ ᠤ ᠨᠠᠮ ᠤᠨ

ᠬᠤᠷᠢᠶᠠᠨ ᠤ ᠠᠯᠪᠠᠨ ᠬᠡᠷ ᠤᠨ ᠠᠵᠢᠯᠲᠠᠨ ᠪᠠᠶᠢᠵᠠᠢ᠃

      2005.12 — 2008.09    ᠥᠪᠥᠷ ᠮᠣᠩᠭᠤᠯ ᠤᠨ ᠳᠠᠯᠠᠳ ᠬᠤᠰᠢᠭᠤᠨ ᠤ ᠨᠠᠮ ᠤᠨ

ᠬᠤᠷᠢᠶᠠᠨ ᠤ ᠠᠯᠪᠠᠨ ᠬᠡᠷ ᠤᠨ ᠳᠡᠳ᠋ ᠰᠠᠯᠠᠭᠠᠨ ᠳᠡᠰ ᠤᠨ ᠨᠠᠷᠢᠨ ᠪᠢᠴᠢᠭᠡᠴᠢ  ᠪᠠᠷ ᠠᠵᠢᠯᠯᠠᠵᠦ ᠪᠠᠶᠢᠵᠠᠢ᠃

      2008.09 — 2010.10    ᠥᠪᠥᠷ ᠮᠣᠩᠭᠤᠯ ᠤᠨ ᠳᠠᠯᠠᠳ ᠬᠤᠰᠢᠭᠤᠨ ᠤ ᠨᠠᠮ ᠤᠨ

ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ᠪᠠᠷ ᠠᠵᠢᠯᠯᠠᠵᠦ ᠪᠠᠶᠢᠵᠠᠢ᠃

      2010.10 — 2011.08   ᠥᠪᠥᠷ ᠮᠣᠩᠭᠤᠯ ᠤᠨ ᠳᠠᠯᠠᠳ ᠬᠤᠰᠢᠭᠤᠨ ᠤ ᠨᠠᠮ ᠤᠨ ᠬᠤᠷᠢᠶᠠᠨ ᠤ

ᠠᠯᠪᠠᠨ ᠬᠡᠷ ᠤᠨ ᠡᠷᠬᠢᠯᠡᠭᠴᠢ ᠭᠡᠰᠢᠭᠦᠴᠢ ᠪᠠᠷ ᠠᠵᠢᠯᠯᠠᠵᠦ ᠪᠠᠶᠢᠵᠠᠢ᠃ ᠡᠨᠡ ᠬᠤᠭᠤᠴᠠᠭᠠᠨ ᠳᠤ᠄ 2008.09

— 2010.12 ᠰᠠᠷ᠎ᠠ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠤᠨ ᠵᠠᠬᠢᠳᠠᠯ ᠢᠶᠠᠷ ᠰᠤᠷᠤᠯᠴᠠᠬᠤ

ᠳᠡᠭᠡᠳᠦ ᠰᠤᠷᠭᠠᠭᠤᠯᠢ ᠶᠢᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠦ

ᠪᠠᠶᠢᠵᠠᠢ᠃

      2011.08 — 2012.12   ᠥᠪᠥᠷ ᠮᠣᠩᠭᠤᠯ ᠤᠨ ᠳᠠᠯᠠᠳ ᠬᠤᠰᠢᠭᠤᠨ ᠤ ᠨᠠᠮ ᠤᠨ ᠬᠤᠷᠢᠶᠠᠨ ᠤ

ᠠᠯᠪᠠᠨ ᠬᠡᠷ ᠤᠨ ᠡᠷᠬᠢᠯᠡᠭᠴᠢ ᠭᠡᠰᠢᠭᠦᠴᠢ᠂ ᠬᠤᠰᠢᠭᠤᠨ ᠤ ᠨᠠᠮ ᠤᠨ ᠬᠤᠷᠢᠶᠠᠨ ᠤ ᠰᠡᠷᠭᠡᠶᠢᠯᠡᠯᠲᠡ ᠶᠢᠨ ᠠᠯᠪᠠᠨ

ᠬᠡᠷ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ᠃

      2012.12 — 2017.10   ᠥᠪᠥᠷ ᠮᠣᠩᠭᠤᠯ ᠤᠨ ᠳᠠᠯᠠᠳ ᠬᠤᠰᠢᠭᠤᠨ ᠤ ᠱᠠᠭᠵᠠᠮᠤᠨᠢ

ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠪᠠᠷ

ᠠᠵᠢᠯᠯᠠᠵᠦ ᠪᠠᠶᠢᠵᠠᠢ᠃

      2017.10 — 2020.01   ᠥᠪᠥᠷ ᠮᠣᠩᠭᠤᠯ ᠤᠨ ᠳᠠᠯᠠᠳ ᠬᠤᠰᠢᠭᠤᠨ ᠤ ᠱᠠᠭᠵᠠᠮᠤᠨᠢ

ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠱᠦᠵᠢ ᠪᠠᠷ ᠠᠵᠢᠯᠯᠠᠵᠦ ᠪᠠᠶᠢᠵᠠᠢ᠂ ᠡᠨᠡ ᠬᠤᠭᠤᠴᠠᠭᠠᠨ ᠳᠤ᠄

2015.09 — 2018.07 ᠰᠠᠷ᠎ᠠ ᠳᠤ  ᠲᠥᠪ ᠤᠨ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ᠃

      2020.01 — 2021.03    ᠥᠪᠥᠷ ᠮᠣᠩᠭᠤᠯ ᠤᠨ ᠳᠠᠯᠠᠳ ᠬᠤᠰᠢᠭᠤᠨ ᠤ  ᠱᠠᠭᠵᠠᠮᠤᠨᠢ

ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠪᠠᠷ ᠠᠵᠢᠯᠯᠠᠵᠦ

ᠪᠠᠶᠢᠵᠠᠢ᠃

      2021.03 — 2022.03   ᠥᠪᠥᠷ ᠮᠣᠩᠭᠤᠯ ᠤᠨ ᠳᠠᠯᠠᠳ ᠬᠤᠰᠢᠭᠤᠨ ᠤ ᠱᠠᠭᠵᠠᠮᠤᠨᠢ 

ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ

ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠪᠠᠷ ᠠᠵᠢᠯᠯᠠᠵᠦ ᠪᠠᠶᠢᠵᠠᠢ᠃

      2022.03 — 2022.05   ᠥᠪᠥᠷ ᠮᠣᠩᠭᠤᠯ ᠤᠨ ᠳᠠᠯᠠᠳ ᠬᠤᠰᠢᠭᠤᠨ ᠤ ᠠᠷᠠᠳ ᠤᠨ

ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠤ ᠵᠢᠱᠢᠭᠳᠡᠭᠴᠢ᠂  ᠱᠠᠭᠵᠠᠮᠤᠨᠢ

ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠠᠷ ᠠᠵᠢᠯᠯᠠᠵᠦ ᠪᠠᠶᠢᠵᠠᠢ᠃

      2022.05 — ᠤᠳᠤ ᠪᠤᠯᠳᠠᠯ᠎ᠠ    ᠥᠪᠥᠷ ᠮᠣᠩᠭᠤᠯ ᠤᠨ ᠳᠠᠯᠠᠳ ᠬᠤᠰᠢᠭᠤᠨ ᠤ ᠠᠷᠠᠳ ᠤᠨ

ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠱᠠᠭᠵᠠᠮᠤᠨᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ

ᠠᠵᠢᠯᠯᠠᠵᠦ ᠪᠠᠶᠢᠨ᠎ᠠ᠃

  

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ